ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠪᠠ ᠡᠨᠧᠷᠭᠢ ᠶᠢᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ | ᠲᠣᠭᠲᠠᠪᠤᠷᠢᠵᠢᠭᠤᠯᠬᠤ ᠵᠡᠷᠭᠡ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠪᠠᠶᠢᠷᠢᠯᠠᠭᠤᠯᠵᠤ᠂ ᠣᠯᠠᠨ | ᠲᠦᠮᠡᠨ ᠤ ᠠᠮᠢᠳᠤᠷᠠᠯ ᠪᠠ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠷᠡᠭᠴᠡᠭᠡ ᠶᠢ ᠪᠠᠲᠤᠯᠠᠵᠤ᠂ ᠠᠷᠠᠳ ᠤᠨ | ᠠᠮᠢᠳᠤᠷᠠᠯ ᠤᠨ ᠭᠤᠣᠯᠳᠠᠯᠭ᠎ᠠ ᠲᠠᠢ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠣᠯᠠᠨ ᠲᠦᠮᠡᠨ ᠤ ᠴᠠᠭᠠᠨ | ᠰᠠᠷ᠎ᠠ ᠪᠠᠨ ᠰᠠᠶᠢᠲᠤᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠰᠢᠨᠬᠤᠸᠠ ᠬᠤᠷᠢᠶᠠᠨ ᠤ ᠪᠡᠭᠡᠵᠢᠩ ᠤᠨ 1 ᠳ᠋ᠦ᠋ᠭᠡᠷ ᠰᠠᠷ᠎ᠠ ᠶᠢᠨ 4 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 1 ᠳ᠋ᠦ᠋ᠭᠡᠷ ᠰᠠᠷ᠎ᠠ ᠶᠢᠨ 3 ᠤ ᠡᠳᠦᠷ ᠲᠦᠷᠦ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠷᠠᠳ ᠤᠨ ᠠᠮᠢᠳᠤᠷᠠᠯ ᠤᠨ ᠴᠢᠬᠤᠯᠠ | ᠲᠠᠸᠠᠷ ᠪᠣᠯᠣᠨ ᠡᠨᠧᠷᠭᠢ ᠶᠢᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠵᠡᠷᠭᠡ ᠠᠵᠢᠯ ᠢ ᠤᠯᠠᠮ | ᠨᠢᠭᠡ ᠠᠯᠬᠤᠮ ᠰᠠᠶᠢᠲᠤᠷ ᠬᠢᠬᠦ ᠲᠤᠬᠠᠢ ᠪᠠᠶᠢᠷᠢᠯᠠᠭᠤᠯᠵᠤ᠂ ᠤᠯᠠᠨ ᠲᠦᠮᠡᠨ ᠤ ᠠᠮᠢᠳᠤᠷᠠᠯ ᠪᠠ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠬᠡᠷᠡᠭᠴᠡᠭᠡ ᠶᠢ ᠪᠠᠲᠤᠯᠠᠵᠤ᠂ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠠᠵᠢᠯ ᠢ ᠪᠣᠳᠠᠲᠠᠢ | ᠪᠥᠭᠡᠳ ᠨᠠᠷᠢᠯᠢᠭ ᠠᠳᠬᠤᠵᠤ᠂ ᠤᠯᠠᠨ ᠲᠦᠮᠡᠨ ᠤ ᠴᠠᠭᠠᠨ ᠰᠠᠷ᠎ᠠ ᠪᠠᠨ ᠰᠠᠶᠢᠲᠤᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ | ᠭᠡᠵᠦ ᠱᠠᠭᠠᠷᠳᠠᠪᠠ᠃ | ᠬᠤᠷᠠᠯ ᠠᠴᠠ ᠵᠢᠭᠠᠬᠤ ᠳᠤ ᠪᠠᠨ᠂ ᠥᠩᠭᠡᠷᠡᠭᠰᠡᠨ ᠨᠢᠭᠡ ᠵᠢᠯ ᠳᠤ ᠮᠠᠨ ᠤ ᠤᠯᠤᠰ ᠤᠨ ᠪᠠᠷᠠᠭᠠᠨ ᠤ ᠦᠨ᠎ᠡ ᠢᠮᠠᠭᠲᠠ | ᠲᠣᠭᠲᠠᠭᠤᠨ ᠪᠠᠶᠢᠳᠠᠯ ᠢ ᠪᠠᠲᠤᠯᠠᠵᠤ᠂ ᠠᠮᠤ ᠪᠤᠳᠠᠭ᠎ᠠ᠂ ᠡᠨᠧᠷᠭᠢ ᠶᠢᠨ ᠰᠤᠷᠪᠤᠯᠵᠢ ᠵᠡᠷᠭᠡ ᠶᠢᠨ ᠲᠣᠭᠲᠠᠭᠤᠨ | ᠬᠠᠩᠭᠠᠯᠭ᠎ᠠ ᠶᠢᠨ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃ ᠡᠨᠡ ᠪᠣᠯ ᠲᠤᠶᠢᠯ ᠤᠨ ᠬᠢᠯᠪᠠᠷ ᠪᠤᠰᠤ ᠶᠠᠪᠤᠳᠠᠯ | ᠮᠥᠨ᠂ ᠡᠨᠡ ᠨᠢ ᠠᠵᠤ ᠠᠬᠤᠢ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠳᠤ ᠬᠦᠴᠦᠲᠡᠢ | ᠲᠦᠰᠢᠭ ᠲᠤᠯᠭᠠᠭᠤᠷᠢ ᠬᠠᠩᠭᠠᠭᠰᠠᠨ ᠪᠠᠶᠢᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠶᠢ ᠲᠣᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢ ᠨᠠᠩ ᠰᠠᠶᠢᠲᠤᠷ ᠨᠢᠭᠡᠳᠦᠯᠲᠡᠢ ᠲᠥᠯᠥᠪᠯᠡᠨ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ᠂ | ᠡᠮᠴᠢᠯᠡᠭᠡᠨ ᠤ ᠡᠳ᠋ ᠪᠣᠳᠠᠰ᠂ ᠡᠨᠧᠷᠭᠢ ᠵᠡᠷᠭᠡ ᠶᠢᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ | ᠪᠠᠶᠢᠯᠭᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ | ᠬᠠᠩᠭᠠᠯᠭ᠎ᠠ ᠭᠦᠢᠴᠡᠳ ᠪᠠᠶᠢᠬᠤ ᠪᠠ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠣᠯᠠᠨ | ᠲᠦᠮᠡᠨ ᠤ ᠡᠮ ᠡᠮᠨᠡᠯᠭᠡ ᠶᠢᠨ ᠬᠡᠷᠡᠭᠴᠡᠭᠡ ᠱᠠᠭᠠᠷᠳᠠᠯᠭ᠎ᠠ ᠪᠠ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠬᠤ ᠬᠡᠷᠡᠭᠲᠡᠢ᠃ | ᠨᠢᠭᠡ ᠳᠤ᠂ ︽ᠠᠮᠤ ᠬᠦᠨᠡᠰᠦᠨ ᠤ ᠤᠭᠤᠲᠠ︾ ᠶᠢᠨ ᠮᠤᠵᠢ ᠶᠢᠨ ᠳᠠᠷᠤᠭ᠎ᠠ ᠬᠠᠷᠢᠭᠤᠴᠠᠬᠤ ᠳᠦᠷᠢᠮ᠂ ︽ᠨᠣᠭᠤᠭ᠎ᠠ ᠶᠢᠨ | ᠰᠠᠭᠰᠤ︾ ᠶᠢᠨ ᠬᠤᠳᠠ ᠶᠢᠨ ᠳᠠᠷᠤᠭ᠎ᠠ ᠬᠠᠷᠢᠭᠤᠴᠠᠬᠤ ᠳᠦᠷᠢᠮ ᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠵᠠᠬ᠎ᠠ | ᠳᠡᠯᠭᠡᠭᠦᠷ ᠤᠨ ᠲᠣᠬᠢᠷᠠᠭᠤᠯᠤᠯᠲᠠ ᠶᠢ ᠴᠠᠭ ᠲᠤᠬᠠᠢ ᠳᠤ ᠨᠢ ᠰᠠᠶᠢᠲᠤᠷ ᠬᠢᠵᠦ᠂ ᠵᠢᠵᠢᠭ ᠪᠣᠭᠤᠳᠠᠯ ᠲᠠᠢ ᠠᠮᠤ ᠲᠤᠰᠤᠨ ᠤ | ᠲᠦᠷᠤᠯ ᠵᠦᠢᠯ ᠢ ᠪᠠᠶᠠᠯᠢᠭᠵᠢᠭᠤᠯᠤᠨ᠂ ᠡᠮᠦᠨᠡᠲᠦ ᠶᠢᠨ ᠨᠣᠭᠤᠭ᠎ᠠ ᠶᠢ ᠤᠮᠠᠷᠠᠰᠢ ᠵᠥᠭᠡᠭᠡᠪᠦᠷᠢᠯᠡᠬᠦ᠂ ᠪᠠᠷᠠᠭᠤᠨ ᠳᠠᠬᠢ ᠵᠢᠮᠢᠰ ᠢ | ᠵᠡᠭᠦᠨᠰᠢ ᠳᠠᠮᠵᠢᠭᠤᠯᠬᠤ ᠶᠢ ᠴᠢᠩᠭᠠᠳᠬᠠᠵᠤ᠂ ᠨᠥᠭᠡᠴᠡᠯᠡᠨ ᠲᠣᠬᠢᠷᠠᠭᠤᠯᠬᠤ ᠠᠵᠢᠯ ᠢ ᠵᠦᠢ ᠵᠣᠬᠢᠰᠲᠠᠢ ᠬᠢᠬᠦ ᠶᠢᠨ ᠬᠠᠮᠲᠤ | ᠠᠷᠠᠳ ᠤᠨ ᠠᠮᠢᠳᠤᠷᠠᠯ ᠤᠨ ᠪᠤᠰᠤᠳ ᠴᠢᠬᠤᠯᠠ ᠲᠠᠸᠠᠷ ᠤᠨ ᠦᠢᠯᠡᠳᠪᠦᠷᠢᠯᠡᠯ ᠪᠠ ᠬᠠᠩᠭᠠᠨ ᠪᠣᠷᠣᠯᠠᠭᠤᠯᠭ᠎ᠠ ᠶᠢ | ᠵᠣᠯᠭᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠦᠢᠯ ᠪᠠ ᠬᠢᠮᠢ ᠶᠢᠨ | ᠪᠣᠷᠳᠣᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠠᠲᠤᠯᠠᠭ᠎ᠠ ᠶᠢᠨ ᠦᠢᠯᠡᠴᠢᠯᠡᠭᠡᠨ ᠤ ᠠᠵᠢᠯ ᠢ | ᠰᠠᠶᠢᠲᠤᠷ ᠬᠢᠵᠦ᠂ ᠠᠮᠤ ᠪᠤᠳᠠᠭᠠᠨ ᠤ ᠦᠢᠯᠡᠳᠪᠦᠷᠢᠯᠡᠯ ᠢ ᠤᠯᠠᠮ ᠨᠢᠭᠡ ᠠᠯᠬᠤᠮ ᠪᠣᠳᠠᠲᠠᠢ ᠠᠳᠬᠤᠵᠤ᠂ ᠪᠠᠷᠠᠭᠠᠨ ᠤ | ᠦᠨ᠎ᠡ ᠶᠢ ᠲᠣᠭᠲᠠᠪᠤᠷᠢᠵᠢᠭᠤᠯᠬᠤ ᠰᠠᠭᠤᠷᠢ ᠶᠢ ᠪᠠᠲᠤᠳᠬᠠᠬᠤ ᠬᠡᠷᠡᠭᠲᠡᠢ᠃ ᠬᠤᠶᠠᠷ ᠲᠤ᠂ ᠠᠷᠭ᠎ᠠ ᠪᠦᠬᠦᠨ ᠢ | ᠰᠦᠪᠡᠭᠴᠢᠯᠡᠨ ᠡᠮᠴᠢᠯᠡᠭᠡ᠂ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ | ᠭᠤᠣᠯᠳᠠᠯᠭ᠎ᠠ ᠲᠠᠢ ᠠᠵᠤ ᠠᠬᠤᠶᠢᠯᠠᠯ ᠳᠤ ᠲᠣᠳᠣᠷᠬᠠᠢ ᠬᠠᠭᠤᠳᠠᠰᠤ ᠪᠠᠶᠢᠭᠤᠯᠤᠨ ᠭᠦᠢᠴᠡᠳ ᠳᠠᠭᠠᠭᠠᠴᠠ ᠲᠠᠢ | ᠦᠢᠯᠡᠳᠪᠦᠷᠢᠯᠡᠬᠦ ᠶᠢ ᠳᠡᠮᠵᠢᠵᠦ᠂ ᠲᠦᠭᠦᠬᠡᠢ ᠮᠠᠲ᠋ᠧᠷᠢᠶᠠᠯ ᠪᠠ ᠲᠤᠰᠠᠯᠠᠬᠤ ᠮᠠᠲ᠋ᠧᠷᠢᠶᠠᠯ ᠤᠨ ᠬᠠᠩᠭᠠᠯᠭ᠎ᠠ᠂ ᠠᠵᠢᠯᠴᠢᠨ | ᠬᠡᠷᠡᠭᠯᠡᠬᠦ᠂ ᠪᠡᠯᠡ ᠮᠥᠩᠭᠦ ᠵᠡᠷᠭᠡ ᠲᠠᠯ᠎ᠠ ᠪᠠᠷ ᠲᠤᠯᠭᠠᠷᠠᠭᠰᠠᠨ ᠬᠦᠴᠢᠷᠳᠡᠯ ᠢ ᠨᠢ ᠴᠠᠭ ᠲᠤᠬᠠᠢ ᠳᠤ ᠨᠢ ᠵᠣᠬᠢᠴᠠᠭᠤᠯᠤᠨ | ᠰᠢᠢᠳᠪᠦᠷᠢᠯᠡᠵᠦ᠂ ᠦᠢᠯᠡᠳᠪᠦᠷᠢᠯᠡᠯ ᠪᠠ ᠬᠠᠩᠭᠠᠯᠭ᠎ᠠ ᠶᠢ ᠲᠠᠰᠤᠯᠳᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ | ᠡᠮ ᠤᠨ ᠵᠦᠢᠯ ᠵᠡᠷᠭᠡ ᠡᠮᠴᠢᠯᠡᠭᠡᠨ ᠤ ᠡᠳ᠋ ᠪᠣᠳᠠᠰ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ | ᠪᠠᠶᠢᠭᠤᠯᠤᠮᠵᠢ᠂ ᠭᠡᠷ ᠲᠤ ᠪᠠᠨ ᠰᠠᠭᠤᠵᠤ ᠪᠠᠶᠢᠭ᠎ᠠ ᠡᠪᠡᠳᠴᠢᠲᠡᠨ᠂ ᠨᠠᠰᠤᠲᠠᠨ ᠢ ᠠᠰᠠᠷᠠᠬᠤ ᠬᠦᠷᠢᠶᠡᠯᠡᠩ᠂ ᠬᠥᠳᠡᠭᠡ | ᠲᠣᠰᠬᠤᠨ ᠤ ᠭᠠᠵᠠᠷ ᠣᠷᠣᠨ ᠵᠡᠷᠭᠡ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠳᠤ ᠪᠠᠲᠤᠯᠠᠭ᠎ᠠ ᠬᠠᠩᠭᠠᠬᠤ ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ | ᠡᠪᠡᠳᠴᠢᠨ ᠦᠵᠡᠭᠦᠯᠬᠦ ᠪᠠ ᠡᠮ ᠤᠨ ᠵᠦᠢᠯ ᠤᠨ ᠵᠠᠷᠤᠳᠠᠯ ᠢ ᠪᠦᠬᠦᠨ ᠢ ᠮᠡᠳᠡᠭᠦᠯᠬᠦ ᠬᠡᠷᠡᠭᠲᠡᠢ᠃ ᠭᠤᠷᠪᠠ ᠳᠤ᠂ | ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠠᠳᠬᠤᠬᠤ | ᠬᠡᠷᠡᠭᠲᠡᠢ᠃ ᠨᠡᠭᠦᠷᠡᠰᠦᠨ ᠤ ᠲᠡᠷᠢᠭᠦᠨ ᠤ ᠦᠢᠯᠡᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠪᠠᠳᠠᠷᠠᠭᠤᠯᠵᠤ᠂ ᠨᠡᠭᠦᠷᠡᠰᠦ | ᠴᠠᠬᠢᠯᠭᠠᠨ ᠤ ᠠᠵᠤ ᠠᠬᠤᠶᠢᠯᠠᠯ ᠢ ᠬᠠᠪᠰᠤᠷᠤᠨ ᠲᠡᠳᠬᠦᠵᠦ ᠬᠦᠴᠢᠷᠳᠡᠯ ᠢ ᠨᠢ ᠲᠠᠶᠢᠯᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠡᠨᠧᠷᠭᠢ ᠶᠢᠨ ᠠᠵᠤ ᠠᠬᠤᠶᠢᠯᠠᠯ ᠤᠨ ᠪᠠᠶᠠᠷ ᠤᠨ ᠡᠳᠦᠷ ᠤᠨ ᠠᠮᠤᠷ ᠲᠦᠪᠰᠢᠨ ᠪᠥᠭᠡᠳ ᠬᠡᠪ ᠤᠨ | ᠦᠢᠯᠡᠳᠪᠦᠷᠢᠯᠡᠯ ᠢ ᠳᠡᠮᠵᠢᠵᠦ᠂ ᠡᠨᠧᠷᠭᠢ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠴᠠᠬᠢᠯᠭᠠᠨ ᠬᠦᠴᠦᠨ᠂ ᠪᠠᠶᠢᠭᠠᠯᠢ ᠶᠢᠨ | ᠰᠢᠲᠠᠮᠠᠬᠠᠢ ᠬᠡᠢ ᠶᠢᠨ ᠣᠷᠭᠢᠯ ᠦᠶ᠎ᠡ ᠤᠨ ᠬᠠᠩᠭᠠᠯᠭ᠎ᠠ ᠶᠢ ᠪᠠᠲᠤᠯᠠᠬᠤ ᠪᠡᠯᠡᠳᠬᠡᠯ ᠲᠥᠰᠥᠯ ᠢ ᠰᠠᠶᠢᠲᠤᠷ ᠬᠢᠵᠦ᠂ ᠠᠷᠠᠳ ᠤᠨ | ᠠᠮᠢᠳᠤᠷᠠᠯ ᠤᠨ ᠬᠡᠷᠡᠭᠯᠡᠬᠦ ᠡᠨᠧᠷᠭᠢ ᠶᠢ ᠦᠨᠡᠨ ᠬᠦ ᠪᠠᠲᠤᠯᠠᠵᠤ᠂ ᠭᠤᠣᠯᠳᠠᠯᠭ᠎ᠠ ᠲᠠᠢ ᠭᠠᠵᠠᠷ ᠣᠷᠣᠨ᠂ ᠠᠵᠢᠯ ᠲᠥᠷᠥᠯ ᠪᠠ | ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠳᠥᠷᠪᠡ ᠳᠤ᠂ ᠵᠠᠮ ᠬᠠᠷᠢᠯᠴᠠᠭ᠎ᠠ ᠡᠳ᠋ ᠪᠠᠷᠠᠭᠠᠨ ᠤ | ᠭᠦᠢᠯᠭᠡᠭᠡᠨ ᠤ ᠭᠤᠣᠯ ᠬᠦᠢᠰᠦ᠂ ᠪᠢᠴᠢᠯ ᠡᠷᠭᠢᠯᠲᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠢ | ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠲᠡᠭᠡᠭᠡᠪᠦᠷᠢ ᠶᠢᠨ | ᠬᠦᠴᠦᠨ ᠢᠶᠠᠨ ᠵᠦᠢ ᠵᠣᠬᠢᠰᠲᠠᠢ ᠲᠣᠬᠢᠷᠠᠭᠤᠯᠬᠤ ᠶᠢ ᠳᠡᠮᠵᠢᠵᠦ᠂ ᠨᠢᠭᠡᠳᠦᠭᠡᠷ ᠹᠷᠣᠨᠲ ᠤᠨ ᠬᠦᠴᠦᠨ ᠢ ᠨᠥᠬᠦᠪᠦᠷᠢᠯᠡᠵᠦ᠂ | ᠲᠦᠷᠭᠡᠨ ᠬᠦᠷᠭᠡᠯᠲᠡ᠂ ᠵᠠᠬᠢᠶᠠᠯᠠᠭ᠎ᠠ ᠶᠢᠨ ᠬᠤᠭᠤᠯᠠ ᠵᠡᠷᠭᠡ ᠶᠢᠨ ᠦᠢᠯᠡᠴᠢᠯᠡᠭᠡ ᠶᠢᠨ ᠬᠥᠮᠥᠰ ᠢ ᠬᠠᠯᠠᠮᠵᠢᠯᠠᠨ ᠬᠠᠶᠢᠷᠠᠯᠠᠵᠤ᠂ | ᠡᠴᠦᠰ ᠤᠨ ᠦᠵᠦᠭᠦᠷ ᠤᠨ ᠦᠢᠯᠡᠴᠢᠯᠡᠭᠡᠨ ᠳᠤ ᠲᠤᠯᠭᠠᠷᠠᠵᠤ ᠮᠡᠳᠡᠬᠦ ᠲᠦᠭᠵᠢᠷᠡᠯ ᠢ ᠴᠠᠭ ᠲᠤᠬᠠᠢ ᠳᠤ ᠨᠢ ᠨᠠᠪᠲᠠᠷᠡᠭᠦᠯᠵᠦ᠂ | ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠢᠤᠳᠠᠨ ᠤ ᠲᠦᠷᠭᠡᠨ ᠬᠦᠷᠭᠡᠯᠲᠡ ᠶᠢᠨ ᠲᠣᠭᠲᠠᠭᠤᠨ ᠢᠶᠠᠷ ᠠᠵᠢᠯᠯᠠᠬᠤ ᠶᠢ | ᠪᠠᠲᠤᠯᠠᠬᠤ ᠬᠡᠷᠡᠭᠲᠡᠢ᠃ ᠲᠠᠪᠤ ᠳᠤ᠂ ᠣᠷᠣᠨ ᠨᠤᠲᠤᠭ ᠢ ᠵᠢᠯᠣᠭᠤᠳᠤᠨ ᠬᠦᠴᠢᠷᠳᠡᠯᠲᠡᠢ ᠣᠯᠠᠨ ᠲᠦᠮᠡᠨ ᠳᠤ ᠲᠣᠭᠲᠠᠭᠠᠯ | ᠶᠣᠰᠣᠭᠠᠷ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠶᠢ ᠴᠠᠭ ᠲᠤᠬᠠᠢ ᠳᠤ ᠨᠢ ᠣᠯᠭᠤᠬᠤ ᠬᠡᠷᠡᠭᠲᠡᠢ᠃ | ᠵᠢᠷᠭᠤᠭ᠎ᠠ ᠳᠤ᠂ ᠵᠠᠬ᠎ᠠ ᠳᠡᠯᠭᠡᠭᠦᠷ ᠪᠠ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠦᠨ᠎ᠡ ᠬᠠᠩᠰᠢ ᠶᠢ ᠳᠦᠷᠭᠢᠯᠳᠦᠨ ᠥᠰᠬᠡᠬᠦ ᠵᠡᠷᠭᠡ ᠠᠵᠢᠯᠯᠠᠭ᠎ᠠ ᠶᠢ | ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠴᠠᠭᠠᠨ ᠰᠠᠷ᠎ᠠ ᠣᠶᠢᠷᠠᠳᠴᠤ ᠪᠠᠶᠢᠭ᠎ᠠ ᠦᠶ᠎ᠡ ᠳᠤ᠂ ᠠᠷᠠᠳ ᠤᠨ ᠠᠮᠢᠳᠤᠷᠠᠯ ᠤᠨ | ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠪᠥᠭᠡᠳ ᠨᠠᠷᠢᠨ ᠨᠢᠮᠪᠠᠢ ᠰᠠᠶᠢᠲᠤᠷ ᠬᠢᠬᠦ ᠬᠡᠷᠡᠭᠲᠡᠢ᠃ ᠨᠢᠭᠡ ᠳᠤ᠂ | ᠬᠥᠯᠥᠰᠦᠨ ᠠᠵᠢᠯᠴᠢᠨ ᠤ ᠴᠠᠯᠢᠩ ᠢ ᠥᠭᠬᠦ ᠶᠠᠪᠤᠳᠠᠯ ᠢ ᠪᠣᠳᠠᠲᠠᠢ ᠪᠥᠭᠡᠳ ᠨᠠᠷᠢᠯᠢᠭ ᠠᠳᠬᠤᠵᠤ ᠪᠠᠲᠤᠯᠠᠬᠤ ᠬᠡᠷᠡᠭᠲᠡᠢ᠃ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠪᠠᠷ ᠭᠤᠣᠯᠳᠠᠯᠭ᠎ᠠ ᠪᠣᠯᠭᠠᠵᠤ᠂ ᠵᠠᠰᠠᠭ ᠤᠨ ᠣᠷᠳᠣᠨ ᠤ | ᠪᠠᠷᠢᠯᠭ᠎ᠠ ᠪᠣᠯᠣᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠥᠷᠥᠯ ᠵᠦᠢᠯ ᠤᠨ ᠴᠠᠯᠢᠩ ᠥᠷᠢᠲᠦᠵᠦ ᠪᠠᠶᠢᠭ᠎ᠠ | ᠪᠠᠶᠢᠳᠠᠯ ᠢ ᠳᠠᠷᠤᠶᠢᠬᠠᠨ ᠴᠡᠭᠴᠡᠯᠡᠨ ᠥᠭᠡᠷᠡᠴᠢᠯᠡᠵᠦ᠂ ᠴᠠᠭᠠᠨ ᠰᠠᠷ᠎ᠠ ᠠᠴᠠ ᠡᠮᠦᠨ᠎ᠡ ᠪᠦᠬᠦᠨ ᠢ ᠲᠥᠯᠥᠵᠦ | ᠳᠠᠭᠤᠰᠬᠠᠬᠤ ᠪᠠᠷ ᠴᠢᠷᠮᠠᠶᠢᠬᠤ ᠬᠡᠷᠡᠭᠲᠡᠢ᠃ ᠥᠷᠢ ᠰᠢᠷᠢ ᠪᠠᠨ ᠢᠯᠭᠠᠷᠠᠭᠤᠯᠤᠨ ᠬᠤᠷᠢᠶᠠᠵᠤ ᠠᠪᠤᠭᠰᠠᠨ ᠠᠵᠤ | ᠠᠬᠤᠶᠢᠯᠠᠯ ᠤᠨ ᠳᠠᠩᠰᠠᠨ ᠵᠣᠭᠤᠰ ᠢ ᠤᠷᠢᠳ ᠢᠶᠠᠷ ᠬᠥᠯᠥᠰᠦᠨ ᠠᠵᠢᠯᠴᠢᠨ ᠤ ᠴᠠᠯᠢᠩ ᠢ ᠥᠭᠬᠦ ᠳᠤ ᠬᠡᠷᠡᠭᠯᠡᠬᠦ ᠬᠡᠷᠡᠭᠲᠡᠢ᠃ | ᠲᠦᠷ ᠴᠠᠭ ᠰᠢᠢᠳᠪᠦᠷᠢᠯᠡᠬᠦ ᠳᠤ ᠪᠡᠷᠬᠡᠲᠡᠢ ᠴᠠᠯᠢᠩ ᠥᠷᠢᠲᠦᠵᠦ ᠪᠠᠶᠢᠭ᠎ᠠ ᠠᠰᠠᠭᠤᠳᠠᠯ ᠢ ᠣᠷᠣᠨ ᠨᠤᠲᠤᠭ ᠤᠨ ᠵᠠᠰᠠᠭ ᠤᠨ | ᠣᠷᠳᠣᠨ ᠴᠠᠯᠢᠩ ᠤᠨ ᠪᠠᠲᠤᠯᠠᠭ᠎ᠠ ᠶᠢᠨ ᠮᠥᠩᠭᠦ᠂ ᠪᠠᠴᠢᠮ ᠪᠠᠶᠢᠳᠠᠯ ᠢ ᠠᠷᠭᠠᠴᠠᠭᠠᠬᠤ ᠡᠷᠭᠢᠯᠲᠡ ᠶᠢᠨ ᠮᠥᠩᠭᠦ ᠵᠡᠷᠭᠡ | ᠨᠥᠭᠡᠴᠡ ᠪᠡᠯᠡ ᠮᠥᠩᠭᠦ ᠪᠠᠷ ᠪᠠᠴᠢᠮ ᠪᠠᠶᠢᠳᠠᠯ ᠢ ᠠᠷᠭᠠᠴᠠᠭᠠᠬᠤ ᠳᠡᠮᠵᠢᠯᠭᠡ ᠬᠠᠩᠭᠠᠬᠤ ᠬᠡᠷᠡᠭᠲᠡᠢ᠃ ᠠᠷᠠᠯᠵᠢᠶ᠎ᠠ | ᠬᠤᠳᠠᠯᠳᠤᠭ᠎ᠠ᠂ ᠡᠳ᠋ᠰᠢᠭᠦᠯᠦᠨ ᠦᠶᠯᠡᠳᠬᠦ ᠵᠡᠷᠭᠡ ᠠᠵᠢᠯ ᠲᠥᠷᠥᠯ ᠤᠨ ᠬᠦᠴᠢᠷᠳᠡᠯᠲᠡᠢ ᠠᠵᠤ ᠠᠬᠤᠶᠢᠯᠠᠯ ᠤᠨ ᠴᠠᠯᠢᠩ | ᠥᠷᠢᠲᠦᠬᠦ ᠠᠰᠠᠭᠤᠳᠠᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠰᠠᠶᠢᠲᠤᠷ ᠰᠢᠢᠳᠪᠦᠷᠢᠯᠡᠬᠦ ᠬᠡᠷᠡᠭᠲᠡᠢ᠃ ᠡᠷᠬᠡ | ᠠᠰᠢᠭ ᠢᠶᠠᠨ ᠬᠠᠮᠠᠭᠠᠯᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠵᠣᠷᠢᠭᠤᠳᠠ ᠴᠠᠯᠢᠩ ᠥᠷᠢᠲᠦᠬᠦ | ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠢ᠃ ᠬᠥᠯᠥᠰᠦᠨ ᠠᠵᠢᠯᠴᠢᠨ ᠤ ᠬᠠᠤᠯᠢ ᠶᠣᠰᠣᠨ ᠤ ᠡᠷᠬᠡ | ᠠᠰᠢᠭ ᠢ ᠪᠠᠲᠤᠯᠠᠬᠤ ᠪᠠᠷ ᠳᠠᠮᠵᠢᠭᠤᠯᠤᠨ ᠲᠡᠳᠡᠨ ᠤ ᠢᠲᠡᠭᠡᠯ ᠵᠣᠷᠢᠭ ᠢ ᠨᠡᠮᠡᠭᠳᠡᠭᠦᠯᠵᠦ᠂ ᠴᠠᠭᠠᠨ ᠰᠠᠷ᠎ᠠ ᠶᠢᠨ ᠲᠠᠷᠠᠭ᠎ᠠ | ᠬᠥᠯᠥᠰᠦᠨ ᠠᠵᠢᠯᠴᠢᠨ ᠤ ᠠᠵᠢᠯ ᠣᠯᠬᠤ᠂ ᠠᠵᠢᠯ ᠤᠨ ᠪᠠᠶᠢᠷᠢ ᠳᠤ ᠪᠠᠨ ᠪᠤᠴᠠᠬᠤ ᠶᠢ ᠲᠣᠭᠲᠠᠭᠤᠨ ᠪᠠᠶᠢᠯᠭᠠᠬᠤ ᠶᠢᠨ | ᠵᠡᠷᠭᠡ ᠳᠤ ᠳᠡᠭᠡᠭᠰᠢᠯᠡᠭᠦᠯᠬᠦ ᠪᠠᠷ ᠴᠢᠷᠮᠠᠶᠢᠬᠤ ᠬᠡᠷᠡᠭᠲᠡᠢ᠃ ᠬᠤᠶᠠᠷ ᠲᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ | ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ | ᠬᠦᠴᠢᠷᠳᠡᠯᠲᠡᠢ ᠬᠦᠮᠦᠰ ᠢ ᠠᠪᠤᠷᠠᠨ ᠲᠤᠰᠠᠯᠠᠬᠤ᠂ ᠠᠵᠢᠯ ᠠᠯᠳᠠᠯᠲᠠ ᠶᠢᠨ ᠨᠥᠬᠦᠪᠦᠷᠢ ᠪᠠ ᠠᠪᠤᠷᠠᠨ ᠲᠤᠰᠠᠯᠠᠬᠤ ᠵᠡᠷᠭᠡ | ᠪᠡᠯᠡ ᠮᠥᠩᠭᠦ ᠶᠢ ᠴᠠᠭ ᠲᠤᠬᠠᠢ ᠳᠤ ᠨᠢ ᠭᠦᠢᠴᠡᠳ ᠲᠤᠭ᠎ᠠ ᠪᠠᠷ ᠲᠠᠷᠬᠠᠭᠠᠵᠤ᠂ ᠬᠢᠵᠢᠭ ᠪᠤᠶᠤ ᠭᠠᠮᠰᠢᠭ ᠠᠴᠠ ᠪᠣᠯᠣᠭᠰᠠᠨ | ᠬᠦᠴᠢᠷᠳᠡᠯ ᠲᠠᠢ ᠤᠯᠠᠨ ᠲᠦᠮᠡᠨ ᠢ ᠲᠦᠷ ᠴᠠᠭ ᠠᠪᠤᠷᠠᠨ ᠲᠤᠰᠠᠯᠠᠵᠤ᠂ ᠦᠨᠳᠦᠰᠦᠨ ᠠᠷᠠᠳ ᠤᠨ ᠠᠮᠢᠳᠤᠷᠠᠯ ᠤᠨ ᠨᠠᠭᠠᠲᠤ | ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠭᠤᠷᠪᠠ ᠳᠤ᠂ ᠠᠶᠤᠯᠭᠦᠢ ᠦᠢᠯᠡᠳᠪᠦᠷᠢᠯᠡᠯ ᠢ ᠥᠴᠥᠬᠡᠨ ᠴᠦ | ᠣᠰᠣᠯᠳᠠᠬᠤ ᠦᠭᠡᠢ ᠪᠠᠷ ᠰᠠᠶᠢᠲᠤᠷ ᠠᠳᠬᠤᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ | ᠨᠢᠭᠡ ᠠᠯᠬᠤᠮ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠳᠠᠯᠳᠠ ᠬᠡᠮ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠂ ᠣᠯᠠᠨ ᠬᠥᠮᠥᠨ ᠴᠤᠭᠯᠠᠷᠠᠬᠤ ᠲᠠᠯᠠᠪᠤᠷ ᠭᠠᠵᠠᠷ ᠤᠨ | ᠠᠮᠤᠷ ᠲᠦᠪᠰᠢᠨ ᠤ ᠵᠢᠵᠢᠭᠦᠷᠯᠡᠯ ᠢ ᠴᠢᠩᠭᠠᠳᠬᠠᠵᠤ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ | ᠡᠷᠡᠰ ᠰᠡᠷᠭᠡᠶᠢᠯᠡᠬᠦ ᠬᠡᠷᠡᠭᠲᠡᠢ᠃ ᠣᠨᠴᠠᠭᠠᠶ ᠴᠠᠭ ᠠᠭᠤᠷ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ | ᠪᠦᠷᠢᠨᠰᠢᠭᠦᠯᠵᠦ᠂ ᠵᠠᠮ ᠬᠠᠷᠢᠯᠴᠠᠭ᠎ᠠ᠂ ᠡᠨᠧᠷᠭᠢ ᠶᠢᠨ ᠰᠤᠷᠪᠤᠯᠵᠢ᠂ ᠮᠡᠳᠡᠭᠡ ᠬᠤᠯᠪᠣᠭ᠎ᠠ ᠵᠡᠷᠭᠡ ᠰᠠᠭᠤᠷᠢ ᠪᠡᠯᠡᠳᠬᠡᠮᠵᠢ ᠶᠢᠨ | ᠠᠶᠤᠯ ᠦᠭᠡᠢ ᠪᠥᠭᠡᠳ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | | | | | | | | | | | | | | | | | | | | |