ᠠᠤᠬᠠᠨ ᠬᠤᠰᠢᠭᠤᠨ ᠤ 2023 ᠣᠨ ᠤ ᠥᠯᠵᠡᠶᠢᠲᠦ ᠡᠳᠦᠷ ᠤᠨ ᠪᠠᠶᠠᠷ ᠤᠨ ᠳᠠᠭᠤᠤ ᠬᠦᠭᠵᠢᠮᠲᠦ ᠬᠤᠸᠠᠷ ᠫᠤᠤᠵᠢᠩ ᠤᠨ ᠦᠳᠡᠰᠢᠯᠡᠭᠡ ᠶᠢᠨ ᠠᠵᠢᠯᠯᠠᠭ᠎ᠠ ᠶᠢᠨ ᠠᠯᠪᠠᠨ ᠵᠠᠷ
ᠨᠡᠶᠢᠲᠡᠯᠡᠭᠰᠡᠨ ᠴᠠᠭ᠄
2023/1/31
     ᠠᠷᠠᠳ ᠤᠯᠠᠨ ᠤ ᠪᠠᠶᠠᠷ ᠤᠨ ᠡᠳᠦᠷ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ ᠬᠥᠭᠵᠢᠶᠡᠨᠲᠡᠢ ᠪᠣᠯᠭᠠᠵᠤ᠂ ᠪᠠᠶᠠᠷ ᠪᠠᠶᠠᠰᠤᠯ ᠲᠠᠢ᠂ ᠥᠯᠵᠡᠢ ᠪᠡᠯᠭᠡ ᠲᠠᠢ᠂ ᠪᠠᠶᠠᠷ ᠪᠠᠶᠠᠰᠬᠤᠯᠠᠩ ᠲᠠᠢ᠂ ᠬᠦᠷ ᠬᠥᠭᠵᠢᠶᠡᠨ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 2023 ᠣᠨ ᠤ ᠥᠯᠵᠡᠶᠢᠲᠦ ᠡᠳᠦᠷ ᠤᠨ ᠪᠠᠶᠠᠷ ᠲᠤ ᠴᠠᠭᠠᠨ ᠰᠠᠷ᠎ᠠ ᠶᠢ ᠪᠡᠯᠭᠡᠯᠡᠬᠦ ᠳᠠᠭᠤᠤ ᠬᠥᠭᠵᠢᠮᠲᠦ ᠬᠤᠸᠠᠷ ᠫᠤᠤᠵᠢᠩ ᠤᠨ ᠦᠳᠡᠰᠢᠯᠡᠭᠡ ᠬᠢᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ  ᠢ ᠳᠣᠣᠷᠠᠬᠢ ᠮᠡᠲᠦ ᠵᠠᠷᠯᠠᠶ᠎ᠠ᠄    ᠨᠢᠭᠡ᠂ ᠬᠤᠸᠠᠷ   ᠫᠤᠤᠵᠢᠩ ᠲᠠᠯᠪᠢᠬᠤ  ᠴᠠᠭ    2023 ᠣᠨ ᠤ 2 ᠰᠠᠷ᠎ᠠ ᠶᠢᠨ 5 ᠤ ᠡᠳᠦᠷ ︵ᠴᠠᠭᠠᠨ ᠰᠠᠷ᠎ᠠ ᠶᠢᠨ ᠠᠷᠪᠠᠨ ᠲᠠᠪᠤᠨ︶ 19᠄ 20 — 20᠄ 00᠃    ᠬᠤᠶᠠᠷ᠂ ᠬᠤᠸᠠᠷ  ᠫᠤᠤᠵᠢᠩ ᠲᠠᠯᠪᠢᠬᠤ ᠭᠠᠵᠠᠷ    ᠠᠤᠬᠠᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠤᠶᠢᠲᠤ  ᠬᠡᠰᠡᠭ ᠭᠠᠵᠠᠷ ︵ᠾᠦᠢ ᠵᠧᠦ ᠵᠡᠭᠡᠯᠢ ᠶᠢᠨ ᠵᠡᠭᠦᠨ᠂ ᠰᠢᠨ ᠵᠧᠦ ᠵᠡᠭᠡᠯᠢ ᠶᠢᠨ ᠪᠠᠷᠠᠭᠤᠨ᠂  ᠾᠦᠢ ᠶᠤᠸᠠᠨ ᠵᠠᠮ ᠤᠨ ᠡᠮᠦᠨ᠎ᠡ᠂ ᠾᠦᠢ ᠮᠢᠨ ᠵᠠᠮ ᠤᠨ ᠬᠤᠶᠢᠲᠤ︶    ᠭᠤᠷᠪᠠ᠂ ᠭᠤᠣᠯᠯᠠᠨ ᠡᠷᠭᠢᠯᠡᠬᠦ᠂ ᠳᠠᠭᠠᠭᠠᠨ ᠭᠦᠢᠴᠡᠳᠬᠡᠬᠦ᠂ ᠬᠤᠸᠠᠷ ᠫᠤᠤᠵᠢᠩ ᠲᠠᠯᠪᠢᠬᠤ ᠨᠢᠭᠡᠴᠡ    ᠭᠤᠣᠯᠯᠠᠨ ᠡᠷᠭᠢᠯᠡᠭᠰᠡᠨ ᠨᠢᠭᠡᠴᠡ᠄ ᠠᠤᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ    ᠳᠠᠭᠠᠭᠠᠨ ᠭᠦᠢᠴᠡᠳᠬᠡᠬᠦ ᠨᠢᠭᠡᠴᠡ᠄ ᠠᠤᠬᠠᠨ ᠬᠤᠰᠢᠭᠤᠨ ᠤ ᠵᠥᠩ ᠶᠤᠸᠠᠨ ᠳᠤᠯᠠᠭᠠᠯᠠᠭ᠎ᠠ ᠶᠢᠨ ᠬᠢᠵᠠᠭᠠᠷᠲᠤ ᠺᠣᠮᠫᠠᠨᠢ    ᠫᠤᠤᠵᠢᠩ ᠲᠠᠯᠪᠢᠬᠤ ᠨᠢᠭᠡᠴᠡ᠄ ᠯᠢᠦ ᠶᠠᠩ ᠬᠤᠲᠠ ᠶᠢᠨ ᠰᠢᠨ ᠫᠧᠩ ᠬᠤᠸᠠᠷ ᠫᠤᠤᠵᠢᠩ ᠲᠠᠯᠪᠢᠬᠤ ᠬᠢᠵᠠᠭᠠᠷᠲᠤ ᠺᠣᠮᠫᠠᠨᠢ    ᠳᠥᠷᠪᠡ᠂ ᠠᠩᠬᠠᠷᠬᠤ ᠵᠦᠢᠯ    ︵ᠨᠢᠭᠡ︶ ᠬᠤᠸᠠᠷ ᠫᠤᠤᠵᠢᠩ ᠲᠠᠯᠪᠢᠵᠤ ᠪᠠᠶᠢᠭ᠎ᠠ ᠬᠤᠭᠤᠴᠠᠭᠠᠨ  ᠳᠤ᠂ ᠥᠷᠭᠡᠨ ᠤᠯᠠᠨ ᠰᠠᠭᠤᠭᠠᠯᠢ ᠠᠷᠠᠳ ᠪᠣᠯᠪᠠᠰᠤᠨ ᠢᠶᠠᠷ ᠰᠣᠨᠢᠷᠬᠠᠵᠤ᠂ ᠤᠯᠠᠨ ᠨᠡᠶᠢᠲᠡ ᠶᠢᠨ ᠲᠠᠯᠠᠪᠤᠷ ᠤᠨ ᠠᠵᠢᠯᠯᠠᠭᠠᠨ  ᠤ ᠡᠮᠬᠢ ᠳᠢᠭᠯᠢᠮ ᠢ ᠤᠬᠠᠮᠰᠠᠷ ᠠᠴᠠ ᠪᠠᠨ ᠰᠠᠬᠢᠵᠤ᠂ ᠲᠤᠬᠠᠢ ᠶᠢᠨ ᠲᠠᠯᠠᠪᠠᠢ ᠶᠢᠨ ᠠᠵᠢᠯᠲᠠᠳ ᠤᠨ ᠵᠢᠯᠣᠭᠤᠳᠤᠯᠭ᠎ᠠ ᠪᠣᠯᠣᠨ ᠬᠠᠮᠢᠶᠠᠷᠤᠯᠲᠠ ᠶᠢ ᠲᠠᠭᠠᠵᠤ᠂ ᠮᠣᠳᠣ ᠮᠠᠴᠤᠬᠤ᠂ ᠶᠠᠭᠤᠮ᠎ᠠ ᠬᠡᠦᠮ᠎ᠡ ᠪᠠᠨ ᠬᠠᠶᠠᠬᠤ᠂ ᠤᠯᠠᠨ ᠨᠡᠶᠢᠲᠡ ᠶᠢᠨ  ᠲᠦᠬᠦᠭᠡᠷᠦᠮᠵᠢ ᠶᠢ ᠡᠪᠳᠡᠬᠦ ᠶᠢ ᠴᠢᠩᠭ᠎ᠠ ᠴᠠᠭᠠᠵᠠᠯᠠᠵᠤ᠂ ᠠᠯᠢᠪᠠ ᠨᠢᠭᠡᠴᠡ᠂ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠥᠮᠥᠨ ᠳᠤᠷ᠎ᠠ ᠪᠠᠷ ᠢᠶᠠᠨ ᠵᠢᠯᠣᠭᠤᠴᠢ ᠦᠭᠡᠢ ᠨᠢᠰᠬᠡᠯ ᠬᠡᠷᠡᠭᠯᠡᠬᠦ᠂ ᠳᠡᠭᠳᠡᠭᠦᠷ ᠳ᠋ᠧᠩ ᠠᠰᠠᠭᠠᠬᠤ ᠵᠡᠷᠭᠡ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠬᠤᠸᠠᠷ ᠫᠤᠤᠵᠢᠩ ᠤᠨ ᠦᠳᠡᠰᠢᠯᠡᠭᠡ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃    ︵ᠬᠤᠶᠠᠷ︶ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠤᠸᠠᠷ ᠫᠤᠤᠵᠢᠩ ᠤᠨ ᠦᠳᠡᠰᠢᠯᠡᠭᠡ ᠶᠢᠨ ᠲᠤᠬᠠᠢ ᠶᠢᠨ ᠡᠳᠦᠷ ᠲᠤ᠂ ᠵᠠᠮ ᠬᠠᠷᠢᠯᠴᠠᠭᠠᠨ ᠤ ᠭᠤᠣᠯ ᠣᠷᠣᠨ᠂ ᠬᠠᠮᠢᠶᠠᠷᠤᠨ ᠡᠵᠡᠮᠳᠡᠬᠦ ᠣᠷᠣᠨ ᠤ ᠳᠣᠲᠣᠷᠠᠬᠢ ᠵᠠᠮ ᠳᠤ ᠣᠷᠣᠨ ᠬᠤᠪᠢᠶᠠᠨ ᠴᠠᠭ ᠬᠤᠪᠢᠶᠠᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠰᠠᠯᠭᠠᠨ ᠲᠣᠬᠢᠷᠠᠭᠤᠯᠵᠤ᠂ ᠥᠷᠭᠡᠨ ᠣᠯᠠᠨ ᠰᠠᠭᠤᠭᠠᠯᠢ ᠠᠷᠠᠳ ᠢ ᠲᠤᠬᠠᠢ ᠶᠢᠨ ᠲᠠᠯᠠᠪᠤᠷ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠣᠭᠤᠳᠤᠯᠭ᠎ᠠ ᠶᠢ ᠳᠠᠭᠠᠵᠤ ᠬᠥᠲᠥᠯᠥᠨ ᠵᠢᠯᠤᠭᠤᠳᠬᠤ ᠶᠢ ᠬᠦᠰᠡᠵᠦ ᠪᠠᠶᠢᠨ᠎ᠠ᠃    ︵ᠭᠤᠷᠪᠠ︶ ᠥᠷᠭᠡᠨ ᠣᠯᠠᠨ ᠰᠠᠭᠤᠭᠠᠯᠢ ᠠᠷᠠᠳ  ᠬᠤᠸᠠᠷ ᠫᠤᠤᠵᠢᠩ  ᠰᠣᠨᠢᠷᠬᠠᠬᠤ ᠶᠠᠪᠤᠴᠠ ᠳᠤ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠪᠥᠬᠦ ᠶᠠᠪᠤᠴᠠ ᠳᠤ ᠡᠮᠴᠢᠯᠡᠭᠡᠨ ᠳᠤ ᠬᠡᠷᠡᠭᠯᠡᠬᠦ  ᠨᠢᠭᠡ ᠤᠳᠠᠭ᠎ᠠ ᠶᠢᠨ ᠴᠢᠨᠠᠷᠲᠠᠢ ᠠᠮᠠᠪᠴᠢ ᠶᠢ ᠵᠡᠭᠦᠵᠦ᠂ ᠠᠮᠤᠷ ᠲᠦᠪᠰᠢᠨ ᠤ ᠵᠠᠢ ᠶᠢ ᠪᠠᠲᠤᠯᠠᠨ᠂ ᠪᠤᠰᠤᠳ ᠲᠠᠢ ᠣᠶᠢᠷᠠᠳᠬᠤ ᠶᠢ ᠠᠯᠢ ᠴᠢᠳᠠᠬᠤ ᠪᠠᠷ ᠪᠠᠭᠠᠰᠬᠠᠵᠤ᠂ ᠣᠪᠣᠭᠠᠷᠠᠬᠤ ᠠᠴᠠ ᠵᠠᠶᠢᠯᠠᠰᠬᠢᠬᠦ ᠬᠡᠷᠡᠭᠲᠡᠢ᠃    ᠣᠨᠴᠠᠭᠠᠶᠢᠯᠠᠨ ᠵᠠᠷᠯᠠᠪᠠ    ᠠᠤᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ    2023 ᠣᠨ ᠤ 1 ᠰᠠᠷ᠎ᠠ ᠶᠢᠨ 28 ᠤ ᠡᠳᠦᠷ
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号