| ᠠᠷᠠᠳ ᠣᠯᠠᠨ ᠤ ᠪᠠᠶᠠᠷ ᠤᠨ ᠡᠳᠦᠷ ᠤᠨ ᠠᠮᠤᠷ ᠲᠦᠪᠰᠢᠨ ᠢ ᠪᠠᠲᠤᠯᠠᠵᠤ᠂ ᠣᠶ ᠰᠢᠭᠤᠢ ᠶᠢᠨ ᠭᠠᠯ ᠤᠨ ᠠᠶᠤᠯ | ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠮᠠᠨ ᠤ ᠪᠠᠯᠭᠠᠰᠤᠨ ᠤ ᠣᠶ ᠰᠢᠭᠤᠢ ᠶᠢᠨ ᠭᠠᠯ ᠢ ᠰᠡᠷᠭᠡᠶᠢᠯᠡᠬᠦ | ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ ᠪᠠᠶᠢᠰᠡ ᠶᠢᠨ ᠬᠤᠷᠢᠶ᠎ᠠ | ᠪᠠᠯᠭᠠᠰᠤ ᠤᠷᠢᠳᠴᠢᠯᠠᠨ ᠪᠠᠶᠢᠷᠢᠯᠠᠭᠤᠯᠵᠤ᠂ ᠪᠣᠳᠠᠲᠠᠢ ᠳᠤ ᠰᠠᠭᠤᠷᠢᠯᠠᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠰᠢᠨ᠎ᠡ ᠣᠨ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠣᠶ ᠰᠢᠭᠤᠢ ᠶᠢᠨ ᠭᠠᠯ ᠰᠡᠷᠭᠡᠶᠢᠯᠡᠬᠦ | ᠠᠵᠢᠯ ᠢ ᠰᠠᠶᠢᠲᠤᠷ ᠠᠳᠬᠤᠨ᠎ᠠ᠃ | ᠤᠬᠠᠭᠤᠯᠭ᠎ᠠ ᠪᠠᠨ ᠴᠢᠩᠭᠠᠳᠬᠠᠵᠤ᠂ ᠭᠠᠯ ᠢ ᠰᠡᠷᠭᠡᠶᠢᠯᠡᠬᠦ ᠦᠵᠡᠯ ᠤᠬᠠᠮᠰᠠᠷ ᠢᠶᠠᠨ ᠳᠡᠭᠡᠭᠰᠢᠯᠡᠭᠦᠯᠦᠨ᠎ᠡ᠃ | ᠠᠤᠬᠠᠨ ᠬᠤᠰᠢᠭᠤᠨ ᠤ ᠭᠠᠯ ᠰᠡᠷᠭᠡᠶᠢᠯᠡᠬᠦ ᠠᠵᠢᠯ ᠤᠨ ᠠᠯᠪᠠᠨ ᠭᠡᠷ᠂ ᠳ᠋ᠠ ᠾᠧᠢ ᠱᠠᠨ ᠣᠶ ᠰᠢᠭᠤᠢ ᠶᠢᠨ ᠲᠠᠯᠠᠪᠠᠶ᠂ | ᠪᠠᠶᠢᠰᠡ ᠶᠢᠨ ᠬᠤᠷᠢᠶ᠎ᠠ ᠲᠣᠮᠢᠯᠠᠭᠰᠠᠨ ᠰᠠᠯᠪᠤᠷᠢ ᠨᠢ ᠪᠠᠶᠢᠰᠡ ᠶᠢᠨ ᠬᠤᠷᠢᠶ᠎ᠠ ᠪᠠᠯᠭᠠᠰᠤᠨ ᠤ ᠣᠶ ᠰᠢᠭᠤᠢ ᠶᠢᠨ | ᠥᠷᠲᠡᠭᠡ ᠲᠠᠢ ᠬᠠᠮᠲᠤᠷᠠᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠬᠤᠰᠢᠭᠤᠨ ᠤ ᠭᠠᠯ | ᠰᠡᠷᠭᠡᠶᠢᠯᠡᠬᠦ ᠠᠵᠢᠯ ᠤᠨ ᠠᠯᠪᠠᠨ ᠭᠡᠷ ᠪᠣᠯᠣᠨ ᠪᠠᠯᠭᠠᠰᠤᠨ ᠤ ᠣᠶ ᠬᠠᠮᠠᠭᠠᠯᠠᠭᠴᠢ ᠨᠠᠷ ᠤᠬᠠᠭᠤᠯᠭ᠎ᠠ ᠶᠢᠨ ᠡᠩᠨᠡᠭᠡ ᠶᠢ | ᠪᠦᠷᠢᠯᠳᠦᠭᠦᠯᠵᠦ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠲᠡᠷᠭᠡ ᠬᠥᠳᠡᠯᠭᠡᠭᠦ᠂ ᠤᠬᠠᠭᠤᠯᠭ᠎ᠠ ᠶᠢᠨ ᠪᠢᠴᠢᠭᠡᠰᠦ ᠡᠯᠭᠦᠬᠦ | ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠲᠣᠰᠬᠤᠨ ᠤ ᠠᠷᠠᠳ ᠲᠤ ᠣᠶ | ᠰᠢᠭᠤᠢ ᠶᠢᠨ ᠭᠠᠯ ᠰᠡᠷᠭᠡᠶᠢᠯᠡᠬᠦ ᠬᠠᠮᠢᠶ᠎ᠠ ᠪᠦᠬᠦᠢ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠣᠶ ᠰᠢᠭᠤᠢ ᠶᠢᠨ | ᠭᠠᠯ ᠤᠨ ᠭᠠᠮᠰᠢᠭ ᠤᠨ ᠬᠤᠣᠷ ᠬᠥᠨᠥᠭᠡᠯᠳᠦ ᠴᠢᠨᠠᠷ ᠢ ᠲᠠᠶᠢᠯᠪᠤᠷᠢᠯᠠᠨ᠂ ᠣᠯᠠᠨ ᠲᠦᠮᠡᠨ ᠤ ᠣᠶ ᠰᠢᠭᠤᠢ ᠶᠢᠨ ᠭᠠᠯ | ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ | ᠵᠠᠰᠠᠬᠤ ᠭᠠᠯ ᠰᠡᠷᠭᠡᠶᠢᠯᠡᠬᠦ ᠠᠭᠤᠷ ᠠᠮᠢᠰᠬᠤᠯ ᠢ ᠪᠣᠶ ᠪᠣᠯᠭᠠᠨ᠎ᠠ᠃ ᠣᠳᠣᠬᠠᠨ ᠪᠣᠯᠲᠠᠯ᠎ᠠ᠂ ᠤᠬᠠᠭᠤᠯᠬᠤ ᠲᠡᠷᠭᠡ ᠶᠢ | 100 ᠭᠠᠷᠤᠢ ᠤᠳᠠᠭ᠎ᠠ ᠬᠥᠳᠡᠯᠭᠡᠵᠦ᠂ ᠤᠬᠠᠭᠤᠯᠬᠤ ᠬᠠᠭᠤᠳᠠᠰᠤ ᠶᠢ 10000 ᠭᠠᠷᠤᠢ ᠬᠤᠪᠢ ᠲᠠᠷᠬᠠᠭᠠᠵᠠᠢ᠃ | ᠲᠣᠭᠤᠷᠢᠨ ᠪᠠᠶᠢᠴᠠᠭᠠᠬᠤ ᠶᠢ ᠥᠷᠨᠢᠭᠦᠯᠵᠦ᠂ ᠳᠠᠯᠳᠠ ᠬᠡᠮ ᠢ ᠪᠥᠬᠦ ᠬᠦᠴᠦᠨ ᠢᠶᠠᠷ ᠢᠶᠠᠨ ᠵᠢᠭᠰᠠᠭᠠᠨ | ᠪᠠᠶᠢᠴᠠᠭᠠᠨ᠎ᠠ᠃ ᠪᠠᠯᠭᠠᠰᠤᠨ ᠤ ᠣᠶ ᠰᠢᠭᠤᠢ ᠶᠢᠨ ᠥᠷᠲᠡᠭᠡ ᠶᠢᠨ ᠬᠠᠷᠢᠭᠤᠴᠠᠯᠭᠠᠲᠠᠨ ᠣᠶ ᠰᠢᠭᠤᠢ ᠬᠠᠮᠠᠭᠠᠯᠠᠭᠴᠢ ᠶᠢ | ᠳᠠᠭᠠᠭᠤᠯᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ᠂ ᠭᠤᠣᠯᠳᠠᠯᠭ᠎ᠠ ᠲᠠᠢ ᠭᠠᠯ | ᠰᠡᠷᠭᠡᠶᠢᠯᠡᠬᠦ ᠬᠤᠭᠤᠴᠠᠭᠠᠨ ᠳᠤ ᠠᠯᠢᠪᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ ᠲᠣᠭᠲᠠᠭᠠᠯ ᠢ | ᠴᠢᠩᠭ᠎ᠠ ᠨᠠᠶᠢᠳᠠᠪᠤᠷᠢᠵᠢᠭᠤᠯᠤᠨ᠂ ᠴᠢᠬᠤᠯᠠ ᠬᠡᠰᠡᠭ᠂ ᠠᠭᠤᠯᠠᠨ ᠳᠤ ᠣᠷᠣᠬᠤ ᠵᠠᠮ ᠤᠨ ᠠᠭᠤᠯᠵᠠᠷ᠂ ᠣᠶ ᠶᠢᠨ ᠵᠠᠮ | ᠵᠡᠷᠭᠡ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ | ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠢ᠃ ᠡᠭᠦᠨ ᠤ ᠬᠠᠮᠲᠤ᠂ ᠣᠶ ᠰᠢᠭᠤᠢ ᠬᠠᠮᠠᠭᠠᠯᠠᠭᠴᠢ ᠶᠢ | ᠡᠳᠦᠷ ᠲᠤᠲᠤᠮ ᠤᠨ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠪᠠᠨ ᠴᠢᠩᠭᠠᠳᠬᠠᠵᠤ᠂ ᠭᠠᠯ ᠤᠨ ᠭᠠᠮᠰᠢᠭ ᠤᠨ | ᠳᠠᠯᠳᠠ ᠬᠡᠮ ᠢ ᠡᠷᠲᠡ ᠢᠯᠡᠷᠡᠭᠦᠯᠵᠦ᠂ ᠡᠷᠲᠡ ᠮᠡᠳᠡᠭᠦᠯᠵᠦ᠂ ᠡᠷᠲᠡ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃ | ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ | ᠪᠠᠲᠤᠯᠠᠨ᠎ᠠ᠃ 24 ᠴᠠᠭ ᠢᠶᠠᠷ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠤᠳᠤᠷᠢᠳᠤᠯᠭ᠎ᠠ ᠶᠢᠨ ᠠᠵᠢᠯ ᠤᠨ ᠪᠠᠶᠢᠷᠢ ᠬᠤᠭᠤᠰᠤᠨ ᠪᠠᠶᠢᠬᠤ ᠦᠭᠡᠢ᠂ ᠠᠵᠢᠯ ᠤᠨ ᠪᠠᠶᠢᠷᠢ ᠳᠤ ᠬᠥᠮᠥᠨ | ᠳᠤᠲᠠᠭᠳᠠᠬᠤ ᠦᠭᠡᠢ᠂ ᠬᠠᠷᠢᠭᠤᠴᠠᠯᠭ᠎ᠠ ᠶᠢ ᠰᠠᠯᠭᠠᠬᠤ ᠦᠭᠡᠢ ᠪᠠᠶᠢᠬᠤ ᠶᠢ ᠪᠠᠷᠢᠮᠲᠠᠯᠠᠬᠤ ᠶᠢᠨ ᠬᠠᠮᠲᠤ᠂ ᠣᠶ | ᠰᠢᠭᠤᠢ ᠶᠢᠨ ᠭᠠᠯ ᠤᠨ ᠭᠠᠮᠰᠢᠭ ᠤᠨ ᠮᠡᠳᠡᠭᠡ ᠵᠠᠩᠭᠢ ᠶᠢ ᠮᠡᠳᠡᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠣᠶ ᠰᠢᠭᠤᠢ ᠶᠢᠨ ᠭᠠᠯ ᠤᠨ ᠭᠠᠮᠰᠢᠭ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠳᠡᠭᠡᠭᠰᠢ ᠳᠣᠷᠣᠭᠰᠢ | ᠳᠠᠮᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠠᠯ ᠤᠨᠲᠠᠷᠠᠭᠠᠬᠤ ᠡᠩᠨᠡᠭᠡ ᠪᠣᠯᠣᠨ ᠲᠣᠨᠣᠭᠯᠠᠯ ᠤᠨ ᠡᠳ᠋ | ᠪᠣᠳᠠᠰ ᠤᠨ ᠪᠡᠯᠡᠳᠬᠡᠯ ᠢ ᠪᠣᠳᠠᠲᠠᠶᠢᠵᠢᠭᠤᠯᠵᠤ᠂ ᠭᠠᠯ ᠤᠨ ᠪᠠᠶᠢᠳᠠᠯ ᠡᠭᠦᠰᠪᠡᠯ ᠳᠠᠷᠤᠢ ᠲᠦᠷᠭᠡᠨ ᠪᠦᠲᠦᠮᠵᠢᠲᠡᠶ | ᠰᠢᠢᠳᠪᠦᠷᠢᠯᠡᠵᠦ᠂ ᠭᠠᠯ ᠤᠨ ᠪᠠᠶᠢᠳᠠᠯ ᠤᠨ ᠥᠷᠭᠡᠵᠢᠨ ᠳᠡᠯᠭᠡᠷᠡᠬᠦ ᠶᠢ ᠴᠢᠩᠭ᠎ᠠ ᠰᠡᠷᠭᠡᠶᠢᠯᠡᠨ᠂ ᠡᠷᠲᠡ ᠂ ᠪᠠᠭ᠎ᠠ | ᠪᠠᠶᠢᠬᠤ ᠳᠤᠨᠢ ᠴᠣᠬᠢᠬᠤ ᠶᠢ ᠪᠡᠶᠡᠯᠡᠭᠦᠯᠬᠦ ᠬᠡᠷᠡᠭᠲᠡᠢ᠃ |