ᠰᠧ ᠳ᠋ᠣᠣ ᠸᠠᠨ ᠽᠢ ᠪᠠᠯᠭᠠᠰᠤᠨ ᠤ ᠲᠠᠯ᠎ᠠ ᠨᠤᠲᠤᠭ ᠤᠨ ᠨᠣᠮ ᠤᠨ ᠥᠷᠥᠭᠡ ᠨᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠵᠠᠮ ᠢ ᠥᠷᠭᠡᠳᠬᠡᠪᠡ
ᠨᠡᠶᠢᠲᠡᠯᠡᠭᠰᠡᠨ ᠴᠠᠭ᠄
2023/1/29
     ᠣᠳᠣᠬᠠᠨ ᠳᠤ ᠶᠠᠭ ᠬᠠᠪᠤᠷ ᠤᠨ ᠤᠯᠠᠷᠢᠯ ᠤᠨ ᠲᠠᠷᠢᠶᠠᠯᠠᠩ ᠤᠨ ᠰᠡᠯᠡᠭᠦᠦ ᠴᠠᠭ ᠪᠠᠶᠢᠵᠤ᠂ ᠰᠧ ᠳ᠋ᠣᠣ ᠸᠠᠨ ᠽᠢ ᠪᠠᠯᠭᠠᠰᠤᠨ ᠤ ᠦ᠋ ᠵᠢᠶᠠ ᠶᠢᠩᠽᠢ ᠲᠣᠰᠬᠤᠨ ᠤ ᠲᠠᠯ᠎ᠠ ᠨᠤᠲᠤᠭ ᠤᠨ ᠨᠣᠮ ᠤᠨ ᠦᠷᠦᠭᠡ ᠠᠴᠠ ᠨᠣᠮ ᠵᠢᠭᠡᠯᠡᠬᠦ ᠂ ᠨᠣᠮ ᠪᠢᠴᠢᠭ ᠦᠵᠡᠬᠦ ᠤᠯᠠᠨ ᠲᠦᠮᠡᠨ ᠲᠠᠰᠤᠷᠠᠯᠳᠡ ᠦᠭᠡᠢ ᠣᠯᠠᠰᠢᠷᠠᠵᠠᠢ᠃ ᠤᠩᠰᠢᠯᠭ᠎ᠠ ᠶᠢᠨ ᠲᠠᠰᠤᠭ ᠲᠤ᠂ ᠨᠣᠮ ᠵᠢᠭᠡᠯᠡᠵᠦ ᠪᠠᠶᠢᠭ᠎ᠠ ᠲᠠᠷᠢᠶᠠᠴᠢᠳ ᠵᠢᠭᠡᠯᠡᠵᠦ ᠠᠪᠴᠢᠷᠠᠭᠰᠠᠨ ᠨᠣᠮ ᠢᠶᠠᠨ ᠭᠠᠷ ᠲᠠᠭᠠᠨ ᠪᠠᠷᠢᠭᠠᠳ ᠤᠷᠮ᠎ᠠ ᠪᠠᠬ᠎ᠠ ᠲᠠᠢ ᠦᠵᠡᠵᠦ ᠪᠠᠶᠢᠯ᠎ᠠ᠃ ︽ᠡᠳᠡᠭᠡᠷ ᠨᠣᠮ ᠦᠨᠡᠬᠡᠷ ᠬᠡᠷᠡᠭᠴᠡᠭᠡ ᠲᠠᠢ᠂ ᠪᠢᠳᠡᠨ ᠤ ᠮᠡᠳᠡᠬᠦ ᠦᠭᠡᠢ ᠮᠠᠰᠢ ᠣᠯᠠᠨ ᠮᠡᠳᠡᠯᠭᠡ ᠶᠢ ᠡᠵᠡᠮᠰᠢᠭᠦᠯᠪᠡ︾᠃ ︽ᠭᠡᠷ ᠪᠦᠯᠢ ᠶᠢᠨ ᠬᠤᠨᠢ ᠲᠡᠵᠢᠭᠡᠬᠦ ᠮᠡᠷᠭᠡᠵᠢᠯ ᠤᠨ ᠵᠢᠭᠠᠯᠲᠠ︾ ᠶᠢ ᠦᠵᠡᠵᠦ ᠪᠠᠶᠢᠭ᠎ᠠ ᠬᠤᠨᠢ ᠲᠡᠵᠢᠭᠡᠬᠦ ᠡᠷᠦᠬᠡ ᠯᠢ ᠭᠠᠩ ᠬᠡᠯᠡᠪᠡ᠃    ᠣᠶᠢᠷ᠎ᠠ ᠶᠢᠨ ᠵᠢᠯ ᠠᠴᠠ᠂ ᠰᠧ ᠳ᠋ᠣᠣ ᠸᠠᠨ ᠽᠢ ᠪᠠᠯᠭᠠᠰᠤ ᠲᠠᠯ᠎ᠠ ᠨᠤᠲᠤᠭ ᠤᠨ ᠨᠣᠮ ᠤᠨ ᠦᠷᠦᠭᠡ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠠᠮᠵᠢᠵᠤ᠂ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠶᠡᠬᠡᠪᠡᠷ ᠴᠢᠩᠭᠠᠳᠬᠠᠵᠤ᠂ ᠲᠠᠷᠢᠶᠠᠴᠢᠳ ᠤᠨ ︽ᠲᠠᠷᠢᠬᠢ ᠶᠢ ᠪᠠᠶᠠᠯᠢᠭᠵᠢᠭᠤᠯᠬᠤ ᠢᠨᠵᠧᠨᠧᠷᠢᠩ︾ ᠢ ᠬᠦᠴᠦᠯᠡᠨ ᠬᠡᠷᠡᠭᠵᠢᠭᠦᠯᠵᠦ᠂ ᠪᠦᠬᠦ ᠪᠠᠯᠭᠠᠰᠤ ᠪᠠᠷ ᠢᠶᠠᠨ ᠤᠷᠢᠳ ᠬᠤᠵᠢᠳ 14 ᠲᠠᠯ᠎ᠠ ᠨᠤᠲᠤᠭ ᠤᠨ ᠨᠣᠮ ᠤᠨ ᠦᠷᠦᠭᠡ᠂ 1 ᠪᠠᠯᠭᠠᠰᠤᠨ ᠤ ᠰᠣᠶᠣᠯ ᠤᠨ ᠠᠵᠢᠯᠯᠠᠭᠠᠨ ᠤ ᠦᠷᠦᠭᠡ ᠶᠢ ᠪᠠᠶᠢᠭᠤᠯᠵᠤ᠂ ᠬᠠᠳᠠᠭᠠᠯᠠᠵᠤ ᠪᠠᠶᠢᠭ᠎ᠠ ᠨᠣᠮ ᠤᠨ ᠶᠡᠷᠦᠩᠬᠡᠢ ᠬᠡᠮᠵᠢᠶ᠎ᠡ 2.5 ᠲᠦᠮᠡ ᠭᠠᠷᠤᠢ ᠳᠡᠪᠲᠡᠷ᠂ 3000 ᠭᠠᠷᠤᠢ ᠭᠡᠷᠡᠯᠯᠢᠭ ᠳ᠋ᠢᠰᠺ ᠢ ᠪᠠᠶᠢᠭᠤᠯᠵᠠᠢ᠃ ᠬᠥᠳᠡᠭᠡ ᠲᠣᠰᠬᠤᠨ ᠤ ᠤᠯᠠᠨ ᠲᠦᠮᠡᠨ ᠲᠠᠷᠢᠬᠤ᠂ ᠲᠡᠵᠢᠭᠡᠬᠦ ᠵᠡᠷᠭᠡ ᠲᠠᠯ᠎ᠠ ᠶᠢᠨ ᠮᠡᠷᠭᠡᠵᠢᠯ ᠤᠨ ᠬᠦᠴᠢᠷ ᠠᠰᠠᠭᠤᠳᠠᠯ ᠳᠤ ᠲᠤᠯᠭᠠᠷᠠᠪᠠᠯ ᠣᠶᠢᠷ᠎ᠠ ᠬᠠᠪᠢ ᠳᠠᠭᠠᠨ ᠲᠣᠰᠬᠤᠨ ᠤ ᠲᠠᠯ᠎ᠠ ᠨᠤᠲᠤᠭ ᠤᠨ ᠨᠣᠮ ᠤᠨ ᠦᠷᠦᠭᠡ ᠳᠤ ᠬᠦᠷᠴᠦ ᠨᠣᠮ ᠪᠢᠴᠢᠭ ᠦᠵᠡᠵᠦ ᠪᠠᠶᠢᠭᠠᠳ ᠰᠢᠢᠳᠪᠦᠷᠢᠯᠡᠵᠦ ᠪᠣᠯᠣᠨ᠎ᠠ᠃ ᠲᠤᠰ ᠪᠠᠯᠭᠠᠰᠤ ᠪᠠᠰᠠ ︽ᠲᠠᠯ᠎ᠠ ᠨᠤᠲᠤᠭ ᠤᠨ ᠨᠣᠮ ᠤᠨ ᠥᠷᠥᠭᠡ︾ ᠪᠠᠷ ᠭᠤᠣᠯ ᠵᠢᠭᠰᠠᠭᠠᠯ ᠤᠨ ᠭᠠᠵᠠᠷ ᠪᠣᠯᠭᠠᠵᠤ ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠭᠤᠯᠤᠯ ᠢ ᠢᠳᠡᠪᠬᠢᠲᠡᠢ ᠥᠷᠨᠢᠭᠦᠯᠵᠦ᠂ ᠥᠷᠭᠡᠨ ᠣᠯᠠᠨ ᠲᠠᠷᠢᠶᠠᠴᠢᠳ ᠲᠤ ᠪᠠᠶᠠᠵᠢᠬᠤ ᠴᠢᠳᠠᠪᠤᠷᠢ᠂ ᠪᠠᠶᠠᠵᠢᠬᠤ ᠮᠡᠳᠡᠭᠡ ᠵᠠᠩᠭᠢ ᠶᠢ ᠡᠵᠡᠮᠰᠢᠭᠦᠯᠵᠦ᠂ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠨᠡᠭᠡᠭᠡᠵᠡᠢ᠃    ᠣᠳᠣᠬᠠᠨ ᠳᠤ᠂ ᠲᠠᠯ᠎ᠠ ᠨᠤᠲᠤᠭ ᠤᠨ ᠨᠣᠮ ᠤᠨ ᠥᠷᠥᠭᠡ ᠳᠤ ᠬᠦᠷᠴᠦ ᠠᠯᠲᠠ ᠲᠤᠩᠭᠠᠵᠤ ᠮᠡᠷᠭᠡᠵᠢᠯ ᠰᠤᠷᠴᠤ᠂ ᠪᠥᠬᠦ ᠪᠠᠯᠭᠠᠰᠤᠨ ᠳᠤ  ᠣᠨᠴᠠᠯᠢᠭᠲᠤ ᠲᠠᠷᠢᠮᠠᠯ ᠤᠨ ᠦᠢᠯᠡᠰ ᠪᠠ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠬᠦ 500 ᠭᠠᠷᠤᠢ ᠬᠥᠮᠥᠨ ᠪᠣᠶ᠃ ᠲᠠᠯ᠎ᠠ ᠨᠤᠲᠤᠭ ᠤᠨ ᠨᠣᠮ ᠤᠨ ᠥᠷᠥᠭᠡ ᠨᠢ ᠣᠯᠠᠨ ᠲᠦᠮᠡᠨ ᠤ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠵᠡᠷᠭᠡ ᠳᠤ ᠥᠷᠭᠡᠨ ᠣᠯᠠᠨ ᠲᠠᠷᠢᠶᠠᠴᠢᠳ ᠤᠨ ᠬᠡᠷᠡᠭᠯᠡᠭᠡᠨ ᠤ ᠮᠡᠷᠭᠡᠵᠢᠯ ᠢ ᠰᠤᠷᠤᠯᠴᠠᠬᠤ᠂ ᠪᠠᠶᠠᠵᠢᠬᠤ ᠮᠡᠳᠡᠭᠡ ᠵᠠᠩᠭᠢ ᠶᠢ ᠡᠵᠡᠮᠰᠢᠬᠦ ᠪᠠᠷ ᠳᠠᠮᠵᠢᠭᠤᠯᠤᠨ ᠭᠡᠷ ᠪᠦᠯᠢ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠵᠦ᠂ ᠲᠠᠯ᠎ᠠ ᠨᠤᠲᠤᠭ ᠤᠨ ᠨᠣᠮ ᠤᠨ ᠥᠷᠥᠭᠡ ᠨᠢ ᠲᠤᠬᠠᠢ ᠶᠢᠨ ᠭᠠᠵᠠᠷ ᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠵᠠᠮ ᠢ ᠦᠨᠡᠨ ᠬᠦ ᠥᠷᠭᠡᠳᠬᠡᠭᠰᠡᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号