ᠣᠳᠣᠬᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠦᠷᠭᠦᠯᠵᠢᠯᠡᠨ ᠪᠣᠳᠠᠲᠠᠢ ᠪᠠᠷ ᠠᠳᠬᠤᠵᠤ | ᠵᠢᠯ ᠤᠨ ᠡᠬᠢᠨ ᠳᠤ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ ᠭᠡᠵᠦ | ᠱᠠᠭᠠᠷᠳᠠᠪᠠ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ ᠠᠮᠤ ᠪᠤᠳᠠᠭᠠᠨ ᠤ ᠡᠯᠪᠡᠭ ᠬᠤᠷᠢᠶᠠᠯᠲᠠ | ᠣᠯᠬᠤ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢ ᠲᠣᠭᠲᠠᠭᠤᠨ ᠢᠶᠠᠷ ᠬᠠᠩᠭᠠᠬᠤ ᠳᠤ ᠪᠠᠲᠤ ᠰᠠᠭᠤᠷᠢ ᠲᠠᠯᠪᠢᠬᠤ | ᠲᠤᠬᠠᠢ ᠪᠠᠶᠢᠷᠢᠯᠠᠭᠤᠯᠤᠯᠲᠠ ᠬᠢᠪᠡ | ᠬᠡᠷᠡᠭᠯᠡᠭᠡ ᠶᠢ ᠠᠬᠢᠭᠤᠯᠤᠨ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠦᠷᠭᠡᠨ ᠰᠡᠷᠭᠦᠭᠡᠯᠲᠡ ᠪᠠ | ᠲᠣᠭᠲᠠᠭᠤᠨ ᠢ ᠪᠠᠲᠤᠯᠠᠵᠤ ᠠᠵᠤ ᠠᠬᠤᠢ ᠳᠤ ᠦᠵᠡᠭᠦᠯᠬᠦ ᠲᠠᠲᠠᠬᠤ ᠬᠦᠴᠦᠨ ᠢ ᠴᠢᠩᠭᠠᠷᠠᠭᠤᠯᠬᠤ ᠬᠡᠷᠡᠭᠲᠡᠢ ᠭᠡᠵᠦ | ᠱᠠᠭᠠᠷᠳᠠᠪᠠ | ᠰᠢᠨᠬᠤᠸᠠ ᠬᠤᠷᠢᠶᠠᠨ ᠤ ᠪᠡᠭᠡᠵᠢᠩ ᠤᠨ 1 ᠳ᠋ᠦ᠋ᠭᠡᠷ ᠰᠠᠷ᠎ᠠ ᠶᠢᠨ 28 ᠤ ᠴᠠᠬᠢᠯᠭᠠᠨ ᠮᠡᠳᠡᠭᠡ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ | ᠯᠢ ᠺᠧ ᠴᠢᠶᠠᠩ 1 ᠳ᠋ᠦ᠋ᠭᠡᠷ ᠰᠠᠷ᠎ᠠ ᠶᠢᠨ 28 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯ ᠢ ᠡᠷᠬᠢᠯᠡᠨ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ | ᠦᠷᠭᠦᠯᠵᠢᠯᠡᠨ ᠪᠣᠳᠠᠲᠠᠢ ᠪᠠᠷ ᠠᠳᠬᠤᠵᠤ᠂ ᠵᠢᠯ ᠤᠨ ᠡᠬᠢᠨ ᠳᠤ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠢᠶᠠᠷ | ᠳᠡᠭᠡᠭᠰᠢᠯᠡᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ︔ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ | ᠬᠢᠵᠦ᠂ ᠠᠮᠤ ᠪᠤᠳᠠᠭᠠᠨ ᠤ ᠡᠯᠪᠡᠭ ᠬᠤᠷᠢᠶᠠᠯᠲᠠ ᠣᠯᠬᠤ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ | ᠲᠣᠭᠲᠠᠭᠤᠨ ᠢᠶᠠᠷ ᠬᠠᠩᠭᠠᠬᠤ ᠳᠤ ᠪᠠᠲᠤ ᠰᠠᠭᠤᠷᠢ ᠲᠠᠯᠪᠢᠬᠤ ᠲᠤᠬᠠᠢ ᠪᠠᠶᠢᠷᠢᠯᠠᠭᠤᠯᠤᠯᠲᠠ ᠬᠢᠪᠡ︔ ᠬᠡᠷᠡᠭᠯᠡᠭᠡ ᠶᠢ | ᠠᠬᠢᠭᠤᠯᠤᠨ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠦᠷᠭᠡᠨ ᠰᠡᠷᠭᠦᠭᠡᠯᠲᠡ ᠪᠠ ᠲᠣᠭᠲᠠᠭᠤᠨ ᠢ ᠪᠠᠲᠤᠯᠠᠵᠤ᠂ | ᠠᠵᠤ ᠠᠬᠤᠢ ᠳᠤ ᠦᠵᠡᠭᠦᠯᠬᠦ ᠲᠠᠲᠠᠬᠤ ᠬᠦᠴᠦᠨ ᠢ ᠴᠢᠩᠭᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠣᠳᠣᠬᠠᠨ ᠳᠤ ᠠᠵᠤ ᠠᠬᠤᠢ ᠦᠷᠭᠦᠯᠵᠢᠯᠡᠨ ᠰᠡᠷᠭᠦᠨ ᠳᠡᠭᠡᠭᠰᠢᠯᠡᠬᠦ ᠬᠠᠨᠳᠤᠰᠢ ᠲᠠᠢ ᠪᠠᠶᠢᠨ᠎ᠠ᠃ | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ | ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠨᠡᠮᠡᠭᠳᠡᠯ ᠢ | ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠪᠠᠷ | ᠬᠦᠴᠦᠯᠡᠨ ᠴᠢᠷᠮᠠᠶᠢᠵᠤ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠬᠡᠷᠡᠭᠲᠡᠢ᠃ | ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠦᠷᠤ ᠶᠢᠨ ᠪᠣᠳᠣᠯᠭ᠎ᠠ ᠪᠠ ᠦᠷᠭᠦᠯᠵᠢᠯᠡᠬᠦᠶᠢᠴᠡ ᠠᠷᠭ᠎ᠠ | ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ᠂ ᠮᠥᠩᠭᠦᠨ ᠭᠦᠢᠯᠭᠡᠭᠡᠨ ᠤ ᠪᠠᠭᠠᠵᠢ ᠪᠠᠷ ᠳᠡᠮᠵᠢᠭᠰᠡᠨ | ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ | ᠠᠬᠢᠭᠤᠯᠵᠤ᠂ ᠨᠡᠩ ᠤᠯᠠᠨ ᠪᠣᠳᠠᠲᠤ ᠵᠦᠢᠯ ᠤᠨ ᠠᠵᠢᠯ ᠤᠨ ᠬᠡᠮᠵᠢᠶ᠎ᠡ ᠶᠢ ᠪᠤᠢ ᠪᠣᠯᠭᠠᠵᠤ᠂ ᠤᠤᠯ ᠤᠨ ᠦᠷᠭᠦᠯᠵᠢᠯᠡᠨ | ᠬᠡᠷᠡᠭᠵᠢᠭᠦᠯᠬᠦ ᠪᠠᠷ ᠲᠣᠭᠲᠠᠭᠠᠭᠰᠠᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠶᠢᠨ ᠦᠷᠳᠡᠭ ᠨᠡᠮᠡᠭᠳᠡᠯ ᠤᠨ ᠭᠠᠶᠢᠯᠢ ᠶᠢ | ᠬᠠᠰᠤᠵᠤ ᠬᠡᠯᠲᠦᠷᠢᠭᠦᠯᠬᠦ᠂ ᠨᠡᠶᠢᠳᠡᠮ ᠬᠠᠷᠠᠭᠠᠯᠵᠠᠬᠤ ᠵᠢᠵᠢᠭ ᠪᠢᠴᠢᠯ ᠵᠢᠭᠡᠯᠡᠯᠭᠡ ᠵᠡᠷᠭᠡ ᠲᠦᠷᠤ ᠶᠢᠨ ᠪᠣᠳᠣᠯᠭ᠎ᠠ ᠶᠢ | ᠰᠠᠶᠢᠲᠤᠷ ᠬᠡᠷᠡᠭᠵᠢᠭᠦᠯᠦᠨ᠎ᠡ᠃ ︽ᠬᠤᠶᠠᠷ ᠢ ᠥᠴᠥᠬᠡᠨ ᠴᠦ ᠭᠤᠶᠢᠪᠢᠰᠢ ᠦᠭᠡᠢ ᠠᠳᠬᠤᠬᠤ︾ ᠶᠢ ᠪᠠᠷᠢᠮᠲᠠᠯᠠᠵᠤ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠵᠠᠬ᠎ᠠ | ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ | ᠪᠣᠢ ᠪᠣᠯᠭᠠᠨ᠎ᠠ᠃ ᠲᠠᠪᠴᠠᠩ ᠤᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠡᠮᠵᠢᠨ᠎ᠠ᠃ ᠪᠠᠶᠠᠷ ᠤᠨ | ᠡᠳᠦᠷ ᠤᠨ ᠳᠠᠷᠠᠭ᠎ᠠ ᠠᠵᠤ ᠠᠬᠤᠶᠢᠯᠠᠯ ᠤᠨ ᠦᠳᠲᠡᠷ ᠲᠦᠷᠭᠡᠨ ᠢᠶᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠶᠢ ᠠᠬᠢᠭᠤᠯᠵᠤ᠂ ᠬᠥᠯᠥᠰᠦᠨ ᠠᠵᠢᠯᠴᠢᠨ ᠤ ᠠᠵᠢᠯ ᠤᠨ ᠪᠠᠶᠢᠷᠢ ᠳᠤ ᠪᠠᠨ ᠪᠤᠴᠠᠵᠤ ᠠᠵᠢᠯ ᠣᠯᠬᠤ | ᠦᠢᠯᠡᠴᠢᠯᠡᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠳᠡᠭᠡᠳᠦ ᠳᠣᠣᠷᠠᠳᠤ ᠱᠠᠲᠤ ᠪᠠᠷ ᠢᠶᠠᠨ ᠬᠠᠮᠲᠤ ᠪᠠᠷ ᠴᠢᠷᠮᠠᠶᠢᠵᠤ | ᠂ ᠠᠵᠤ ᠠᠬᠤᠢ ᠶᠢᠨ ᠠᠵᠢᠯᠯᠠᠭᠠᠨ ᠤ ᠳᠡᠭᠡᠭᠰᠢᠯᠡᠬᠦ ᠬᠠᠨᠳᠤᠰᠢ ᠶᠢ ᠲᠠᠬᠢᠨ ᠪᠠᠬᠢᠵᠢᠭᠦᠯᠦᠨ ᠥᠷᠭᠡᠳᠬᠡᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠵᠢᠯ ᠤᠨ ᠠᠵᠢᠯ ᠬᠠᠪᠤᠷ ᠠᠴᠠ ᠡᠬᠢᠯᠡᠳᠡᠭ ᠭᠡᠳᠡᠭᠴᠢᠯᠡᠨ ᠬᠠᠪᠤᠷ ᠤᠨ ᠲᠠᠷᠢᠶᠠᠯᠠᠭ᠎ᠠ ᠶᠢᠨ ᠠᠮᠤ | ᠪᠤᠳᠠᠭᠠᠨ ᠤ ᠤᠨᠠᠯᠲᠠ ᠪᠦᠬᠦ ᠵᠢᠯ ᠤᠨ ᠵᠢᠷᠭᠤᠭᠠᠨ ᠬᠤᠪᠢ ᠣᠷᠴᠢᠮ ᠢ ᠡᠵᠡᠯᠡᠵᠦ᠂ ᠬᠠᠪᠤᠷ ᠤᠨ ᠬᠠᠮᠢᠶᠠᠷᠤᠯᠲᠠ ᠶᠢᠨ ᠠᠮᠤ | ᠪᠤᠳᠠᠭᠠᠨ ᠤ ᠤᠨᠠᠯᠲᠠ ᠭᠤᠣᠯ ᠠᠮᠤ ᠪᠤᠳᠠᠭᠠᠨ ᠤ ᠠᠷᠪᠠᠨ ᠤ ᠳᠥᠷᠪᠡᠨ ᠬᠤᠪᠢ ᠣᠷᠴᠢᠮ ᠢ ᠡᠵᠡᠯᠡᠵᠦ ᠪᠠᠶᠢᠨ᠎ᠠ᠃ | ᠬᠤᠶᠠᠳᠤᠭᠠᠷ ᠰᠠᠷ᠎ᠠ ᠶᠢᠨ ᠡᠬᠢ ᠪᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠪᠠᠷ ᠪᠠᠶᠢᠷᠢᠯᠠᠭᠤᠯᠤᠯᠲᠠ | ᠬᠢᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠲᠠᠷᠢᠶᠠᠯᠠᠩ ᠤᠨ ᠴᠠᠭ ᠢ ᠰᠠᠭᠠᠲᠠᠭᠠᠬᠤ ᠦᠭᠡᠢ ᠪᠠᠷ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠠᠳᠬᠤᠵᠤ᠂ ᠠᠮᠤ ᠪᠤᠳᠠᠭᠠᠨ ᠤ ᠲᠣᠭᠲᠠᠭᠤᠨ ᠢᠶᠠᠷ | ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ᠂ ᠪᠠᠷᠠᠭᠠᠨ ᠤ ᠦᠨ᠎ᠡ ᠶᠢᠨ ᠲᠣᠭᠲᠠᠭᠤᠨ ᠪᠠᠶᠢᠬᠤ ᠶᠢ ᠪᠠᠲᠤᠯᠠᠬᠤ ᠳᠤ ᠰᠠᠭᠤᠷᠢ | ᠲᠠᠯᠪᠢᠬᠤ ᠬᠡᠷᠡᠭᠲᠡᠢ᠃ ᠨᠢᠭᠡ ᠳᠤ᠂ ᠪᠤᠭᠤᠳᠠᠢ᠂ ᠰᠢᠯᠢᠮᠳᠡᠭ ᠤᠨ ᠲᠠᠷᠢᠶᠠᠨ ᠤ ᠬᠠᠪᠤᠷ ᠤᠨ ᠤᠯᠠᠷᠢᠯ ᠤᠨ ᠬᠠᠮᠢᠶᠠᠷᠤᠯᠲᠠ ᠶᠢ | ᠰᠠᠶᠢᠲᠤᠷ ᠠᠳᠬᠤᠨ᠎ᠠ᠃ ᠭᠠᠵᠠᠷ ᠣᠷᠣᠨ ᠪᠠ ᠴᠢᠬᠢ ᠮᠣᠳᠣᠨ ᠤ ᠪᠠᠶᠢᠳᠠᠯ ᠳᠤ ᠨᠢ ᠲᠣᠬᠢᠷᠠᠭᠤᠯᠤᠨ ᠮᠡᠷᠭᠡᠵᠢᠯ ᠤᠨ | ᠵᠢᠯᠣᠭᠤᠳᠤᠯᠭ᠎ᠠ ᠪᠠᠨ ᠴᠢᠩᠭᠠᠳᠬᠠᠵᠤ᠂ ᠬᠠᠪᠤᠷ ᠤᠨ ᠭᠠᠩ᠂ ᠬᠠᠪᠤᠷ ᠤᠨ ᠭᠡᠳᠡᠷᠭᠦ ᠬᠦᠢᠲᠡᠨ᠂ ᠡᠪᠡᠳᠴᠢᠨ ᠬᠤᠷᠣᠬᠠᠢ ᠶᠢᠨ | ᠭᠠᠮᠰᠢᠭ ᠵᠡᠷᠭᠡ ᠭᠠᠢ ᠭᠠᠮᠰᠢᠭ ᠢ ᠴᠠᠭ ᠲᠤᠬᠠᠢ ᠳᠤ ᠨᠢ ᠰᠡᠷᠭᠡᠶᠢᠯᠡᠬᠦ ᠬᠡᠷᠡᠭᠲᠡᠢ᠃ ᠬᠤᠶᠠᠷ ᠲᠤ᠂ ᠡᠯ᠎ᠡ ᠭᠠᠵᠠᠷ ᠤᠨ ᠠᠮᠤ | ᠪᠤᠳᠠᠭ᠎ᠠ ᠪᠣᠯᠣᠨ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠬᠠᠷᠠᠯᠲᠠ ᠶᠢ ᠲᠦᠷᠭᠡᠬᠡᠨ ᠲᠣᠳᠣᠷᠬᠠᠶᠢᠯᠠᠵᠤ᠂ ᠬᠠᠪᠤᠷ ᠤᠨ | ᠲᠠᠷᠢᠶᠠᠯᠠᠭ᠎ᠠ ᠶᠢᠨ ᠲᠠᠯᠠᠪᠠᠶ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠵᠤ᠂ ᠰᠢᠷ᠎ᠠ ᠪᠤᠷᠴᠠᠭ ᠳᠠᠷᠢᠬᠤ | ᠲᠠᠯᠠᠪᠠᠶ ᠶᠢ ᠲᠣᠭᠲᠠᠪᠤᠷᠢᠵᠢᠭᠤᠯᠤᠨ᠎ᠠ᠃ ᠭᠤᠷᠪᠠ ᠳᠤ᠂ ᠪᠠᠲᠤᠯᠠᠭ᠎ᠠ ᠶᠢᠨ ᠦᠢᠯᠡᠴᠢᠯᠡᠭᠡ ᠶᠢ ᠯᠠᠪᠳᠠᠭᠤᠨ ᠪᠠᠲᠤᠲᠠᠢ ᠰᠠᠶᠢᠲᠤᠷ | ᠬᠢᠨ᠎ᠡ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠣᠷᠣᠨ ᠪᠦᠰᠡ ᠠᠯᠤᠰᠯᠠᠨ ᠲᠣᠬᠢᠷᠠᠭᠤᠯᠤᠨ ᠵᠥᠭᠡᠭᠡᠪᠦᠷᠢᠯᠡᠬᠦ | ᠠᠵᠢᠯ ᠢ ᠰᠠᠶᠢᠲᠤᠷ ᠠᠳᠬᠤᠵᠤ᠂ ᠲᠠᠷᠢᠶᠠᠴᠢᠳ ᠤᠨ ᠦᠷ᠎ᠡ ᠪᠣᠷᠳᠣᠭᠤᠷ ᠪᠡᠯᠡᠳᠬᠡᠬᠦ ᠶᠢ ᠲᠡᠮᠵᠢᠨ᠎ᠠ᠃ ᠲᠠᠷᠢᠶᠠᠯᠠᠩ ᠤᠨ | ᠮᠡᠷᠭᠡᠵᠢᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠪᠣᠯᠪᠠᠰᠤᠷᠠᠯ ᠢ ᠥᠷᠨᠢᠭᠦᠯᠦᠨ᠎ᠡ᠃ | ᠲᠠᠷᠢᠶᠠᠯᠠᠩ ᠤᠨ ᠮᠠᠰᠢᠨ ᠢ ᠪᠠᠶᠢᠴᠠᠭᠠᠨ ᠵᠠᠰᠠᠬᠤ ᠪᠠ ᠣᠷᠣᠨ ᠠᠯᠤᠰᠯᠠᠨ ᠮᠠᠰᠢᠨ ᠢᠶᠠᠷ ᠬᠠᠭᠠᠯᠪᠤᠷᠢᠯᠠᠵᠤ ᠲᠡᠷᠢᠬᠤ ᠠᠵᠢᠯ ᠢ | ᠰᠠᠶᠢᠲᠤᠷ ᠵᠣᠬᠢᠶᠠᠨ ᠪᠠᠶᠢᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ | ᠪᠠᠳᠠᠷᠠᠭᠤᠯᠤᠨ᠂ ᠵᠢᠵᠢᠭ ᠲᠠᠷᠢᠶᠠᠴᠢᠨ ᠡᠷᠦᠭᠡ ᠶᠢ ᠬᠠᠪᠰᠤᠷᠴᠤ ᠲᠠᠷᠢᠶ᠎ᠠ ᠶᠢ ᠨᠢ ᠰᠠᠶᠢᠲᠤᠷ ᠲᠠᠷᠢᠭᠤᠯᠤᠨ᠎ᠠ᠃ ᠳᠥᠷᠪᠡ ᠳᠤ᠂ | ᠨᠠᠭᠠᠲᠤ ᠵᠠᠬ᠎ᠠ ᠶᠢᠨ ᠬᠤᠳᠠᠯᠳᠤᠨ ᠠᠪᠬᠤ ᠦᠨ᠎ᠡ ᠪᠠ ᠦᠢᠯᠡᠳᠪᠦᠷᠢᠯᠡᠭᠴᠢ ᠳᠤ ᠨᠥᠬᠦᠪᠦᠷᠢ ᠥᠭᠬᠦ ᠵᠡᠷᠭᠡ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠲᠠᠪᠤ ᠳᠤ᠂ ᠰᠢᠷ᠎ᠠ ᠪᠤᠷᠴᠠᠭ ᠲᠠᠷᠢᠬᠤ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠪᠤᠭᠤᠳᠠᠢ ᠶᠢᠨ ︽ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾ ᠨᠥᠬᠦᠪᠦᠷᠢ ᠶᠢ ᠨᠡᠶᠢᠳᠡᠮ | ᠪᠦᠷᠬᠦᠭᠦᠯᠬᠦ ᠶᠢ ᠦᠷᠭᠦᠯᠵᠢᠯᠡᠨ ᠬᠡᠷᠡᠭᠵᠢᠭᠦᠯᠵᠦ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠬᠢᠵᠠᠭᠠᠷᠯᠠᠬᠤ | ᠪᠡᠯᠡ ᠮᠥᠩᠭᠦ ᠶᠢ ᠡᠷᠲᠡᠬᠡᠨ ᠪᠠᠭᠤᠯᠭᠠᠵᠤ᠂ ᠡᠮᠦᠨᠡᠲᠦ ᠣᠷᠣᠨ ᠤ ᠡᠷᠲᠡ ᠶᠢᠨ ᠲᠤᠲᠤᠷᠭ᠎ᠠ ᠶᠢᠨ ᠴᠢᠬᠢ ᠶᠢ ᠲᠥᠪᠯᠡᠷᠡᠭᠦᠯᠦᠨ | ᠪᠣᠶᠢᠵᠢᠭᠤᠯᠬᠤ ᠨᠥᠬᠦᠪᠦᠷᠢ ᠶᠢ ᠬᠡᠷᠡᠭᠵᠢᠭᠦᠯᠵᠦ᠂ ᠲᠠᠷᠢᠶᠠᠴᠢᠳ ᠤᠨ ᠢᠳᠡᠪᠬᠢᠵᠢᠯ ᠢ ᠲᠠᠶᠢᠴᠢᠯᠠᠨ᠂ ᠭᠠᠷᠤᠯᠲᠠ ᠪᠠᠨ | ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠬᠡᠷᠡᠭᠴᠡᠭᠡ ᠱᠠᠭᠠᠷᠳᠠᠯᠭ᠎ᠠ ᠬᠦᠷᠦᠯᠴᠡᠬᠦ ᠦᠭᠡᠢ ᠪᠠᠶᠢᠭ᠎ᠠ ᠲᠣᠪᠣᠶᠢᠮ᠎ᠠ ᠵᠥᠷᠢᠴᠡᠯ ᠳᠤ ᠴᠢᠭᠯᠡᠭᠦᠯᠦᠨ᠂ | ᠠᠰᠢᠭᠲᠠᠢ ᠪᠠᠶᠢᠳᠠᠯ ᠢ ᠠᠮᠵᠢᠨ ᠬᠡᠷᠡᠭᠯᠡᠭᠡ ᠶᠢ ᠲᠦᠷᠭᠡᠳᠬᠡᠨ ᠰᠡᠷᠭᠦᠭᠡᠬᠦ ᠶᠢ ᠠᠬᠢᠭᠤᠯᠬᠤ ᠪᠠᠷ ᠠᠵᠤ ᠠᠬᠤᠢ ᠶᠢᠨ ᠭᠤᠣᠯ | ᠲᠠᠲᠠᠬᠤ ᠬᠦᠴᠦᠨ ᠪᠣᠯᠭᠠᠵᠤ᠂ ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠭᠠᠳᠠᠭᠠᠳᠤ | ᠠᠷᠠᠯᠵᠢᠶ᠎ᠠ ᠭᠠᠳᠠᠭᠠᠳᠤ ᠪᠡᠯᠡ ᠶᠢᠨ ᠲᠣᠭᠲᠠᠭᠤᠨ ᠪᠠᠶᠢᠬᠤ ᠶᠢ ᠪᠠᠲᠤᠯᠠᠵᠤ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ | ᠬᠡᠷᠡᠭᠲᠡᠢ᠃ ᠨᠢᠭᠡ ᠳᠤ᠂ ᠬᠡᠷᠡᠭᠯᠡᠭᠡ ᠶᠢ ᠬᠦᠴᠦᠯᠡᠨ ᠥᠷᠭᠡᠳᠬᠡᠨ᠎ᠡ᠃ ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ ᠠᠵᠤ | ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠴᠢᠷᠳᠡᠯ ᠢ ᠬᠠᠪᠰᠤᠷᠤᠨ ᠰᠢᠢᠳᠪᠦᠷᠢᠯᠡᠬᠦ ᠶᠢ | ᠠᠬᠢᠭᠤᠯᠵᠤ᠂ ᠮᠠᠰᠢᠨ ᠲᠡᠷᠭᠡ ᠵᠡᠷᠭᠡ ᠶᠢᠨ ᠶᠡᠭᠡ ᠬᠡᠮᠵᠢᠶᠡᠨ ᠤ ᠬᠡᠷᠡᠭᠯᠡᠭᠡᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠬᠡᠷᠡᠭᠯᠡᠭᠡ ᠶᠢ ᠠᠬᠢᠭᠤᠯᠬᠤ ᠤᠯᠠᠨ ᠶᠠᠩᠵᠤ ᠶᠢᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠬᠦᠷᠦᠯᠴᠡᠬᠦ ᠬᠡᠯᠪᠡᠷᠢ ᠶᠢᠨ ᠬᠡᠷᠡᠭᠯᠡᠭᠡ ᠶᠢ ᠲᠦᠷᠭᠡᠪᠴᠢᠯᠡᠨ ᠰᠡᠷᠭᠦᠭᠡᠬᠦ ᠶᠢ ᠠᠬᠢᠭᠤᠯᠬᠤ ᠬᠡᠷᠡᠭᠲᠡᠢ | ᠃ ᠬᠡᠷᠡᠭᠯᠡᠭᠡᠨ ᠤ ᠵᠢᠭᠡᠯᠡᠯᠭᠡ ᠶᠢ ᠵᠦᠢ ᠵᠣᠬᠢᠰᠲᠠᠢ ᠨᠡᠮᠡᠭᠳᠡᠭᠦᠯᠦᠨ᠎ᠡ᠃ ᠬᠤᠲᠠ ᠶᠢᠨ ᠪᠠᠶᠢᠳᠠᠯ ᠳᠤ ᠨᠢ ᠲᠣᠬᠢᠷᠠᠭᠤᠯᠤᠨ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠲᠥᠷᠥ ᠶᠢᠨ ᠪᠣᠳᠣᠯᠭ᠎ᠠ ᠶᠢᠨ ᠪᠠᠭᠠᠵᠢ ᠬᠡᠷᠡᠭᠰᠡᠯ ᠢ ᠰᠠᠶᠢᠲᠤᠷ ᠬᠡᠷᠡᠭᠯᠡᠵᠦ᠂ | ᠣᠷᠣᠨ ᠰᠠᠭᠤᠴᠠ ᠶᠢᠨ ᠵᠠᠪᠠᠯ ᠪᠠᠶᠢᠬᠤ ᠪᠠ ᠰᠠᠶᠢᠵᠢᠷᠠᠭᠤᠯᠬᠤ ᠴᠢᠨᠠᠷᠲᠠᠢ ᠬᠡᠷᠡᠭᠴᠡᠭᠡ ᠶᠢ ᠳᠡᠮᠵᠢᠵᠦ᠂ ᠪᠠᠲᠤᠯᠠᠭ᠎ᠠ ᠲᠠᠢ | ᠲᠤᠰᠢᠶᠠᠬᠤ ᠠᠰᠠᠷ ᠤᠨ ᠠᠵᠢᠯ ᠢ ᠰᠠᠶᠢᠲᠤᠷ ᠬᠢᠨ᠎ᠡ᠃ ᠬᠤᠶᠠᠷ ᠲᠤ᠂ ᠭᠠᠳᠠᠭᠠᠳᠤ ᠨᠡᠭᠡᠭᠡᠯᠲᠡ ᠬᠢᠬᠦ ᠤᠯᠤᠰ ᠤᠨ | ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠪᠣᠳᠠᠲᠠᠢ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠭᠠᠳᠠᠭᠠᠳᠤ | ᠠᠷᠠᠯᠵᠢᠶ᠎ᠠ ᠶᠢ ᠴᠢᠷᠮᠠᠶᠢᠨ ᠲᠣᠭᠲᠠᠪᠤᠷᠢᠵᠢᠭᠤᠯᠤᠨ᠎ᠠ᠃ ᠤᠯᠤᠰ ᠤᠨ ᠳᠣᠲᠣᠭᠠᠳᠤ ᠶᠢᠨ ᠰᠦᠯᠵᠢᠶᠡᠨ ᠠᠴᠠ ᠭᠠᠳᠠᠨᠠᠬᠢ | ᠦᠵᠡᠰᠬᠦᠯᠡᠩ ᠢ ᠰᠡᠷᠭᠦᠭᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠬᠢᠯᠢ ᠠᠴᠠ ᠭᠠᠷᠴᠤ ᠦᠵᠡᠰᠬᠦᠯᠡᠩ ᠳᠤ | ᠣᠷᠤᠯᠴᠠᠬᠤ ᠶᠢ ᠳᠡᠮᠵᠢᠨ᠎ᠡ᠃ ᠭᠠᠳᠠᠭᠠᠳᠤ ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ᠂ ᠢᠲᠡᠭᠡᠮᠵᠢᠲᠦ ᠵᠢᠭᠡᠯᠡᠯᠭᠡ᠂ | ᠢᠲᠡᠭᠡᠮᠵᠢ ᠶᠢᠨ ᠪᠠᠲᠤᠯᠠᠭ᠎ᠠ ᠵᠡᠷᠭᠡ ᠶᠢᠨ ᠲᠥᠷᠥ ᠶᠢᠨ ᠪᠣᠳᠣᠯᠭ᠎ᠠ ᠶᠢ ᠨᠠᠢᠳᠠᠪᠤᠷᠢᠵᠢᠭᠤᠯᠵᠤ᠂ ᠠᠷᠠᠳ ᠤᠨ ᠵᠣᠭᠤᠰᠤᠨ ᠤ | ᠭᠤᠪᠢᠭᠤᠯᠭ᠎ᠠ ᠶᠢᠨ ᠨᠣᠷᠮ᠎ᠠ ᠶᠢᠨ ᠦᠨᠳᠦᠰᠦᠨ ᠳᠤ ᠪᠠᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ | ᠪᠠᠶᠢᠬᠤ ᠶᠢ ᠲᠣᠭᠲᠠᠭᠤᠨ ᠢᠶᠠᠷ ᠪᠠᠲᠤᠯᠠᠨ᠎ᠠ᠃ ᠠᠵᠤ ᠠᠬᠤᠶᠢᠯᠠᠯ ᠤᠨ ᠣᠷᠣᠨ ᠪᠦᠰᠡ ᠶᠢᠨ ᠪᠦᠬᠦ ᠲᠠᠯ᠎ᠠ ᠶᠢᠨ ᠠᠵᠤ | ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠢ ᠰᠠᠶᠢᠲᠤᠷ ᠠᠰᠢᠭᠯᠠᠵᠤ ᠪᠠᠶᠢᠭᠠᠳ ᠵᠠᠬ᠎ᠠ ᠳᠡᠯᠭᠡᠭᠦᠷ ᠢ | ᠥᠷᠭᠡᠳᠬᠡᠬᠦ ᠶᠢ ᠳᠡᠮᠵᠢᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠭᠠᠳᠠᠭᠠᠳᠤ ᠳᠠᠬᠢ ᠬᠥᠮᠥᠷᠭᠡ ᠵᠡᠷᠭᠡ ᠶᠢᠨ | ᠤᠯᠠᠮ ᠨᠢᠭᠡ ᠠᠯᠬᠤᠮ ᠬᠥᠭᠵᠢᠬᠦ ᠶᠢ ᠠᠬᠢᠭᠤᠯᠤᠨ᠎ᠠ᠃ ᠭᠠᠳᠠᠭᠠᠳᠤ ᠠᠷᠠᠯᠵᠢᠶᠠᠨ ᠤ ᠥᠷᠢᠰᠦᠯᠳᠦᠬᠦ ᠬᠦᠴᠦᠨ ᠢ | ᠳᠡᠭᠡᠭᠰᠢᠯᠡᠭᠦᠯᠦᠨ᠎ᠡ᠃ ᠭᠠᠳᠠᠭᠠᠳᠤ ᠠᠴᠠ ᠣᠷᠣᠭᠤᠯᠬᠤ ᠶᠢ ᠵᠦᠢ ᠵᠣᠬᠢᠰᠲᠠᠢ ᠥᠷᠭᠡᠳᠬᠡᠨ᠎ᠡ᠃ ᠭᠤᠷᠪᠠ ᠳᠤ᠂ ᠭᠠᠳᠠᠭᠠᠳᠤ | ᠪᠡᠯᠡ ᠶᠢ ᠢᠳᠡᠪᠬᠢᠲᠡᠢ ᠪᠠᠷ ᠲᠠᠲᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠵᠤ ᠨᠡᠭᠡᠭᠡᠬᠦ ᠠᠵᠤ | ᠦᠢᠯᠡᠰ ᠤᠨ ᠰᠢᠨ᠎ᠡ ᠭᠠᠷᠴᠠᠭ ᠢ ᠲᠦᠷᠭᠡᠪᠴᠢᠯᠡᠨ ᠨᠠᠶᠢᠳᠠᠪᠤᠷᠢᠵᠢᠭᠤᠯᠬᠤ ᠶᠢ ᠵᠣᠷᠢᠭᠵᠢᠭᠤᠯᠤᠨ᠎ᠠ᠃ ᠣᠷᠣᠨ ᠨᠤᠲᠤᠭ ᠤᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠡᠮᠵᠢᠨ᠎ᠠ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ | ᠵᠡᠷᠭᠡ ᠲᠠᠪᠴᠠᠩ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ ᠬᠥᠮᠥᠰ ᠤᠨ ᠬᠢᠯᠢ ᠠᠯᠤᠰᠯᠠᠨ ᠶᠠᠪᠤᠯᠴᠠᠬᠤ ᠳᠤ | ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ | ᠦᠢᠯᠡᠴᠢᠯᠡᠭᠡ ᠶᠢ ᠦᠷᠭᠦᠯᠵᠢᠯᠡᠨ ᠴᠢᠩᠭᠠᠳᠬᠠᠵᠤ᠂ ᠴᠢᠬᠤᠯᠠ ᠶᠡᠭᠡ ᠲᠥᠷᠥᠯ ᠵᠦᠢᠯ ᠢ ᠲᠦᠷᠭᠡᠪᠴᠢᠯᠡᠨ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | | | | | | | | | | | | | | | | | | |