ᠠᠤᠬᠠᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠪᠥᠬᠦ ᠬᠤᠰᠢᠭᠤᠨ ᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠪᠠ
ᠨᠡᠶᠢᠲᠡᠯᠡᠭᠰᠡᠨ ᠴᠠᠭ᠄
2023/1/31
       ᠲᠣᠪᠴᠢᠶ᠎ᠠ ᠶᠢᠨ ᠰᠢᠰᠲ᠋ᠧᠮ ᠤᠨ ᠨᠠᠮ ᠤᠨ ᠰᠤᠷᠲᠠᠯ  ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠶᠢᠨ ᠲᠥᠯᠥᠭᠡ᠂ 1 ᠰᠠᠷ᠎ᠠ ᠶᠢᠨ 29 ᠤ ᠡᠳᠦᠷ᠂ ᠠᠤᠬᠠᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠠᠴᠠ ᠠᠤᠬᠠᠨ ᠬᠤᠰᠢᠭᠤᠨ ᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠵᠤ᠂ ᠪᠥᠬᠦ ᠺᠠᠳ᠋ᠷ ᠠᠵᠢᠯᠲᠠᠨ ᠠᠵᠢᠯᠴᠢᠨ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ ᠠᠤᠬᠠᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠵᠠᠷᠯᠠᠨ ᠮᠡᠳᠡᠭᠳᠡᠭᠰᠡᠨ ᠣᠯᠠᠨ ᠲᠦᠮᠡᠨ ᠤ ᠳᠡᠷᠭᠡᠳᠡ ᠡᠭᠦᠰᠦᠭᠰᠡᠨ ᠢᠯᠵᠠᠷᠠᠯ ᠪᠠ ᠰᠤᠷᠲᠠᠯ ᠤᠨ ᠠᠰᠠᠭᠤᠳᠠᠯ ᠤᠨ ᠵᠢᠷᠭᠤᠭᠠᠨ ᠵᠦᠢᠯ ᠤᠨ ᠲᠥᠷᠥᠯ ᠬᠡᠯᠪᠡᠷᠢ ᠶᠢ ᠳᠠᠮᠵᠢᠭᠤᠯᠤᠭᠰᠠᠨ ᠪᠥᠭᠡᠳ ᠬᠡᠷᠡᠭ ᠤᠨ ᠵᠢᠱᠢᠶ᠎ᠡ ᠶᠢᠨ ᠡᠭᠦᠰᠦᠭᠰᠡᠨ ᠦᠨᠳᠦᠰᠦ ᠰᠤᠷᠪᠤᠯᠵᠢ ᠪᠠ ᠬᠤᠣᠷ ᠬᠥᠨᠥᠭᠡᠯ ᠳᠤ ᠭᠦᠨᠵᠡᠭᠡᠢ ᠵᠠᠳᠠᠯᠤᠯᠲᠠ ᠬᠢᠭᠰᠡᠨ ᠪᠠᠶᠢᠨ᠎ᠠ᠃    ᠬᠤᠷᠠᠯ ᠠᠴᠠ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠰᠡᠷᠡᠮᠵᠢᠯᠡᠭᠦᠯᠬᠦ ᠬᠥᠮᠦᠵᠢᠯ ᠢ ᠭᠦᠨᠵᠡᠭᠡᠢ ᠥᠷᠨᠢᠭᠦᠯᠬᠦ ᠪᠣᠯ ᠥᠩᠭᠡᠷᠡᠭᠰᠡᠨ ᠢ ᠨᠢ ᠵᠠᠯᠬᠠᠭᠠᠵᠤ ᠬᠤᠶᠢᠰᠢᠳᠠ ᠳᠤᠨᠢ ᠴᠡᠭᠡᠷᠯᠡᠯ ᠪᠣᠯᠭᠠᠵᠤ ᠡᠪᠡᠳᠴᠢᠨ ᠢ ᠨᠢ ᠵᠠᠰᠠᠵᠤ ᠡᠳᠡᠭᠡᠷᠡᠭᠦᠯᠦᠨ ᠠᠪᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠮᠥᠨ︔ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠥᠰ ᠢᠶᠠᠨ ᠬᠥᠮᠥᠵᠢᠭᠦᠯᠬᠦ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢᠨ ᠴᠢᠬᠤᠯᠠ ᠭᠠᠷᠳᠠᠴᠠ ᠮᠥᠨ︔ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠃ ᠪᠦᠬᠦ ᠲᠠᠯ᠎ᠠ ᠪᠠᠷ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠴᠢᠨᠠᠭᠰᠢᠳᠠ ᠲᠠᠨᠢᠵᠤ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭ᠎ᠠ ᠶᠣᠰᠣ ᠰᠤᠷᠲᠠᠬᠤᠨ ᠤ ᠬᠤᠷᠢᠭ᠎ᠠ ᠱᠤᠭᠤᠮ ᠢ ᠦᠨᠡᠨᠬᠦ ᠪᠠᠲᠤ ᠪᠠᠶᠢᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢᠨ ᠬᠤᠷᠢᠭ᠎ᠠ ᠱᠤᠭᠤᠮ ᠢ ᠰᠠᠬᠢᠵᠤ᠂ ᠬᠡᠷᠡᠭ ᠢᠶᠠᠷ ᠲᠣᠯᠢ ᠪᠣᠯᠭᠠᠵᠤ᠂ ᠭᠦᠨᠵᠡᠭᠡᠢ ᠰᠤᠷᠭᠠᠮᠵᠢ ᠠᠪᠴᠤ᠂ ᠬᠢᠨᠠᠨ ᠪᠤᠳᠤᠬᠤ ᠲᠤᠬᠠᠶᠢᠯᠠᠭᠰᠠᠨ ᠠᠵᠢᠯ ᠢ ᠥᠷᠨᠢᠭᠦᠯᠬᠦ ᠳᠤ ᠬᠦᠴᠦᠲᠡᠢ ᠰᠠᠬᠢᠯᠭ᠎ᠠ ᠪᠠᠲᠤ ᠪᠣᠯᠣᠨ ᠰᠤᠷᠲᠠᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠪᠣᠯ ᠨᠢᠭᠡ ᠵᠦᠢᠯ ᠤᠨ ᠤᠷᠳᠤ ᠬᠤᠭᠤᠴᠠᠭᠠᠨ ᠤ ᠴᠢᠨᠠᠷᠲᠠᠢ᠂ ᠰᠢᠰᠲ᠋ᠧᠮᠲᠦ ᠴᠢᠨᠠᠷᠲᠠᠢ ᠠᠵᠢᠯ ᠪᠣᠯᠣᠨ᠎ᠠ᠂ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠰᠠᠭᠤᠳᠠᠯ ᠢ ᠵᠠᠳᠠᠯᠤᠨ ᠰᠢᠨᠵᠢᠯᠡᠬᠦ᠂ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠨᠡᠶᠢᠲᠡᠯᠢᠭ ᠬᠡᠷᠡᠭ ᠤᠨ ᠵᠢᠱᠢᠶ᠎ᠡ ᠠᠴᠠ ᠬᠥᠮᠦᠵᠢᠯ ᠬᠦᠷᠲᠡᠵᠦ ᠂ ᠨᠡᠩ ᠢᠳᠡᠪᠬᠢᠲᠡᠢ ᠠᠵᠢᠯ ᠦᠢᠯᠡᠰ ᠪᠦᠲᠦᠭᠡᠬᠦ ᠣᠪᠣᠷ ᠪᠠᠶᠢᠳᠠᠯ ᠪᠣᠯᠣᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠨᠢᠭᠡ ᠵᠢᠯ ᠤᠨ ᠠᠵᠢᠯ ᠳᠤ ᠣᠷᠤᠯᠴᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号