| ᠤᠯᠤᠰ ᠲᠦᠷᠦ ᠶᠢᠨ ᠬᠢᠨᠠᠯᠲᠠ ᠶᠢ ᠥᠷᠨᠢᠭᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠴᠠᠬᠢᠯᠭᠠᠨ | ᠬᠠᠩᠭᠠᠬᠤ ᠦᠢᠯᠡᠴᠢᠯᠡᠭᠡ᠂ ᠠᠶᠤᠯᠭᠦᠢ ᠦᠢᠯᠡᠳᠪᠦᠷᠢᠯᠡᠯ᠂ ︽ᠠᠵᠤ ᠠᠬᠤᠶᠢᠯᠠᠯ ᠳᠤ ᠲᠦᠰᠢᠭᠯᠡᠨ ᠠᠵᠤ ᠠᠬᠤᠶᠢᠯᠠᠯ ᠢ | ᠢᠳᠡᠬᠦ︾ ᠲᠤᠰᠬᠠᠢ ᠴᠡᠭᠴᠡᠯᠡᠨ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠤᠨ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠯᠲᠠ ᠬᠢᠵᠦ᠂ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠭ ᠢᠶᠠᠷ ᠨᠡᠶᠢᠳᠡᠮ ᠢ | ᠲᠠᠶᠢᠴᠢᠯᠠᠵᠤ᠂ ᠭᠤᠣᠯᠳᠠᠯᠭ᠎ᠠ ᠲᠠᠢ ᠠᠵᠢᠯ ᠤᠨ ᠰᠢᠪᠲᠤᠯᠤᠯᠲᠠ ᠪᠠᠷ ᠠᠵᠢᠯ ᠤᠨ ᠪᠦᠬᠦᠯᠢ ᠴᠣᠭᠴᠠ ᠶᠢᠨ ᠠᠬᠢᠴᠠ ᠶᠢ | ᠲᠠᠶᠢᠴᠢᠯᠠᠵᠤ᠂ ᠵᠢᠵᠢᠭ ᠰᠠᠵᠢᠭ ᠵᠦᠢᠯ ᠠᠴᠠ ᠭᠡᠮ ᠰᠣᠭᠤᠭ ᠢ ᠢᠯᠡᠷᠡᠭᠦᠯᠵᠦ᠂ ᠠᠰᠠᠭᠤᠳᠠᠯ ᠢ ᠴᠤᠬᠤᠶᠢᠵᠤ ᠪᠠᠶᠢᠭ᠎ᠠ | ᠪᠠᠶᠢᠳᠠᠯ ᠳᠤᠨᠢ ᠰᠢᠢᠳᠪᠦᠷᠢᠯᠡᠵᠦ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠤᠨ᠎ᠠ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠨᠠᠭᠤᠯᠭ᠎ᠠ ᠶᠢ ᠴᠢᠩᠭᠠᠳᠬᠠᠪᠠ᠃ ᠠᠷᠢᠭᠤᠨ ᠴᠢᠬᠡᠴᠢ ᠪᠠᠷ ᠵᠠᠰᠠᠭ | ᠪᠠᠷᠢᠬᠤ ᠲᠤᠬᠠᠢ ᠪᠣᠯᠵᠣᠨ ᠶᠠᠷᠢᠯᠴᠠᠬᠤ ᠶᠢ ᠥᠷᠨᠢᠭᠦᠯᠵᠦ᠂ ᠤᠳᠤᠷᠢᠳᠬᠤ ᠪᠠᠭ ᠤᠨ ᠣᠨ ᠤ ᠪᠣᠯᠵᠣᠨ ᠶᠠᠷᠢᠯᠴᠠᠬᠤ | ᠲᠥᠯᠥᠪᠯᠡᠭᠡ ᠪᠠᠨ ᠪᠡᠶᠡᠯᠡᠭᠦᠯᠬᠦ ᠶᠢ ᠰᠢᠪᠠᠳᠠᠨ ᠰᠠᠨᠠᠭᠤᠯᠵᠤ᠂ ᠳᠤᠮᠳᠠ ᠳᠠᠪᠬᠤᠷᠭ᠎ᠠ ᠶᠢᠨ ᠺᠠᠳ᠋ᠷᠴᠤᠳ ᠤᠨ ︽ᠨᠢᠭᠡ | ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠤᠯᠤᠰ ᠤᠨ ᠴᠠᠬᠢᠯᠭᠠᠨ ᠲᠣᠣᠷ ᠤᠨ ᠠᠤᠬᠠᠨ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠤᠳᠤᠷᠢᠳᠬᠤ ᠪᠠᠭ | ᠨᠡᠶᠢᠲᠡ 30 ᠭᠠᠷᠤᠢ ᠬᠥᠮᠥᠨ ᠤᠳᠠᠭ᠎ᠠ ᠪᠣᠯᠵᠣᠨ ᠶᠠᠷᠢᠯᠴᠠᠪᠠ︔ ᠡᠭᠦᠨ ᠤ ᠵᠡᠷᠭᠡᠪᠡᠷ ᠲᠤᠰᠬᠠᠢ ᠮᠡᠷᠭᠡᠵᠢᠯ ᠤᠨ | ᠳᠣᠲᠣᠷᠠᠬᠢ ᠴᠢᠬᠤᠯᠠ ᠠᠵᠢᠯ ᠤᠨ ᠪᠠᠶᠢᠷᠢ ᠶᠢᠨ ᠤᠯᠠᠨ ᠲᠦᠮᠡᠨ ᠲᠠᠢ ᠬᠠᠮᠲᠤ ᠶᠢᠨ ᠠᠷᠢᠭᠤᠨ ᠴᠢᠬᠡᠴᠢ ᠪᠠᠷ ᠵᠠᠰᠠᠭ | ᠪᠠᠷᠢᠬᠤ ᠲᠤᠬᠠᠢ ᠶᠠᠷᠢᠯᠴᠠᠭ᠎ᠠ ᠬᠢᠪᠡ᠃ ᠪᠠᠶᠠᠷ ᠤᠨ ᠡᠳᠦᠷ ᠤᠨ ᠬᠤᠭᠤᠴᠠᠭᠠᠨ ᠳᠤ ᠠᠷᠢᠭᠤᠨ ᠴᠢᠬᠡᠴᠢ ᠪᠠᠷ ᠵᠠᠰᠠᠭ | ᠪᠠᠷᠢᠬᠤ ᠶᠢ ᠰᠠᠨᠠᠭᠤᠯᠬᠤ ᠵᠡᠷᠭᠡ ᠠᠷᠭ᠎ᠠ ᠬᠡᠯᠪᠡᠷᠢ ᠪᠠᠷ ᠨᠠᠮ ᠤᠨ ᠭᠡᠰᠢᠭᠦᠨ ᠺᠠᠳ᠋ᠷᠴᠤᠳ ᠲᠤ ᠨᠠᠭᠠᠲᠤ ᠵᠠᠬ᠎ᠠ ᠶᠢᠨ | ᠬᠤᠷᠢᠭ᠎ᠠ ᠱᠤᠭᠤᠮ ᠳᠤ ᠬᠦᠷᠬᠦ ᠦᠭᠡᠢ᠂ ᠤᠯᠠᠭᠠᠨ ᠱᠣᠭᠤᠮ ᠢ ᠳᠠᠪᠠᠭ᠋ᠤ ᠦᠭᠡᠢ ᠪᠠᠶᠢᠬᠤ ᠶᠢ ᠰᠠᠨᠠᠭᠤᠯᠤᠨ᠎ᠠ᠃ | ᠠᠷᠢᠭᠤᠨ ᠴᠢᠬᠡᠴᠢ ᠰᠣᠶᠣᠯ ᠤᠨ ᠠᠴᠢᠶᠠᠯᠠᠪᠤᠷᠢ ᠶᠢᠨ ᠰᠢᠨ᠎ᠡ ᠶᠢ ᠡᠭᠦᠳᠪᠡ᠃ ᠣᠷᠣᠨ ᠨᠤᠲᠤᠭ ᠤᠨ ᠠᠷᠢᠭᠤᠨ | ᠴᠢᠬᠡᠴᠢ ᠰᠣᠶᠣᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ | ᠪᠠᠶᠢᠭᠤᠯᠤᠨ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠢᠶᠠᠷ ᠲᠣᠭᠤᠷᠢᠨ ᠦᠵᠡᠭᠦᠯᠵᠦ᠂ ᠨᠠᠮ ᠤᠨ ᠠᠷᠢᠭᠤᠨ | ᠴᠢᠬᠡᠴᠢ ᠶᠢᠨ ᠭᠧᠨ ᠢ ᠤᠯᠠᠮᠵᠢᠯᠠᠨ ᠵᠠᠯᠭᠠᠮᠵᠢᠯᠠᠨ᠎ᠠ᠃ ᠶᠣᠰᠣ ᠮᠣᠷᠠᠯ ᠤᠨ ᠬᠢᠴᠢᠶᠡᠯ ᠤᠨ ᠲᠠᠩᠬᠢᠮ᠂ ᠬᠥᠮᠥᠨ ᠤ | ᠬᠦᠴᠦᠨ ᠤ ᠶᠡᠭᠡ ᠬᠢᠴᠢᠶᠡᠯ ᠤᠨ ᠲᠠᠩᠬᠢᠮ ᠳᠤ ᠲᠦᠰᠢᠭᠯᠡᠨ᠂ ᠠᠷᠢᠭᠤᠨ ᠴᠢᠬᠡᠴᠢ ᠶᠢᠨ ᠰᠣᠶᠣᠯ ᠤᠨ | ᠪᠣᠯᠪᠠᠰᠤᠷᠠᠭᠤᠯᠤᠯ ᠢ ᠥᠷᠨᠢᠭᠦᠯᠦᠨ᠎ᠡ᠃ ᠠᠰᠠᠷ ᠤᠨ ᠲᠧᠯᠸᠢᠰ ᠢ ᠠᠰᠢᠭᠯᠠᠨ ᠰᠡᠷᠡᠮᠵᠢᠯᠡᠭᠦᠯᠬᠦ ᠬᠥᠮᠦᠵᠢᠯ ᠤᠨ ᠲᠤᠰᠬᠠᠢ | ᠰᠡᠳᠦᠪᠲᠦ ᠸᠢᠳᠢᠤ᠋ ᠶᠢ 5 ᠬᠤᠭᠤᠴᠠᠭ᠎ᠠ ᠭᠠᠷᠭᠠᠵᠤ᠂ ᠦᠢᠯᠡᠳᠪᠦᠷᠢᠯᠡᠯ ᠤᠨ ᠲᠠᠯᠠᠪᠤᠷ ᠲᠤ ᠠᠷᠢᠭᠤᠨ ᠴᠢᠬᠡᠴᠢ | ᠰᠣᠶᠣᠯ ᠤᠨ ᠬᠥᠮᠦᠵᠢᠯ ᠤᠨ ᠵᠢᠷᠤᠭ ᠤᠨ ᠰᠠᠮᠪᠠᠷ᠎ᠠ ᠵᠣᠬᠢᠶᠠᠵᠤ᠂ ᠠᠷᠢᠭᠤᠨ ᠴᠢᠬᠡᠴᠢ ᠵᠠᠰᠠᠭ ᠤᠨ ᠪᠢᠴᠢᠯᠭᠡ ᠵᠢᠷᠤᠭ᠂ | ᠠᠷᠢᠭᠤᠨ ᠴᠢᠬᠡᠴᠢ ᠵᠠᠰᠠᠭ ᠤᠨ ᠵᠠᠷᠯᠠᠯ ᠨᠠᠭᠠᠵᠤ᠂ ᠪᠦᠬᠦ ᠠᠵᠢᠯᠲᠠᠳ ᠢ ᠠᠷᠢᠭᠤᠨ ᠴᠢᠬᠡᠴᠢ ᠰᠣᠶᠣᠯ ᠤᠨ | ᠪᠠᠶᠢᠭᠤᠯᠤᠯᠲᠠ ᠶᠢᠨ ᠠᠵᠢᠯᠯᠠᠭ᠎ᠠ ᠳᠤ ᠣᠷᠣᠯᠴᠠᠭᠤᠯᠵᠤ᠂ ᠠᠷᠢᠭᠤᠨ ᠴᠢᠬᠡᠴᠢ ᠠᠭᠤᠷ ᠠᠮᠢᠰᠬᠤᠯ ᠤᠨ ᠦᠷᠭᠦᠯᠵᠢᠯᠡᠨ | ᠨᠢᠭᠲᠠᠷᠠᠵᠤ ᠪᠠᠶᠢᠬᠤ ᠶᠢ ᠮᠡᠳᠡᠷᠡᠭᠦᠯᠦᠨ᠎ᠡ᠃ |