| ᠣᠷᠴᠢᠮ ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠠᠤᠬᠠᠨ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 32 | ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠪᠠ᠃ | ᠬᠤᠷᠠᠯ ᠠᠴᠠ᠂ ᠪᠥᠬᠦ ᠬᠤᠰᠢᠭᠤᠨ ᠤ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠳᠣᠭᠤᠰᠢᠯᠠᠭᠤᠯᠤᠨᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠤᠰᠴᠤ᠂ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠬᠠᠮᠢᠶ᠎ᠠ ᠪᠦᠬᠦᠢ ᠬᠤᠷᠠᠯ ᠪᠠ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ᠂ ᠪᠥᠬᠦ ᠬᠤᠰᠢᠭᠤᠨ ᠤ ᠳᠣᠭᠤᠰᠢᠯᠠᠭᠤᠯᠤᠨ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠪᠠ︔ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ ᠪᠠ ᠪᠠᠶᠢᠴᠠᠭᠠᠬᠤ | ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠵᠢᠴᠢ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ | ᠬᠤᠰᠢᠭᠤᠨ ᠤ ᠦᠵᠡᠯ ᠰᠠᠨᠠᠭ᠎ᠠ ᠤᠯᠤᠰ ᠲᠥᠷᠥ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ᠂ ᠠᠮᠤᠷ | ᠲᠦᠪᠰᠢᠨ ᠤ ᠪᠠᠶᠢᠭᠤᠯᠤᠯᠲᠠ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ᠂ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠲᠡᠮᠡᠴᠡᠯ᠂ ᠠᠷᠢᠭᠤᠨ ᠴᠢᠭᠡᠴᠢ ᠠᠤᠬᠠᠨ᠂ ᠦᠵᠡᠯ ᠤᠬᠠᠮᠰᠠᠷ ᠤᠨ | ᠬᠡᠯᠪᠡᠷᠢ᠂ ᠣᠶᠤᠨ ᠤ ᠪᠣᠯᠪᠠᠰᠤᠨ ᠤ ᠪᠠᠶᠢᠭᠤᠯᠤᠯᠲᠠ᠂ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠴᠡᠭᠴᠡᠯᠡᠨ ᠰᠠᠶᠢᠵᠢᠷᠠᠭᠤᠯᠬᠤ᠂ ᠢᠳᠡᠭᠡᠨ ᠪᠠ | ᠡᠮ ᠤᠨ ᠵᠦᠢᠯ ᠤᠨ ᠠᠮᠤᠷ ᠲᠦᠪᠰᠢᠨ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠵᠡᠷᠭᠡ ᠠᠵᠢᠯ ᠢ ᠰᠤᠳᠤᠯᠤᠨ | ᠬᠢᠨᠠᠨ ᠵᠥᠪᠯᠡᠵᠦ᠂ ᠲᠠᠷᠠᠭᠠᠴᠢ ᠶᠢᠨ ᠱᠠᠲᠤᠨ ᠤ ᠬᠠᠮᠢᠶ᠎ᠠ ᠪᠦᠬᠦᠢ ᠠᠵᠢᠯ ᠳᠤ ᠲᠣᠬᠢᠷᠠᠭᠤᠯᠤᠯᠲᠠ ᠪᠠ | ᠪᠠᠶᠢᠷᠢᠯᠠᠭᠤᠯᠤᠯᠲᠠ ᠬᠢᠪᠡ᠃ | ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠨᠢ ᠠᠭᠤᠯᠤᠭᠳᠠᠬᠤᠨ ᠢᠶᠠᠷ ᠪᠠᠶᠠᠯᠢᠭ᠂ ᠠᠯᠤᠰ | ᠬᠡᠳᠤ ᠶᠢᠨ ᠤᠳᠬ᠎ᠠ ᠰᠠᠨᠠᠭ᠎ᠠ ᠲᠠᠢ ᠪᠠᠶᠢᠵᠤ᠂ ᠥᠪᠥᠷ ᠮᠣᠩᠭᠤᠯ ᠤᠨ ᠡᠯ᠎ᠡ ᠵᠦᠢᠯ ᠤᠨ ᠦᠢᠯᠡᠰ ᠢ ᠰᠠᠶᠢᠲᠤᠷ ᠬᠢᠬᠦ | ᠠᠵᠢᠯᠯᠠᠭᠠᠨ ᠤ ᠬᠥᠲᠥᠯᠪᠦᠷᠢ ᠪᠣᠯᠣᠨ᠎ᠠ᠃ ᠪᠥᠬᠦ ᠬᠤᠰᠢᠭᠤ ᠪᠠᠷ ᠢᠶᠠᠨ ᠳᠡᠭᠡᠳᠦ ᠬᠡᠮᠵᠢᠶᠡᠨ ᠤ ᠤᠯᠤᠰ ᠲᠥᠷᠥ ᠶᠢᠨ | ᠤᠬᠠᠮᠰᠠᠷ ᠢᠶᠠᠷ ᠭᠦᠨᠵᠡᠭᠡᠢ ᠰᠤᠷᠤᠯᠴᠠᠬᠤ᠂ ᠳᠠᠬᠢᠨ ᠳᠠᠪᠲᠠᠨ ᠰᠤᠷᠤᠯᠴᠠᠬᠤ᠂ ᠬᠡᠪ ᠤᠨ ᠪᠠᠶᠢᠳᠠᠯ ᠢᠶᠠᠷ ᠰᠤᠷᠤᠯᠴᠠᠬᠤ | ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠡᠭᠦᠨ ᠤ ᠳᠤᠮᠳᠠ ᠠᠴᠠ ᠤᠯᠤᠰ ᠲᠥᠷᠥ ᠶᠢᠨ ᠴᠢᠭᠯᠡᠯ ᠢ ᠡᠵᠡᠮᠳᠡᠨ᠂ | ᠠᠵᠢᠯ ᠤᠨ ᠱᠠᠭᠠᠷᠳᠠᠯᠭ᠎ᠠ ᠶᠢ ᠣᠶᠢᠯᠠᠭᠠᠵᠤ᠂ ᠦᠢᠯᠡᠳᠦᠯᠭᠡ ᠶᠢᠨ ᠬᠠᠷᠢᠭᠤᠯᠲᠠ ᠶᠢ ᠡᠷᠢᠵᠦ᠂ ᠰᠢ ᠶᠢᠨ ᠫᠢᠩᠶᠡᠷᠦᠩᠬᠡᠢ | ᠱᠦᠵᠢ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠶᠢ ᠦᠨᠡᠨᠬᠦ ᠠᠤᠬᠠᠨ ᠤ ᠴᠢᠨᠠᠷ ᠰᠠᠶᠢᠲᠠᠢ ᠬᠥᠭᠵᠢᠯᠲᠡ ᠶᠢ | ᠲᠦᠯᠬᠢᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠶᠢ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠯᠤᠭ᠎ᠠ ᠨᠢᠭᠡᠳᠦᠯᠲᠡᠢ | ᠲᠥᠯᠥᠪᠵᠢᠭᠦᠯᠵᠦ᠂ ᠬᠠᠮᠲᠤ ᠳᠤᠨᠢ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠢ | ᠢᠮᠠᠭᠲᠠ ᠵᠥᠪ ᠴᠢᠭᠯᠡᠯ ᠢᠶᠠᠷ ᠬᠥᠭᠵᠢᠭᠦᠯᠬᠦ ᠶᠢ ᠪᠠᠲᠤᠯᠠᠬᠤ ᠬᠡᠷᠡᠭᠲᠡᠢ᠃ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ | ᠬᠤᠷᠢᠶ᠎ᠠ ᠪᠠ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠵᠢᠴᠢ ᠬᠤᠰᠢᠭᠤᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠶᠢ | ᠲᠥᠪᠯᠡᠷᠡᠭᠦᠯᠦᠨ᠂ ᠢᠷᠡᠬᠦ ᠵᠢᠯ ᠤᠨ ᠠᠵᠢᠯ ᠤᠨ ᠬᠠᠷᠠᠯᠲᠠ ᠡᠭᠦᠷᠭᠡ᠂ ᠠᠵᠢᠯ ᠤᠨ ᠠᠷᠭ᠎ᠠ ᠬᠡᠮᠵᠢᠶ᠎ᠡ ᠶᠢ ᠭᠦᠨᠵᠡᠭᠡᠢ | ᠰᠦᠪᠡᠭᠴᠢᠯᠡᠵᠦ᠂ ᠠᠵᠢᠯ ᠤᠨ ᠨᠡᠶᠢᠯᠡᠮᠡᠯ ᠬᠦᠴᠦᠨ ᠢ ᠭᠦᠢᠴᠡᠳ ᠨᠢᠭᠲᠠᠷᠠᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃ | | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠰᠢᠨ᠎ᠡ ᠴᠠᠭ ᠦᠶ᠎ᠡ ᠳᠤ ᠦᠵᠡᠯ ᠰᠠᠨᠠᠭ᠎ᠠ | ᠤᠯᠤᠰ ᠲᠦᠷᠦ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ᠢ ᠭᠦᠨᠵᠡᠭᠡᠢ ᠰᠤᠷᠤᠯᠴᠠᠨ | ᠳᠣᠭᠤᠰᠢᠯᠠᠭᠤᠯᠵᠤ᠂ ᠠᠵᠢᠯᠯᠠᠭ᠎ᠠ ᠶᠢᠨ ᠠᠴᠢᠶᠠᠯᠠᠪᠤᠷᠢ ᠪᠣᠯᠣᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠥᠷᠭᠡᠨ | ᠤᠯᠠᠨ ᠺᠠᠳ᠋ᠷ ᠤᠯᠠᠨ ᠲᠦᠮᠡᠨ ᠤ ᠨᠠᠮ ᠤᠨ ᠤᠳᠤᠷᠢᠳᠤᠯᠭ᠎ᠠ ᠶᠢᠨ ᠲᠤᠬᠠᠢ ᠤᠯᠤᠰ ᠲᠦᠷᠦ ᠶᠢᠨ ᠮᠡᠳᠡᠷᠡᠮᠵᠢ᠂ ᠦᠵᠡᠯ | ᠰᠠᠨᠠᠭᠠᠨ ᠤ ᠮᠡᠳᠡᠷᠡᠮᠵᠢ᠂ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ ᠴᠢᠩᠭᠠᠳᠬᠠᠬᠤ ᠬᠡᠷᠡᠭᠲᠡᠢ᠃ ᠲᠥᠪ᠂ | ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠰ ᠭᠠᠵᠠᠷ ᠣᠷᠣᠨ᠂ ᠲᠣᠰ ᠠᠵᠢᠯ ᠲᠥᠷᠥᠯ ᠤᠨ | ᠨᠢᠭᠡᠳᠦᠮᠡᠯ ᠹᠷᠣᠨᠲ ᠤᠨ ᠠᠵᠢᠯ ᠢ ᠨᠠᠷᠢᠨ ᠬᠢᠨᠠᠮᠠᠭᠠᠢ ᠰᠦᠪᠡᠭᠴᠢᠯᠡᠨ ᠠᠬᠢᠭᠤᠯᠵᠤ᠂ ᠪᠥᠬᠦ ᠬᠤᠰᠢᠭᠤᠨ ᠤ ᠨᠢᠭᠡᠳᠦᠮᠡᠯ | ᠹᠷᠣᠨᠲ ᠤᠨ ᠠᠵᠢᠯ ᠪᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ | ᠬᠡᠷᠡᠭᠲᠡᠢ᠃ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠡᠭᠦᠷᠭᠡ | ᠬᠠᠷᠢᠭᠤᠴᠠᠯᠭ᠎ᠠ ᠶᠢ ᠭᠦᠨᠵᠡᠭᠡᠢ ᠣᠶᠢᠯᠠᠭᠠᠨ ᠣᠨᠣᠪᠴᠢᠲᠠᠢ ᠡᠵᠡᠮᠰᠢᠵᠦ᠂ ᠠᠮᠤᠷ ᠲᠦᠪᠰᠢᠨ ᠢ ᠪᠠᠲᠤᠯᠠᠬᠤ᠂ | ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠡᠭᠦᠷᠭᠡ ᠶᠢ ᠴᠢᠩᠭ᠎ᠠ ᠨᠢᠮᠪᠠᠢ ᠪᠣᠳᠠᠲᠠᠢ ᠰᠠᠶᠢᠲᠤᠷ ᠬᠢᠬᠦ ᠬᠡᠷᠡᠭᠲᠡᠢ᠃ | ᠴᠠᠭ ᠢᠮᠠᠭᠲᠠ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠪᠠᠲᠤᠯᠠᠵᠤ᠂ ᠬᠠᠷᠢᠶᠠᠲᠤ ᠣᠷᠣᠨ ᠤ | ᠬᠠᠮᠢᠶᠠᠷᠤᠯᠲᠠ ᠪᠠ ᠭᠤᠣᠯᠯᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ | ᠬᠤᠰᠢᠭᠤᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ | ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠪᠠᠳᠠᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ | ᠲᠦᠢᠯᠪᠤᠷᠢᠲᠠᠢ ᠰᠠᠶᠢᠲᠤᠷ ᠠᠳᠬᠤᠬᠤ ᠬᠡᠷᠡᠭᠲᠡᠢ᠃ ᠪᠣᠳᠠᠰ ᠤᠨ ᠪᠣᠯᠪᠠᠰᠤᠨ ᠪᠠ ᠣᠶᠤᠨ ᠤ ᠪᠣᠯᠪᠠᠰᠤᠨ ᠤ ᠬᠤᠶᠠᠷ | ᠲᠠᠯ᠎ᠠ ᠶᠢ ᠠᠳᠬᠤᠬᠤ᠂ ᠬᠤᠶᠠᠷ ᠢ ᠰᠠᠭᠠᠲᠠᠭᠠᠬᠤ ᠦᠭᠡᠢ ᠪᠠᠶᠢᠬᠤ ᠶᠢ ᠪᠠᠷᠢᠮᠲᠠᠯᠠᠵᠤ᠂ ᠮᠠᠯᠵᠢᠬᠤ ᠲᠠᠷᠢᠶᠠᠯᠠᠬᠤ | ᠣᠷᠣᠨ ᠤ ᠣᠷᠴᠢᠨ ᠲᠣᠭᠤᠷᠢᠨ ᠤ ᠵᠠᠰᠠᠯᠲᠠ᠂ ᠵᠠᠩ ᠳᠠᠳᠬᠠᠯ ᠢ ᠥᠭᠡᠷᠡᠴᠢᠯᠡᠬᠦ᠂ ᠬᠠᠤᠯᠢ ᠪᠠᠷ ᠵᠠᠰᠠᠬᠤ ᠤᠬᠠᠭᠤᠯᠭ᠎ᠠ | ᠪᠠ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ︽ᠳᠥᠷᠪᠡᠨ | ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯ ᠤᠨ | ᠠᠮᠤᠷ ᠲᠦᠪᠰᠢᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠣᠯᠠᠨ ᠤ ︽ᠢᠳᠡᠭᠡᠨ ᠤᠮᠳᠠᠭᠠᠨ ᠤ | ᠠᠮᠤᠷ ᠲᠦᠪᠰᠢᠨ︾ ᠢ ᠦᠨᠡᠨ ᠬᠦ ᠪᠠᠲᠤᠯᠠᠬᠤ ᠬᠡᠷᠡᠭᠲᠡᠢ᠃ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠦᠷᠢᠮ ᠪᠠᠶᠢᠭᠤᠯᠤᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠥᠬᠦ | ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠠᠵᠢᠯ ᠤᠨ ᠰᠤᠷᠲᠠᠯ ᠢ | ᠴᠢᠩᠭᠠᠳᠬᠠᠨ ᠰᠠᠶᠢᠵᠢᠷᠠᠭᠤᠯᠵᠤ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ | ᠠᠰᠠᠭᠤᠳᠠᠯ ᠢ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠤᠯᠤᠰ ᠲᠦᠷᠦ | ᠭᠡᠭᠡᠨ ᠰᠠᠷᠠᠭᠤᠯ᠂ ᠵᠠᠰᠠᠭ ᠤᠨ ᠣᠷᠳᠣᠨ ᠠᠷᠢᠭᠤᠨ ᠴᠢᠬᠡᠴᠢ᠂ ᠺᠠᠳ᠋ᠷ ᠲᠥᠪ ᠴᠢᠬᠡᠴᠢ᠂ ᠵᠠᠰᠠᠭ ᠠᠷᠠᠯᠵᠢᠶ᠎ᠠ | ᠳᠣᠲᠣᠨᠣ ᠲᠣᠳᠣᠷᠬᠠᠢ᠂ ᠨᠡᠶᠢᠭᠡᠮ ᠲᠤᠩᠭᠠᠯᠠᠭ ᠵᠡᠷᠭᠡ ᠵᠢᠷᠭᠤᠭᠠᠨ ᠲᠠᠯ᠎ᠠ ᠶᠢᠨ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠡᠭᠦᠷᠭᠡᠯᠡᠨ ᠬᠠᠷᠢᠭᠤᠴᠠᠵᠤ᠂ ᠬᠠᠮᠵᠢᠯᠴᠠᠨ ᠠᠬᠢᠭᠤᠯᠵᠤ᠂ ᠨᠡᠩ ᠲᠥᠪ ᠴᠢᠬᠡᠴᠢ ᠬᠡᠪ | ᠰᠤᠷᠲᠠᠯ ᠲᠠᠢ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠳ ᠬᠤᠷᠠᠯ ᠳᠤ ᠣᠷᠤᠯᠴᠠᠵᠤ︔ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ | ᠬᠠᠮᠢᠶ᠎ᠠ ᠪᠦᠬᠦᠢ ᠤᠳᠤᠷᠢᠳᠬᠤ ᠨᠥᠬᠦᠳ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ | ᠬᠤᠷᠠᠯ ᠳᠤ ᠰᠤᠯᠠ ᠣᠷᠣᠯᠴᠠᠵᠠᠢ᠃ | |