ᠠᠤᠬᠠᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ  ᠬᠤᠷᠢᠶᠠᠨ ᠤ ᠤᠳᠤᠷᠢᠳᠬᠤ ᠪᠠᠭ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/1/30
 
   2023 ᠣᠨ ᠤ 1 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠠᠤᠬᠠᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠬᠤᠷᠠᠯ ᠡᠷᠭᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠤᠯᠠᠭᠠᠨᠬᠠᠳᠠ ᠬᠤᠳᠠ ᠶᠢᠨ ᠶᠢᠰᠦᠳᠦᠭᠡᠷ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠬᠤ᠋ ᠭᠦᠸᠧ ᠴᠢᠶᠠᠩ ᠬᠤᠷᠠᠯ ᠳᠤ ᠣᠷᠤᠯᠴᠠᠵᠤ ᠵᠢᠭᠠᠨ  ᠵᠢᠯᠤᠭᠤᠳᠤᠭᠰᠠᠨ ᠪᠦᠭᠡᠳ ᠦᠨᠡᠯᠡᠯᠲᠡ ᠬᠢᠵᠦ᠂ ᠤᠯᠠᠭᠠᠨᠬᠠᠳᠠ ᠬᠤᠳᠠ ᠶᠢᠨ ᠶᠢᠰᠦᠳᠦᠭᠡᠷ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ  ᠬᠤᠯᠪᠤᠭᠳᠠᠯ ᠪᠦᠬᠦᠢ ᠨᠥᠬᠦᠳ ᠬᠤᠷᠠᠯ ᠳᠤ  ᠣᠷᠤᠯᠴᠠᠵᠤ  ᠵᠢᠭᠠᠨ ᠵᠢᠯᠣᠭᠤᠳᠪᠠ    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠨᠡ  ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ  ᠴᠢᠬᠤᠯᠠᠴᠢᠯᠠᠵᠤ᠂ ᠬᠤᠷᠠᠯ ᠠᠴᠠ ᠡᠮᠦᠨ᠎ᠡ ᠲᠤᠰᠬᠠᠶᠢᠯᠠᠨ ᠲᠥᠰᠥᠯ ᠲᠣᠭᠲᠠᠭᠠᠵᠤ᠂ ᠭᠦᠨᠵᠡᠭᠡᠢ ᠰᠤᠷᠤᠯᠴᠠᠨ  ᠰᠣᠳᠤᠯᠤᠨ ᠶᠠᠷᠢᠯᠴᠠᠵᠤ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠨᠠᠷᠢᠨ ᠬᠢᠨᠠᠮᠠᠭᠠᠢ ᠪᠠᠷ ᠰᠠᠨᠠᠯ ᠪᠣᠳᠤᠯ ᠢᠶᠠᠨ ᠰᠣᠯᠢᠯᠴᠠᠵᠤ᠂ ᠬᠠᠷᠭᠤᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠨᠢᠮᠪᠠᠢ ᠪᠢᠴᠢᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠪᠡ᠃    ᠬᠤᠷᠠᠯ ᠠᠴᠠ ᠡᠩ ᠲᠡᠷᠢᠭᠦᠨ ᠳᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ  ᠠᠷᠠᠳᠴᠢᠯᠠᠯ  ᠤᠨ ᠠᠮᠢᠳᠤᠷᠠᠯ  ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠲᠣᠰ ᠤᠳᠠᠭᠠᠨ ᠤ ᠠᠷᠠᠳᠴᠢᠯᠠᠯ  ᠤᠨ ᠠᠮᠢᠳᠤᠷᠠᠯ ᠤᠨ ᠬᠤᠷᠠᠯ ᠤᠨ ᠰᠠᠨᠠᠯ  ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠸᠠᠩ ᠶᠦᠩ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ  ᠬᠠᠷᠭᠤᠭᠤᠯᠤᠨ ᠪᠠᠶᠢᠴᠠᠭᠠᠯᠲᠠ ᠬᠢᠬᠦ ᠶᠢᠨ ᠬᠠᠮᠲᠤ  ᠣᠯᠠᠨ ᠢ ᠳᠠᠭᠠᠭᠤᠯᠤᠨ ᠬᠤᠪᠢ ᠬᠥᠮᠥᠨ ᠤ ᠬᠠᠷᠭᠤᠭᠤᠯᠤᠨ  ᠪᠠᠶᠢᠴᠠᠭᠠᠯᠲᠠ ᠬᠢᠪᠡ᠃ ᠪᠠᠶᠢᠩᠭᠤ ᠶᠢᠨ ᠬᠤᠷᠢᠶᠠᠨ ᠤ ᠪᠤᠰᠤᠳ ᠨᠥᠬᠦᠳ ᠬᠤᠪᠢ ᠬᠥᠮᠥᠨ ᠤ ᠬᠠᠷᠭᠤᠭᠤᠯᠤᠨ ᠪᠠᠶᠢᠴᠠᠭᠠᠯᠲᠠ ᠶᠢ ᠨᠢᠭᠡᠳ ᠨᠢᠭᠡ ᠪᠠᠷ ᠬᠢᠪᠡ᠃ ᠪᠠᠶᠢᠩᠭᠤ ᠶᠢᠨ ᠭᠡᠰᠢᠭᠦᠨ ᠨᠢᠭᠡᠪᠦᠷᠢ  ᠦᠭᠡ ᠬᠡᠯᠡᠭᠰᠡᠨ ᠤ ᠲᠠᠷᠠᠭ᠎ᠠ᠂ ᠪᠤᠰᠤᠳ ᠨᠥᠬᠦᠳ ᠲᠡᠰ  ᠳᠠᠷᠠᠭᠠᠯᠠᠨ ᠰᠢᠭᠦᠮᠵᠢᠯᠡᠬᠦ  ᠰᠠᠨᠠᠯ ᠳᠤᠷᠠᠳᠪᠠ᠃ ᠬᠤ᠋ ᠭᠦᠸᠧ ᠴᠢᠶᠠᠩ ᠦᠨᠡᠯᠡᠯᠲᠡ  ᠬᠢᠬᠦ ᠳᠡᠭᠡᠨ ᠡᠨᠡ  ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠭᠦᠢᠴᠡᠳ ᠨᠤᠲᠠᠯᠠᠭᠰᠠᠨ ᠪᠥᠭᠡᠳ ᠠᠰᠠᠭᠤᠳᠠᠯ ᠢ ᠴᠡᠭᠴᠡᠯᠡᠨ  ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃    ᠸᠠᠩ ᠶᠦᠩ ᠵᠢᠶᠦ᠋ᠨ ᠳ᠋ᠦᠩᠨᠡᠯᠲᠡ ᠬᠢᠬᠦ ᠳᠡᠭᠡᠨ᠂ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠨᠡᠯᠢᠶᠡᠳ ᠠᠮᠵᠢᠯᠲᠠ ᠲᠠᠢ ᠬᠤᠷᠠᠯᠳᠤᠭᠤᠯᠵᠤ᠂ ᠦᠵᠡᠯ ᠰᠠᠨᠠᠭ᠎ᠠ ᠪᠠᠨ ᠨᠢᠭᠡᠳᠬᠡᠬᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ᠂ ᠡᠭᠦᠷᠭᠡᠯᠡᠯ ᠢᠶᠠᠨ ᠴᠢᠩᠭᠠᠳᠬᠠᠬᠤ᠂ ᠬᠠᠮᠲᠤ ᠪᠠᠷ ᠳᠡᠭᠡᠭᠰᠢᠯᠡᠭᠦᠯᠬᠦ ᠵᠣᠷᠢᠯᠭ᠎ᠠ ᠳᠤ ᠭᠦᠷᠦᠭᠰᠡᠨ ᠪᠠᠶᠢᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠦᠵᠡᠯ ᠰᠠᠨᠠᠭ᠎ᠠ ᠤᠯᠤᠰ ᠲᠥᠷᠥ ᠶᠢᠨ ᠬᠥᠲᠥᠯᠥᠨ ᠳᠠᠭᠠᠭᠤᠯᠬᠤ ᠴᠢᠳᠠᠮᠵᠢ ᠪᠠᠨ ᠦᠷᠭᠦᠯᠵᠢᠯᠡᠨ ᠴᠢᠩᠭᠠᠳᠬᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠬᠤᠶᠠᠷ ᠢ ᠬᠠᠮᠠᠭᠠᠯᠠᠬᠤ︾ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠠᠷᠠᠳ ᠤᠨ ᠰᠠᠨᠠᠭ᠎ᠠ ᠶᠢ ᠬᠦᠨᠳᠦᠳᠬᠡᠬᠦ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠬᠤ᠂ ᠠᠷᠠᠳ ᠤᠨ ᠬᠦᠴᠦᠨ ᠢ ᠨᠢᠭᠲᠠᠷᠠᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠠᠵᠢᠯ ᠤᠨ ᠡᠯ᠎ᠡ ᠲᠠᠯ᠎ᠠ᠂ ᠪᠦᠬᠦ ᠶᠠᠪᠤᠴᠠ ᠳᠤ ᠳᠣᠭᠤᠰᠢᠯᠠᠭᠤᠯᠬᠤ ᠬᠡᠷᠡᠭᠲᠡᠢ᠃  ᠬᠠᠮᠲᠤ ᠣᠯᠠᠨ ᠢ ᠳᠠᠭᠠᠭᠤᠯᠤᠨ ᠨᠠᠮ ᠢ ᠬᠠᠮᠢᠶᠠᠷᠴᠤ ᠨᠠᠮ ᠢ ᠵᠠᠰᠠᠬᠤ ᠬᠡᠪ ᠳᠠᠭᠤᠷᠢᠶᠠᠯ ᠢ ᠰᠠᠶᠢᠲᠤᠷ ᠬᠢᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠠᠮ ᠤᠨ ᠰᠠᠬᠢᠯᠭ᠎ᠠ ᠨᠠᠮ ᠤᠨ ᠳᠦᠷᠢᠮ ᠢ ᠤᠬᠠᠮᠰᠠᠷ ᠠᠴᠠ ᠪᠠᠨ ᠵᠢᠷᠤᠮᠯᠠᠵᠤ᠂ ᠪᠥᠬᠦ ᠬᠤᠰᠢᠭᠤᠨ ᠤ ᠨᠠᠮ ᠤᠨ ᠰᠤᠷᠲᠠᠯ ᠵᠠᠰᠠᠭ ᠤᠨ ᠰᠤᠷᠲᠠᠯ ᠠᠷᠠᠳ ᠤᠨ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠥᠪ ᠴᠢᠩᠭ᠎ᠠ ᠪᠠᠷ ᠥᠷᠨᠢᠭᠦᠯᠵᠦ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ᠂ ᠶᠠᠪᠤᠳᠠᠯ ᠪᠦᠬᠦᠨ ᠳᠤ ᠬᠠᠷᠢᠭᠤ ᠥᠭᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠨ ᠭᠠᠷᠭᠠᠪᠠ᠃    ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠧ ᠰᠢᠤ ᠯᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠦᠸᠧ ᠬᠤᠸᠠ᠂ ᠬᠤᠰᠢᠭᠤᠨ ᠤ ᠨᠠᠮ ᠤᠨ ᠬᠤᠷᠢᠶ᠎ᠠ ᠶᠢᠨ  ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠤᠯᠴᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号