| 1 ᠰᠠᠷ᠎ᠠ ᠶᠢᠨ 28 ᠤ ᠡᠳᠦᠷ ᠪᠣᠯ ᠴᠠᠭᠠᠨ ᠰᠠᠷ᠎ᠠ ᠶᠢᠨ ᠳᠠᠷᠠᠭᠠᠬᠢ ᠠᠵᠢᠯ ᠳᠤ ᠭᠠᠷᠤᠭᠰᠠᠨ ᠠᠩᠬᠠᠨ ᠤ ᠡᠳᠦᠷ | ᠪᠣᠯᠣᠨ᠎ᠠ᠂ ᠪᠠᠶᠠᠷ ᠤᠨ ᠡᠳᠦᠷ ᠤᠨ ᠳᠠᠷᠠᠭ᠎ᠠ ︽ ᠠᠯᠵᠠᠭᠤ ᠵᠠᠯᠬᠠᠭᠤ᠂ ᠰᠤᠯᠠ ᠵᠠᠳᠠᠭᠠᠢ᠂ ᠬᠤᠶᠢᠷᠭᠤᠰᠢᠬᠤ︾ | ᠵᠡᠷᠭᠡ ᠦᠵᠡᠭᠳᠡᠯ ᠭᠠᠷᠬᠤ ᠶᠢ ᠰᠡᠷᠭᠡᠶᠢᠯᠡᠬᠦ ᠶᠢᠨ ᠲᠥᠯᠥᠭᠡ᠂ ᠰᠢᠨᠵᠸᠦ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ | ᠪᠠᠶᠢᠴᠠᠭᠠᠬᠤ ᠠᠵᠢᠯ ᠤᠨ ᠬᠤᠷᠢᠶ᠎ᠠ ᠦᠳᠲᠡᠷ ᠲᠦᠷᠭᠡᠨ ᠢᠶᠠᠷ ᠬᠥᠳᠡᠯᠦᠯᠴᠡᠵᠦ᠂ ᠰᠠᠬᠢᠯᠭ᠎ᠠ ᠪᠠᠲᠤ ᠶᠢ ᠴᠢᠩᠳᠠᠯᠠᠬᠤ᠂ | ᠳᠦᠷᠢᠮ ᠢ ᠴᠢᠩᠭᠠᠳᠬᠠᠬᠤ᠂ ᠬᠢᠨᠠᠯᠲᠠ ᠶᠢ ᠠᠳᠬᠤᠬᠤ ᠪᠠᠷ ᠳᠠᠮᠵᠢᠭᠤᠯᠤᠨ᠂ ᠪᠠᠶᠠᠷ ᠤᠨ ᠡᠳᠦᠷ ᠤᠨ ᠳᠠᠷᠠᠭᠠᠬᠢ | ᠰᠤᠷᠲᠠᠯ ᠰᠠᠬᠢᠯᠭ᠎ᠠ ᠪᠠᠲᠤ ᠶᠢ ᠰᠤᠯᠠᠷᠠᠭᠤᠯᠤᠯ ᠦᠭᠡᠢ ᠴᠢᠩᠭ᠎ᠠ ᠠᠵᠢᠭᠯᠠᠵᠤ᠂ ᠠᠵᠢᠯᠲᠠᠨ ᠢ ᠣᠷᠣᠨ ᠪᠠᠶᠢᠷᠢ ᠳᠤᠨᠢ | ᠪᠤᠴᠠᠭᠠᠬᠤ᠂ ᠦᠵᠡᠯ ᠰᠠᠨᠠᠭ᠎ᠠ ᠶᠢ ᠣᠷᠣᠨ ᠪᠠᠶᠢᠷᠢ ᠳᠤᠨᠢ ᠪᠤᠴᠠᠭᠠᠬᠤ᠂ ᠠᠵᠢᠯ ᠢ ᠪᠣᠳᠠᠲᠠᠶᠢᠵᠢᠭᠤᠯᠬᠤ ᠶᠢ ᠦᠨᠡᠨ ᠬᠦ | ᠪᠠᠲᠤᠯᠠᠪᠠ᠃ | ᠬᠤᠷᠠᠯ ᠬᠤᠷᠠᠯᠳᠤᠭᠤᠯᠵᠤ᠂ ᠤᠶᠤᠨ ᠤᠬᠠᠭᠠᠨ ᠬᠦᠴᠦᠨ ᠴᠢᠳᠠᠯ ᠢᠶᠠᠨ ᠲᠥᠪᠯᠡᠷᠡᠭᠦᠯᠪᠡ᠃ ᠵᠡᠭᠡᠯᠢ | ᠭᠤᠳᠤᠮᠵᠢ ᠶᠢᠨ ᠠᠯᠪᠠᠨ ᠭᠡᠷ ᠤᠨ ᠰᠠᠬᠢᠯᠭ᠎ᠠ ᠪᠠᠲᠤ ᠶᠢᠨ ᠠᠵᠢᠯ ᠤᠨ ᠵᠥᠪᠯᠡᠯ ᠵᠡᠭᠡᠯᠢ ᠭᠤᠳᠤᠮᠵᠢ ᠶᠢᠨ ᠠᠯᠪᠠᠨ | ᠭᠡᠷ ᠤᠨ ᠪᠦᠬᠦ ᠺᠠᠳ᠋ᠷ᠂ ᠨᠡᠶᠢᠭᠡᠮ ᠲᠣᠭᠤᠷᠢᠭ ᠲᠣᠰᠬᠤᠨ ᠤ ᠱᠦᠵᠢ ᠨᠠᠷ ᠢ ᠵᠣᠬᠢᠶᠠᠨ ᠪᠠᠶᠢᠭᠤᠯᠤᠨ ᠪᠠᠶᠠᠷ ᠤᠨ | ᠡᠳᠦᠷ ᠤᠨ ᠳᠠᠷᠠᠭᠠᠬᠢ ᠠᠵᠢᠯ ᠤᠨ ᠰᠠᠬᠢᠯᠭ᠎ᠠ ᠪᠠᠲᠤ ᠶᠢ ᠴᠢᠬᠤᠯᠠᠴᠢᠯᠠᠬᠤ ᠬᠤᠷᠠᠯ ᠬᠢᠵᠦ᠂ ᠣᠨᠴᠠᠭᠠᠶ ᠪᠠᠶᠢᠳᠠᠯ ᠠᠴᠠ | ᠭᠠᠳᠠᠨ᠎ᠠ᠂ ᠪᠣᠶ ᠪᠦᠬᠦᠢ ᠺᠠᠳ᠋ᠷᠴᠤᠳ ᠢ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ᠂ | ᠭᠦᠶᠦᠯᠲᠡ ᠶᠢᠨ ᠵᠠᠮ ᠳᠤ ᠡᠷᠲᠡᠬᠡᠨ ᠣᠷᠣᠵᠤ᠂ ᠪᠠᠶᠢᠳᠠᠯ ᠳᠤ ᠲᠦᠷᠭᠡᠨ ᠣᠷᠣᠵᠤ᠂ ᠪᠠᠶᠠᠷ ᠤᠨ ᠡᠳᠦᠷ ᠤᠨ ᠠᠭᠤᠷ | ᠠᠮᠢᠰᠬᠤᠯ ᠠᠴᠠ ᠰᠡᠳᠬᠢᠯ ᠢᠶᠠᠨ ᠬᠤᠷᠢᠶᠠᠵᠤ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠡᠬᠢᠯᠡᠯᠲᠡ ᠪᠣᠯ | ᠰᠢᠪᠲᠤᠯᠤᠯᠲᠠ᠂ ᠲᠠᠶᠢᠰᠠᠨ ᠳᠤ ᠭᠠᠷᠬᠤ ᠪᠣᠯ ᠰᠢᠢᠳᠪᠦᠷᠢᠲᠦ ᠪᠠᠶᠢᠯᠳᠤᠭᠠᠨ ᠬᠢᠬᠦ ᠬᠠᠮᠤᠭ ᠤᠨ ᠰᠠᠶᠢᠨ ᠪᠠᠶᠢᠳᠠᠯ ᠢ | ᠠᠵᠢᠯ ᠳᠠᠭᠠᠨ ᠣᠷᠣᠭᠤᠯᠵᠤ᠂ ᠪᠠᠶᠠᠷ ᠤᠨ ᠡᠳᠦᠷ ᠤᠨ ᠳᠠᠷᠠᠭᠠᠬᠢ ᠡᠯ᠎ᠡ ᠵᠦᠢᠯ ᠤᠨ ᠠᠵᠢᠯ ᠢ ᠥᠨᠳᠥᠷ | ᠪᠦᠲᠦᠮᠵᠢᠲᠡᠶ ᠪᠠᠷ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ | ᠲᠥᠪᠯᠡᠷᠡᠭᠦᠯᠦᠨ ᠰᠤᠷᠤᠯᠴᠠᠵᠤ᠂ ᠦᠵᠡᠯ ᠤᠬᠠᠮᠰᠠᠷ ᠢᠶᠠᠨ ᠳᠡᠭᠡᠭᠰᠢᠯᠡᠭᠦᠯᠪᠡ᠃ ᠠᠵᠢᠯ ᠳᠤ ᠭᠠᠷᠤᠭᠰᠠᠨ | ᠠᠩᠬᠠᠨ ᠤ ᠡᠳᠦᠷ᠂ ᠵᠡᠭᠡᠯᠢ ᠭᠤᠳᠤᠮᠵᠢ ᠶᠢᠨ ᠠᠯᠪᠠᠨ ᠭᠡᠷ ᠤᠨ ᠨᠠᠮ ᠤᠨ ᠠᠵᠢᠯᠯᠠᠬᠤ ᠬᠤᠷᠢᠶ᠎ᠠ ᠵᠡᠭᠡᠯᠢ | ᠭᠤᠳᠤᠮᠵᠢ ᠶᠢᠨ ᠪᠦᠬᠦ ᠺᠠᠳ᠋ᠷᠴᠤᠳ ᠢ ᠵᠣᠬᠢᠶᠠᠨ ᠪᠠᠶᠢᠭᠤᠯᠤᠨ ᠠᠷᠢᠬᠢ ᠤᠤᠭᠤᠵᠤ ᠲᠡᠷᠭᠡ ᠵᠢᠯᠣᠭᠤᠳᠤᠭᠰᠠᠨ | ᠨᠡᠶᠢᠲᠡᠯᠢᠭ ᠬᠡᠷᠡᠭ ᠤᠨ ᠲᠤᠰᠬᠠᠢ ᠰᠡᠳᠦᠪᠲᠦ ᠹᠢᠯᠢᠮ ᠢ ᠦᠵᠡᠭᠦᠯᠵᠦ᠂ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭᠠᠨ ᠤ ᠠᠭᠤᠯᠭ᠎ᠠ ᠶᠢ ᠰᠤᠷᠤᠯᠴᠠᠵᠤ᠂ ᠪᠦᠬᠦ ᠺᠠᠳ᠋ᠷᠴᠤᠳ ᠢ ᠨᠠᠮ ᠤᠨ ᠰᠠᠬᠢᠯᠭ᠎ᠠ ᠪᠠᠲᠤ ᠶᠢ ᠴᠢᠩᠭ᠎ᠠ | ᠰᠠᠬᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠠᠵᠢᠯ ᠤᠨ | ᠦᠢᠯᠡᠳᠦᠯᠭᠡ ᠪᠠᠨ ᠵᠢᠯᠤᠭᠤᠳᠬᠤ ᠬᠡᠷᠡᠭᠲᠡᠢ ᠭᠡᠵᠦ ᠱᠠᠭᠠᠷᠳᠠᠪᠠ᠃ | ᠬᠢᠨᠠᠯᠲᠠ ᠲᠠᠯᠪᠢᠬᠤ ᠶᠢ ᠴᠢᠩᠭᠠᠳᠬᠠᠵᠤ᠂ ᠰᠠᠬᠢᠯᠭ᠎ᠠ ᠪᠠᠲᠤ ᠶᠢ ᠴᠢᠩᠳᠠᠯᠠᠪᠠ᠃ ᠵᠡᠭᠡᠯᠢ ᠭᠤᠳᠤᠮᠵᠢ ᠶᠢᠨ ᠠᠯᠪᠠᠨ | ᠭᠡᠷ ᠤᠨ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠵᠥᠪᠯᠡᠯ ︽ᠳᠥᠷᠪᠡᠨ ᠦᠭᠡᠢ᠂ ᠬᠤᠶᠠᠷ ᠰᠢᠯᠤᠭᠤᠨ︾ ᠠᠷᠭ᠎ᠠ | ᠮᠠᠶ᠋ᠢᠭ ᠢ ᠠᠪᠴᠤ᠂ ᠡᠳᠦᠷ ᠪᠦᠷᠢ ᠲᠣᠭᠲᠠᠭᠰᠠᠨ ᠴᠠᠭ ᠲᠤ ᠵᠡᠭᠡᠯᠢ ᠭᠤᠳᠤᠮᠵᠢ ᠶᠢᠨ ᠠᠵᠢᠯ ᠤᠨ ᠠᠯᠪᠠᠨ ᠭᠡᠷ ᠤᠨ | ᠡᠯ᠎ᠡ ᠥᠷᠲᠡᠭᠡ ᠶᠢᠨ ᠡᠷᠭᠢᠯᠡᠭᠰᠡᠨ᠂ ᠡᠯ᠎ᠡ ᠨᠡᠶᠢᠭᠡᠮ ᠲᠣᠭᠤᠷᠢᠭ ᠲᠣᠰᠬᠤᠨ ᠤ ᠠᠵᠢᠯᠲᠠᠨ ᠠᠷᠢᠬᠢ ᠤᠤᠭᠤᠭᠰᠠᠨ ᠤ | ᠳᠠᠷᠠᠭ᠎ᠠ ᠠᠵᠢᠯ ᠤᠨ ᠪᠠᠶᠢᠷᠢ ᠳᠤ ᠭᠠᠷᠤᠭᠰᠠᠨ᠂ ᠠᠵᠢᠯ ᠤᠨ ᠪᠠᠶᠢᠷᠢ ᠠᠴᠠ ᠪᠠᠨ ᠰᠠᠯᠤᠭᠰᠠᠨ᠂ ᠬᠤᠵᠢᠮᠳᠠᠭᠰᠠᠨ᠂ | ᠡᠷᠲᠡ ᠪᠠᠭᠤᠭᠰᠠᠨ᠂ ᠤᠴᠢᠷ ᠰᠢᠯᠲᠠᠭᠠᠨ ᠦᠭᠡᠢ ᠪᠠᠷ ᠠᠵᠢᠯ ᠠᠴᠠ ᠪᠠᠨ ᠰᠠᠭᠠᠲᠠᠭᠰᠠᠨ᠂ ᠲᠣᠭᠯᠠᠭᠠᠮ ᠨᠠᠭᠠᠳᠤᠭᠰᠠᠨ | ᠵᠡᠷᠭᠡ ᠪᠠᠶᠢᠳᠠᠯ ᠢ ᠪᠠᠶᠢᠴᠠᠭᠠᠵᠤ᠂ ᠰᠠᠬᠢᠯᠭ᠎ᠠ ᠪᠠᠲᠤ ᠶᠢ ᠵᠥᠷᠢᠴᠡᠭᠰᠡᠨ ᠬᠥᠮᠥᠰ ᠢ ᠴᠠᠭ ᠲᠤᠬᠠᠢ ᠳᠤᠨᠢ ᠵᠠᠷᠯᠠᠨ | ᠢᠯᠡᠴᠢᠯᠡᠨ᠎ᠡ᠃ ᠪᠠᠶᠢᠴᠠᠭᠠᠯᠲᠠ ᠪᠠᠷ ᠳᠠᠮᠵᠢᠭᠠᠳ᠂ ᠠᠵᠢᠯ ᠳᠤ ᠭᠠᠷᠤᠭᠰᠠᠨ ᠠᠩᠬᠠᠨ ᠤ ᠡᠳᠦᠷ ᠤᠨ ᠵᠡᠭᠡᠯᠢ | ᠭᠤᠳᠤᠮᠵᠢ ᠶᠢᠨ ᠠᠯᠪᠠᠨ ᠭᠡᠷ᠂ ᠨᠡᠶᠢᠭᠡᠮ ᠲᠣᠭᠤᠷᠢᠭ ᠭᠠᠴᠠᠭᠠᠨ ᠤ ᠺᠠᠳ᠋ᠷ ᠠᠵᠢᠯᠲᠠᠨ ᠠᠵᠢᠯᠴᠢᠨ ᠤ ᠠᠵᠢᠯ ᠤᠨ | ᠪᠠᠶᠢᠷᠢ ᠳᠤ ᠪᠠᠶᠢᠬᠤ ᠪᠠᠶᠢᠳᠠᠯ ᠨᠡᠯᠢᠶᠡᠳ ᠰᠠᠶᠢᠨ ᠪᠠᠶᠢᠵᠤ᠂ ᠵᠣᠩᠬᠢᠯᠠᠬᠤ ᠣᠯᠠᠨ ᠲᠣᠭᠠᠨ ᠤ ᠺᠠᠳ᠋ᠷ ᠠᠵᠢᠯᠲᠠᠨ | ᠠᠵᠢᠯᠴᠢᠨ ᠤ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠤᠴᠢᠷ ᠰᠢᠯᠲᠠᠭᠠᠨ ᠦᠭᠡᠢ ᠪᠠᠷ ᠠᠵᠢᠯ ᠤᠨ | ᠪᠠᠶᠢᠷᠢ ᠠᠴᠠ ᠪᠠᠨ ᠰᠠᠯᠬᠤ᠂ ᠠᠷᠢᠬᠢ ᠤᠤᠭᠤᠭᠰᠠᠨ ᠤ ᠳᠠᠷᠠᠭ᠎ᠠ ᠠᠵᠢᠯ ᠤᠨ ᠪᠠᠶᠢᠷᠢ ᠳᠤ ᠭᠠᠷᠬᠤ᠂ ᠠᠵᠢᠯ ᠳᠠᠭᠠᠨ | ᠬᠤᠶᠢᠷᠭᠤᠰᠢᠬᠤ ᠵᠡᠷᠭᠡ ᠪᠠᠶᠢᠳᠠᠯ ᠢ ᠣᠯᠵᠤ ᠮᠡᠳᠡᠭᠰᠡᠨ ᠦᠭᠡᠢ᠃ | ᠲᠠᠷᠠᠭᠠᠴᠢ ᠶᠢᠨ ᠠᠯᠬᠤᠮ ᠳᠤ᠂ ᠵᠡᠭᠡᠯᠢ ᠭᠤᠳᠤᠮᠵᠢ ᠶᠢᠨ ᠠᠯᠪᠠᠨ ᠭᠡᠷ ᠡᠯ᠎ᠡ ᠵᠦᠢᠯ ᠤᠨ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠤᠨ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠳᠠᠯᠠᠵᠤ᠂ | ᠠᠵᠢᠯ ᠤᠨ ᠰᠤᠷᠲᠠᠯ ᠢᠶᠠᠨ ᠴᠢᠩᠭᠠᠳᠬᠠᠨ᠂ ᠴᠢᠩᠭ᠎ᠠ ᠬᠢᠨᠠᠨ ᠪᠠᠶᠢᠴᠠᠭᠠᠵᠤ᠂ ᠰᠤᠷᠲᠠᠯ ᠤᠨ ᠪᠠᠶᠢᠭᠤᠯᠤᠯᠲᠠ ᠶᠢ ᠦᠨᠡᠨ | ᠬᠦ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠰᠠᠭᠤᠭᠠᠯᠢ ᠠᠷᠠᠳ ᠲᠦᠮᠡᠨ ᠳᠤ ᠦᠨᠡᠨ ᠬᠦ ᠪᠣᠳᠠᠲᠠᠢ ᠶᠠᠪᠤᠳᠠᠯ᠂ ᠰᠠᠶᠢᠨ | ᠶᠠᠪᠤᠳᠠᠯ ᠬᠢᠵᠦ ᠥᠭᠬᠦ ᠶᠢ ᠪᠡᠶᠡᠯᠡᠭᠦᠯᠦᠨ᠎ᠡ᠃ |