ᠮᠠ ᠯᠢ ᠬᠤᠸᠠ ᠤᠢ ᠰᠢᠭᠤᠢ ᠶᠢ ᠲᠣᠭᠤᠷᠢᠨ ᠪᠠᠶᠢᠴᠠᠭᠠᠬᠤ ᠠᠵᠢᠯ ᠥᠷᠨᠢᠭᠦᠯᠬᠦ ᠶᠢᠨ ᠬᠠᠮᠲᠤ ᠤᠢ ᠰᠢᠭᠤᠢ ᠨᠤᠲᠤᠭ ᠪᠡᠯᠴᠢᠭᠡᠷ ᠤᠨ ᠭᠠᠯ  ᠰᠡᠷᠭᠡᠶᠢᠯᠡᠬᠦ ᠠᠵᠢᠯ ᠢ ᠭᠤᠣᠯᠳᠠᠯᠭ᠎ᠠ ᠲᠠᠢ ᠱᠠᠯᠠᠪᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2023/1/9
 
   1 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ  ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂  ᠣᠢ ᠰᠢᠭᠤᠢ ᠶᠢᠨ ᠳᠠᠷᠤᠭ᠎ᠠ ᠮᠠ ᠯᠢ ᠬᠤᠸᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ  ᠳᠡᠳ᠋ ᠳᠠᠷᠤᠭ᠎ᠠ᠂  ᠣᠢ ᠰᠢᠭᠤᠢ ᠶᠢᠨ ᠳᠡᠳ᠋ ᠳᠠᠷᠤᠭ᠎ᠠ ᠵᠧᠦ ᠵᠠᠨ ᠯᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ᠂ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠢ ᠳᠠᠭᠠᠭᠤᠯᠤᠨ ᠰᠧ ᠵᠢᠶᠠ ᠽᠢ ᠪᠠᠯᠭᠠᠰᠤ᠂ ᠶᠢᠨ ᠴᠠᠩ ᠭᠧᠦ ᠯᠢᠶᠠᠩ ᠪᠠᠯᠭᠠᠰᠤ᠂ ᠪᠠᠶᠢᠰᠡ ᠶᠢᠨ  ᠬᠤᠷᠢᠶ᠎ᠠ ᠪᠠᠯᠭᠠᠰᠤ᠂ ᠹᠧᠩ ᠱᠸᠦ ᠰᠢᠶᠠᠩ  ᠪᠣᠯᠤᠨ ᠳ᠋ᠠ ᠾᠧᠢ ᠱᠠᠨ ᠤᠢ ᠰᠢᠭᠤᠢ ᠶᠢᠨ ᠲᠠᠯᠠᠪᠠᠢ ᠵᠡᠷᠭᠡ ᠭᠠᠵᠠᠷ ᠲᠤ ᠬᠦᠷᠴᠦ ᠤᠢ ᠰᠢᠭᠤᠢ ᠶᠢ ᠲᠣᠭᠤᠷᠢᠨ ᠪᠠᠶᠢᠴᠠᠭᠠᠬᠤ ᠠᠵᠢᠯ ᠥᠷᠨᠢᠭᠦᠯᠪᠡ᠃ ᠡᠭᠦᠨ ᠤ ᠬᠠᠮᠲᠤ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠭᠤᠣᠯᠳᠠᠯᠭ᠎ᠠ ᠲᠠᠢ ᠪᠠᠷ ᠬᠢᠨᠠᠨ ᠵᠢᠯᠣᠭᠤᠳᠪᠠ᠃    ᠮᠠ ᠯᠢ ᠬᠤᠸᠠ ᠨᠠᠷ ᠤᠷᠢᠳ ᠬᠤᠵᠢᠳ ᠰᠧ ᠵᠢᠶᠠ ᠽᠢ ᠪᠠᠯᠭᠠᠰᠤᠨ ᠤ ᠬᠠᠯᠠᠭᠤᠨ ᠷᠠᠰᠢᠶᠠᠨ ᠤ ᠡᠮᠦᠨ᠎ᠡ ᠠᠭᠤᠯᠠᠨ ᠤ ᠭᠠᠯ ᠰᠡᠷᠭᠡᠶᠢᠯᠡᠬᠦ ᠬᠠᠷᠠᠭᠠᠨ ᠳᠠᠪᠲᠠᠮᠵᠢ ᠶᠢᠨ ᠬᠢᠨᠠᠨ ᠡᠵᠡᠮᠳᠡᠬᠦ ᠴᠡᠭ᠂ ᠰᠧ ᠵᠢᠶᠠ ᠽᠢ ᠶᠢᠨ ᠭᠠᠯ ᠰᠡᠷᠭᠡᠶᠢᠯᠡᠬᠦ ᠡᠳ᠋ ᠪᠣᠳᠠᠰ ᠤᠨ ᠨᠥᠭᠡᠴᠡ ᠶᠢᠨ ᠬᠥᠮᠥᠷᠭᠡ᠂ ᠶᠢᠨ ᠴᠠᠩ ᠭᠧᠦ ᠯᠢᠶᠠᠩ ᠪᠠᠯᠭᠠᠰᠤᠨ ᠤ ᠱᠢ ᠵᠢᠶᠠᠩ ᠭᠧᠦ ᠶᠢᠨ ᠭᠠᠯ ᠰᠡᠷᠭᠡᠶᠢᠯᠡᠬᠦ ᠡᠮᠦᠨ᠎ᠡ ᠪᠠᠶᠢᠷᠢᠰᠢᠯ ᠤᠨ ᠴᠡᠭ᠂ ᠪᠠᠶᠢᠰᠡ ᠶᠢᠨ ᠬᠤᠷᠢᠶ᠎ᠠ ᠪᠠᠯᠭᠠᠰᠤᠨ ᠤ ᠬᠠᠭᠠᠰ ᠲᠤᠰᠬᠠᠢ ᠭᠠᠯ ᠤᠨᠲᠠᠷᠠᠭᠠᠬᠤ ᠠᠩᠭᠢ᠂ ᠳ᠋ᠠ ᠾᠧᠢ ᠱᠠᠨ ᠤ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠦᠷᠳᠡᠭᠡ᠂ ᠳ᠋ᠠ ᠾᠧᠢ ᠱᠠᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠶᠡᠭᠡ ᠠᠩᠭᠢ ᠪᠣᠯᠣᠨ ᠹᠧᠩ ᠱᠸᠦ ᠰᠢᠶᠠᠩ ᠤᠨ ᠭᠠᠯ ᠰᠡᠷᠭᠡᠶᠢᠯᠡᠬᠦ ᠡᠳ᠋ ᠪᠣᠳᠠᠰ ᠤᠨ ᠨᠥᠭᠡᠴᠡ ᠶᠢᠨ ᠬᠥᠮᠥᠷᠭᠡ ᠵᠡᠷᠭᠡ ᠭᠠᠵᠠᠷ ᠲᠤ ᠬᠦᠷᠴᠦ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠪᠠ᠃ ᠬᠦᠷᠦᠭᠰᠡᠨ ᠭᠠᠵᠠᠷ ᠪᠣᠯᠭᠠᠨ ᠳᠤ᠂ ᠮᠠ ᠯᠢ ᠬᠤᠸᠠ ᠬᠠᠮᠢᠶ᠎ᠠ ᠪᠦᠬᠦᠢ ᠭᠠᠵᠠᠷ ᠣᠷᠣᠨ ᠤ ᠬᠢᠨ ᠤ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠤᠭᠰᠠᠨ ᠪᠠᠶᠢᠳᠠᠯ ᠵᠢᠴᠢ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠴᠢᠷᠳᠡᠯ ᠢ ᠨᠠᠷᠢᠨ ᠣᠶᠢᠯᠠᠭᠠᠪᠠ᠃ ᠡᠭᠦᠨ ᠤ ᠬᠠᠮᠲᠤ ᠬᠤᠶᠢᠰᠢᠳᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠡᠮᠬᠢ ᠵᠢᠷᠤᠮ ᠲᠠᠢ ᠪᠠᠷ ᠥᠷᠨᠢᠭᠦᠯᠬᠦ ᠲᠤᠬᠠᠢ ᠪᠣᠳᠠᠲᠠᠢ ᠰᠠᠨᠠᠭᠤᠯᠭ᠎ᠠ ᠱᠠᠭᠠᠷᠳᠠᠯᠭ᠎ᠠ ᠳᠤᠷᠠᠳᠪᠠ᠃ ᠳ᠋ᠠ ᠾᠧᠢ ᠱᠠᠨ ᠤ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠦᠷᠳᠡᠭᠡ ᠳᠤ᠂ ᠮᠠ ᠯᠢ ᠬᠤᠸᠠ ᠭᠤᠣᠯᠳᠠᠯᠭ᠎ᠠ ᠲᠠᠢ ᠰᠢᠭᠤᠶᠢᠲᠤ ᠣᠷᠣᠨ ᠤ ︽ᠪᠣᠭᠤᠮᠲᠠ ᠪᠠᠶᠢᠭᠤᠯᠤᠨ ᠬᠠᠮᠢᠶᠠᠷᠴᠤ ᠬᠠᠮᠠᠭᠠᠯᠠᠬᠤ︾ ᠠᠷᠭ᠎ᠠ ᠬᠢᠳᠡᠯ ᠢ ᠭᠦᠢᠴᠡᠳ ᠨᠤᠲᠠᠯᠠᠵᠤ᠂ ᠬᠤᠯᠪᠣᠭᠳᠠᠯ ᠪᠦᠬᠦᠢ ᠬᠥᠮᠥᠰ ᠢ ᠦᠷᠭᠦᠯᠵᠢᠯᠡᠨ ᠨᠢᠭᠡᠳᠦᠭᠡᠷ ᠹᠷᠣᠨᠲ ᠢ ᠪᠠᠲᠤ ᠰᠠᠬᠢᠵᠤ᠂ ᠭᠠᠯ ᠤᠨ ᠡᠬᠢ ᠠᠭᠤᠯᠠᠨ ᠳᠤ ᠣᠷᠣᠬᠤ ᠶᠢ ᠴᠢᠩᠭ᠎ᠠ ᠰᠡᠷᠭᠡᠶᠢᠯᠡᠵᠦ᠂ ᠬᠥᠮᠥᠰ ᠤᠨ ᠣᠷᠣᠵᠤ ᠭᠠᠷᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ ᠭᠡᠵᠦ ᠵᠣᠷᠢᠭᠵᠢᠭᠤᠯᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠭᠠᠵᠠᠷ ᠣᠷᠣᠨ ᠨᠤᠭᠤᠳ ᠣᠨᠴᠠᠭᠠᠢ ᠬᠥᠮᠥᠰ ᠪᠣᠯᠣᠨ ᠭᠤᠣᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠬᠥᠮᠥᠰ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠣᠭᠤᠮᠲᠠ ᠨᠢᠭᠡᠪᠦᠷᠢ ᠶᠢ ᠰᠠᠶᠢᠲᠤᠷ ᠠᠳᠬᠤᠵᠤ᠂ ᠭᠠᠯ ᠰᠡᠷᠭᠡᠶᠢᠯᠡᠨ ᠤᠨᠲᠠᠷᠠᠭᠠᠬᠤ ᠡᠩᠨᠡᠭᠡ᠂ ᠲᠣᠨᠤᠭ ᠲᠥᠬᠦᠭᠡᠷᠦᠮᠵᠢ ᠪᠣᠯᠣᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠣᠯᠠᠨ ᠲᠦᠮᠡᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠠᠮᠤᠷ ᠲᠦᠪᠰᠢᠨ ᠢᠶᠠᠷ ᠭᠠᠯ ᠬᠡᠷᠡᠭᠯᠡᠬᠦ᠂ ᠪᠣᠯᠪᠠᠰᠤᠨ ᠢᠶᠠᠷ ᠳᠠᠬᠢᠬᠤ ᠰᠠᠶᠢᠨ ᠳᠠᠳᠬᠠᠯ ᠲᠠᠢ ᠪᠣᠯᠭᠠᠵᠤ᠂ ᠭᠠᠯ ᠤᠨ ᠭᠠᠮᠰᠢᠭ ᠤᠨ ᠳᠠᠯᠳᠠ ᠬᠡᠮ ᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠬᠤ ᠬᠡᠷᠡᠭᠲᠡᠢ ᠭᠡᠪᠡ᠃
   ᠣᠳᠣᠬᠠᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠳᠤ ᠴᠢᠭᠯᠡᠭᠦᠯᠦᠨ᠂ ᠮᠠ ᠯᠢ ᠬᠤᠸᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ  ᠤᠨᠲᠠᠷᠠᠭᠠᠬᠤ ᠠᠵᠢᠯ ᠤᠨ ᠬᠦᠨᠳᠦ ᠬᠡᠴᠡᠭᠦᠦ ᠪᠠᠶᠢᠳᠠᠯ ᠢ ᠭᠦᠢᠴᠡᠳ ᠲᠠᠨᠢᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠣᠨ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ᠤᠯᠠᠭᠠᠨ ᠱᠤᠭᠤᠮ ᠤᠨ ᠤᠬᠠᠮᠰᠠᠷ ᠪᠣᠯᠣᠨ ᠬᠤᠷᠢᠭ᠎ᠠ ᠱᠤᠭᠤᠮ ᠤᠨ ᠰᠡᠳᠬᠢᠬᠦᠢ ᠶᠢ ᠤᠯᠠᠮ ᠴᠢᠨᠠᠭᠰᠢᠳᠠ ᠴᠢᠩᠭᠠᠳᠬᠠᠵᠤ᠂ ᠬᠥᠮᠥᠨ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ᠂ ᠬᠤᠯᠪᠤᠭᠠᠯᠠᠨ ᠰᠡᠷᠭᠡᠶᠢᠯᠡᠬᠦ ᠤᠯᠠᠨ ᠲᠠᠯ᠎ᠠ ᠶᠢᠨ ᠬᠠᠮᠢᠶᠠᠷᠤᠯᠲᠠ ᠶᠢ ᠵᠡᠷᠭᠡᠪᠡᠷ ᠬᠢᠬᠦ ᠶᠢ ᠪᠠᠷᠢᠮᠲᠠᠯᠠᠵᠤ᠂ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠰᠠᠶᠢᠲᠤᠷ ᠬᠢᠵᠦ᠂ ᠭᠠᠯ ᠤᠨ ᠭᠠᠮᠰᠢᠭ ᠤᠨ ᠲᠠᠯᠳᠠ ᠭᠡᠮ ᠢ ᠡᠷᠬᠡᠪᠰᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠨᠢᠭᠡ ᠳᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ  ᠴᠢᠩᠭᠠᠳᠬᠠᠬᠤ ᠬᠡᠷᠡᠭᠲᠡᠢ᠃ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠷᠯᠢᠭ ᠢ ᠴᠠᠭ ᠲᠤᠬᠠᠢ ᠳᠤᠨᠢ ᠲᠠᠷᠬᠠᠭᠠᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠬᠠᠮᠢᠶᠠᠷᠤᠨ ᠡᠵᠡᠮᠳᠡᠵᠦ᠂ ᠰᠢᠭᠤᠶᠢᠲᠤ ᠣᠷᠣᠨ ᠤ ᠣᠯᠠᠨ ᠲᠦᠮᠡᠨ ᠤ ᠠᠮᠤᠷ ᠲᠦᠪᠰᠢᠨ ᠢᠶᠠᠷ ᠭᠠᠯ ᠬᠡᠷᠡᠭᠯᠡᠬᠦ᠂ ᠪᠣᠯᠪᠠᠰᠤᠨ ᠢᠶᠠᠷ ᠲᠠᠬᠢᠯᠭ᠎ᠠ ᠬᠢᠬᠦ ᠶᠢ ᠰᠠᠨᠠᠭᠠᠴᠢᠯᠠᠵᠤ᠂ ᠰᠢᠭᠤᠶᠢᠲᠤ ᠣᠷᠣᠨ ᠤ ᠭᠠᠯ ᠤᠨ ᠢᠷᠡᠯᠲᠡ ᠶᠢ ᠬᠢᠨᠠᠨ ᠡᠵᠡᠮᠳᠡᠵᠦ ᠬᠠᠮᠢᠶᠠᠷᠤᠨ ᠡᠵᠡᠮᠳᠡᠬᠦ ᠡᠷᠴᠢᠮ ᠢ ᠴᠢᠩᠭᠠᠷᠠᠭᠤᠯᠬᠤ ᠬᠡᠷᠡᠭᠲᠡᠢ︔ ᠬᠤᠶᠠᠷ ᠲᠤ᠂ ᠭᠤᠣᠯᠳᠠᠯᠭ᠎ᠠ ᠲᠠᠢ ᠲᠣᠭᠤᠷᠢᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ ᠲᠤᠤᠷᠴᠢᠯᠠᠭᠰᠠᠨ ᠲᠣᠭᠤᠷᠢᠨ ᠪᠠᠶᠢᠴᠠᠭᠠᠯᠲᠠ᠂ ᠲᠣᠭᠲᠠᠭᠰᠠᠨ ᠴᠡᠭ ᠤᠨ ᠬᠠᠷᠢᠭᠤᠴᠠᠯᠭ᠎ᠠ ᠶᠢᠨ ᠰᠤᠪᠢᠯᠠᠯᠲᠠ ᠶᠢᠨ ᠳᠦᠷᠢᠮ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠭᠠᠯ ᠤᠨ ᠠᠶᠤᠯ ᠤᠨ ᠬᠡᠮ ᠰᠣᠭᠤᠭ ᠤᠨ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠤᠰᠢᠭᠤ᠂ ᠰᠢᠶᠠᠩ᠂ ᠲᠣᠰᠬᠤᠨ ᠤ ᠺᠠᠳ᠋ᠷᠴᠤᠳ ᠭᠤᠣᠯᠳᠠᠯᠭ᠎ᠠ ᠲᠠᠢ ᠣᠶᠢᠲᠤ ᠣᠷᠣᠨ᠂ ᠭᠤᠣᠯᠳᠠᠯᠭ᠎ᠠ ᠲᠠᠢ ᠴᠠᠭ᠂ ᠴᠢᠬᠤᠯᠠ ᠬᠡᠰᠡᠭ ᠤᠨ ᠲᠣᠭᠤᠷᠢᠨ ᠪᠠᠶᠢᠴᠠᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠨᠴᠠᠭᠠᠶ ᠬᠥᠮᠥᠰ ᠪᠠ ᠭᠤᠣᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠬᠥᠮᠥᠰ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠭᠠᠯ ᠤᠨ ᠠᠶᠤᠯ ᠤᠨ ᠬᠡᠮ ᠰᠣᠭᠤᠭ ᠢ ᠬᠠᠮᠤᠭ ᠤᠨ ᠲᠡᠷᠢᠭᠦᠨ ᠳᠤ ᠠᠷᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ︔ ᠭᠤᠷᠪᠠ ᠳᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠢ ᠴᠢᠩᠭᠠᠳᠬᠠᠬᠤ ᠬᠡᠷᠡᠭᠲᠡᠢ᠃  ᠠᠪᠢᠶᠠᠨ ᠰᠡᠷᠡᠮᠵᠢᠯᠡᠯ ᠢᠶᠠᠷ ᠮᠡᠳᠡᠭᠦᠯᠬᠦ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠵᠡᠷᠭᠡ ᠮᠡᠳᠡᠭᠡ ᠵᠠᠩᠭᠢᠵᠢᠯᠲᠠ ᠶᠢᠨ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠶᠢᠨ ᠦᠢᠯᠡᠳᠦᠯ ᠢ ᠪᠠᠳᠠᠷᠠᠭᠤᠯᠵᠤ᠂  ᠵᠢᠵᠢᠭᠦᠷᠯᠡᠨ ᠰᠠᠬᠢᠬᠤ ᠶᠢ ᠴᠢᠩᠭᠠᠳᠬᠠᠨ᠂ ᠭᠠᠯ ᠤᠨ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠬᠤ ᠬᠡᠷᠡᠭᠲᠡᠢ᠃ ᠬᠤᠰᠢᠭᠤ᠂ ᠰᠢᠶᠠᠩ᠂ ᠲᠣᠰᠬᠤᠨ ᠭᠤᠷᠪᠠᠨ ᠱᠠᠲᠤᠨ ᠤ ᠬᠢᠨ ᠭᠠᠯ ᠤᠨ ᠭᠠᠮᠰᠢᠭ ᠢ ᠰᠢᠢᠳᠪᠦᠷᠢᠯᠡᠬᠦ ᠡᠯ᠎ᠡ ᠲᠥᠷᠥᠯ ᠤᠨ ᠪᠡᠯᠡᠳᠬᠡᠯ ᠲᠥᠰᠥᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠩᠨᠡᠭᠡ᠂ ᠲᠣᠨᠤᠭ ᠲᠥᠬᠦᠭᠡᠷᠦᠮᠵᠢ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠭᠠᠯ ᠤᠨ ᠪᠠᠶᠢᠳᠠᠯ ᠭᠠᠷᠪᠠᠯ ᠳᠠᠷᠤᠢ ᠲᠦᠷᠭᠡᠨ ᠴᠤᠭᠯᠠᠷᠠᠨ᠂ ᠲᠦᠷᠭᠡᠨ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ︔ ᠳᠥᠷᠪᠡ ᠳᠤ᠂ ᠪᠦᠲᠦᠮᠵᠢᠲᠡᠶ ᠤᠬᠠᠭᠤᠯᠬᠤ ᠠᠷᠭ᠎ᠠ ᠮᠠᠶ᠋ᠢᠭ ᠢ ᠠᠪᠴᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠣᠶ ᠰᠢᠭᠤᠢ ᠨᠤᠲᠤᠭ ᠪᠡᠯᠴᠢᠭᠡᠷ ᠤᠨ ᠠᠮᠤᠷ ᠲᠦᠪᠰᠢᠨ ᠢ ᠤᠬᠠᠮᠰᠠᠷ ᠠᠴᠠ ᠪᠠᠨ ᠬᠠᠮᠠᠭᠠᠯᠠᠬᠤ ᠦᠵᠡᠯ ᠤᠬᠠᠮᠰᠠᠷ ᠢ ᠨᠢ ᠴᠢᠩᠭᠠᠷᠠᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠡᠰᠡᠭ ᠲᠤ ᠤᠬᠠᠭᠤᠯᠭ᠎ᠠ ᠶᠢᠨ ᠫᠠᠶᠢᠰᠠ᠂ ᠰᠡᠷᠡᠮᠵᠢ ᠶᠢᠨ ᠫᠠᠶᠢᠰᠠ ᠲᠠᠯᠪᠢᠵᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠨᠠᠭᠠᠵᠤ᠂ ᠲᠣᠰᠬᠤᠨ ᠡᠷᠤᠬᠡ ᠬᠥᠮᠥᠨ ᠳᠤ ᠬᠦᠷᠲᠡᠯ᠎ᠡ ᠤᠬᠠᠭᠤᠯᠬᠤ ᠬᠡᠷᠡᠭᠲᠡᠢ︔ ᠲᠠᠪᠤ ᠳᠤ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠤᠨ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠭᠠᠯ ᠰᠡᠷᠭᠡᠶᠢᠯᠡᠵᠦ ᠣᠶ ᠰᠢᠭᠤᠢ  ᠨᠣᠲᠤᠭ ᠪᠡᠯᠴᠢᠭᠡᠷ ᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠪᠥᠬᠦ ᠠᠷᠠᠳ ᠢᠶᠠᠷ ᠢᠶᠠᠨ ᠣᠷᠤᠯᠴᠠᠬᠤ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃    ᠮᠠ ᠯᠢ ᠬᠤᠸᠠ᠂ ᠤᠢ ᠰᠢᠭᠤᠢ ᠶᠢ ᠲᠣᠭᠤᠷᠢᠨ ᠪᠠᠶᠢᠴᠠᠭᠠᠵᠤ ᠤᠢ ᠰᠢᠭᠤᠢ ᠶᠢ ᠬᠠᠮᠠᠭᠠᠯᠠᠬᠤ ᠶᠢ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠤᠢ ᠰᠢᠭᠤᠢ ᠶᠢ ᠲᠣᠭᠤᠷᠢᠨ ᠪᠠᠶᠢᠴᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ︽ᠡᠬᠢ ᠪᠠᠶᠠᠯᠢᠭ ᠢ ᠰᠠᠬᠢᠬᠤ  ᠬᠥᠮᠦᠨ ᠲᠠᠢ᠂ ᠡᠬᠢ ᠪᠠᠶᠠᠯᠢᠭ ᠢ ᠬᠠᠮᠠᠭᠠᠯᠠᠬᠤ ᠬᠥᠮᠥᠨ ᠲᠠᠢ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠥᠨ ᠲᠠᠢ︾ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢ ᠬᠥᠮᠥᠨ᠂ ᠭᠠᠵᠠᠷ ᠂ ᠠᠭᠤᠯᠠᠨ ᠣᠷᠣᠢ᠂ ᠪᠤᠯᠠᠰᠢᠨ  ᠳᠤ ᠬᠦᠷᠲᠡᠯ᠎ᠡ ᠨᠠᠶᠢᠳᠠᠪᠤᠷᠢᠵᠢᠭᠤᠯᠵᠤ᠂  ᠭᠠᠵᠠᠷ ᠪᠣᠯᠭᠠᠨ ᠢ ᠰᠠᠬᠢᠬᠤ ᠬᠥᠮᠥᠨ ᠲᠠᠢ ᠪᠠᠶᠢᠬᠤ ᠶᠢ ᠦᠨᠡᠨᠬᠦ ᠪᠡᠶᠡᠯᠡᠭᠦᠯᠵᠦ᠂ ᠬᠢᠨᠠᠨ ᠬᠠᠮᠢᠶᠠᠷᠬᠤ ᠰᠢᠰᠲ᠋ᠧᠮᠵᠢ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号