ᠬᠤᠰᠢᠭᠤᠨ ᠤ ᠰᠢᠭᠤᠳ ᠬᠠᠷᠢᠶ᠎ᠠ  ᠪᠠᠶᠢᠭᠤᠯᠭ᠎ᠠ ᠨᠢᠭᠡᠴᠢ ᠶᠢᠨ ᠾᠧ ᠨᠡᠶᠢᠭᠡᠮ ᠲᠣᠭᠤᠷᠢᠭ ᠲᠤ ᠬᠦᠷᠴᠦ ︽ᠬᠤᠤᠰ ᠨᠡᠷ᠎ᠡ ᠮᠡᠳᠡᠭᠦᠯᠬᠦ︾ ᠵᠢᠴᠢ ᠬᠤᠤᠰᠯᠠᠯ ᠪᠠᠶᠢᠭᠤᠯᠵᠤ ᠬᠠᠮᠲᠤ ᠪᠠᠷ ᠪᠥᠲᠥᠭᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2023/10/23
   10 ᠰᠠᠷ᠎ᠠ ᠶᠢᠨ 19 ᠤ ᠡᠳᠦᠷ᠂ ᠶᠢᠨ ᠾᠧ ᠨᠡᠶᠢᠭᠡᠮ ᠲᠣᠭᠤᠷᠢᠭ ᠬᠤᠰᠢᠭᠤᠨ ᠤ ᠰᠢᠭᠤᠳ ᠬᠠᠷᠢᠶ᠎ᠠ  ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠭᠤᠰᠤᠯᠴᠠᠨ ᠬᠥᠭᠵᠢᠬᠦ ᠶᠢ ᠬᠥᠲᠥᠯᠦᠨ ᠳᠠᠭᠠᠭᠤᠯᠵᠤ ᠠᠬᠢᠭᠤᠯᠬᠤ ᠬᠤᠷᠠᠯ  ᠬᠤᠷᠠᠯᠳᠤᠵᠤ᠂ ᠡᠯ᠎ᠡ ᠪᠦᠷᠢᠯᠳᠦᠬᠦᠨ  ᠨᠢᠭᠡᠴᠢ ᠬᠤᠷᠠᠯ ᠳᠤ ᠣᠷᠣᠯᠴᠠᠵᠤ᠂ ᠾᠦᠢᠵᠸᠦ ᠶᠢᠨ ᠳ᠋ᠢᠩ ᠯᠢ ᠹᠦ᠋ ᠱᠦᠵᠢ ᠬᠤᠷᠠᠯ ᠢ ᠡᠷᠭᠢᠯᠡᠵᠦ᠂ ᠬᠤᠷᠠᠯ ᠠᠴᠠ ᠠᠭᠤᠰᠤᠯᠴᠠᠭᠰᠠᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠷᠰᠢᠯᠭ᠎ᠠ ᠶᠢ ᠳ᠋ᠦᠩᠨᠡᠨ ᠰᠣᠯᠢᠯᠴᠠᠵᠤ᠂ ᠠᠵᠢᠯ ᠤᠨ ᠡᠭᠦᠷᠭᠡ ᠶᠢ ᠪᠠᠶᠢᠷᠢᠯᠠᠭᠤᠯᠤᠨ᠂ ᠠᠵᠢᠯ ᠤᠨ ᠯᠠᠪᠳᠠᠭᠤᠨ ᠪᠠᠲᠤᠲᠠᠶ ᠥᠷᠨᠢᠬᠦ ᠶᠢ ᠪᠠᠲᠤᠯᠠᠪᠠ᠃    ᠶᠠᠭᠤᠨ ᠤ ᠡᠮᠦᠨ᠎ᠡ ᠨᠡᠶᠢᠭᠡᠮ ᠲᠣᠭᠤᠷᠢᠭ ᠤᠨ ᠵᠠᠩ ᠭᠦᠸᠧ ᠯᠢᠩ ᠱᠦᠵᠢ ᠣᠳᠣᠬᠠᠨ ᠤ ᠶᠢᠨ ᠾᠧ ᠨᠡᠶᠢᠭᠡᠮ ᠲᠣᠭᠤᠷᠢᠭ ᠤᠨ ᠦᠨᠳᠦᠰᠦᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠠᠴᠢ ᠬᠤᠯᠪᠣᠭᠳᠠᠯ ᠢ ᠴᠢᠬᠤᠯᠠᠴᠢᠯᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ  ᠦᠢᠯᠡᠴᠢᠯᠡᠭᠡᠨ ᠤ ᠲᠥᠪ ᠤᠨ ᠵᠢᠶᠠ ᠢᠦᠶ ᠪᠢᠩ ᠨᠥᠬᠦᠷ ᠶᠠᠷᠢᠶ᠎ᠠ ᠲᠠᠯᠪᠢᠵᠤ᠂ ᠲᠦᠷᠦᠭᠦᠯᠡᠨ ᠭᠦᠢᠴᠡᠳᠬᠡᠬᠦ ᠨᠢᠭᠡᠴᠢ ᠪᠣᠯᠤᠭᠰᠠᠨ ᠤ ᠬᠤᠪᠢ ᠳᠤ᠂ ᠬᠠᠷᠢᠯᠴᠠᠨ ᠠᠬᠢᠭᠤᠯᠵᠤ ᠠᠭᠤᠰᠤᠯᠴᠠᠭᠤᠯᠬᠤ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠠᠭᠤᠰᠤᠯᠴᠠᠨ ᠬᠥᠭᠵᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠶᠠᠯᠳᠤᠯ ᠤᠨ ᠴᠡᠭ ᠪᠠ ᠬᠦᠴᠦᠯᠡᠬᠦ ᠴᠡᠭ ᠢ ᠣᠨᠣᠪᠴᠢᠲᠠᠶ ᠡᠷᠢᠨ ᠣᠯᠵᠤ᠂ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡ ᠪᠠᠷ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠵᠤ᠂  ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠨᠠᠷᠠᠲᠤ  ᠲᠡᠮᠲᠡᠭᠲᠦ ᠶᠢᠨ ᠬᠢᠯᠠᠰ ᠴᠡᠭ ᠢ ᠪᠣᠶ ᠪᠣᠯᠭᠠᠵᠤ᠂ ᠵᠢᠷᠭᠤᠭᠠᠨ ᠬᠠᠪᠰᠤᠷᠤᠨ ᠲᠡᠳᠬᠦᠬᠦ ᠨᠡᠶᠢᠭᠡᠮ ᠲᠣᠭᠤᠷᠢᠭ ᠢ ᠪᠠᠶᠢᠭᠤᠯᠵᠤ᠂  ᠪᠠᠶᠢᠭᠤᠯᠭ᠎ᠠ  ᠶᠢᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠬᠤ ᠬᠡᠷᠡᠭᠲᠡᠶ ᠭᠡᠵᠡᠶ᠃ ᠵᠢᠶᠠ ᠢᠦᠢ ᠪᠢᠩ ᠨᠥᠬᠦᠷ ᠲᠦᠷᠦᠭᠦᠯᠡᠨ ᠶᠢᠨ ᠾᠧ ᠨᠡᠶᠢᠭᠡᠮ ᠲᠣᠭᠤᠷᠢᠭ ᠢ ᠬᠠᠪᠰᠤᠷᠤᠨ ᠣᠳᠣᠬᠠᠨ ᠤ ᠬᠦᠴᠢᠷᠳᠡᠯ ᠢ ᠨᠢ ᠰᠢᠢᠳᠪᠦᠷᠢᠯᠡᠵᠦ ᠥᠭᠴᠡᠢ᠂ ᠵᠢᠱᠢᠶᠡᠯᠡᠪᠡᠯ LED ᠡᠯᠧᠺᠲᠷᠣᠨ ᠳᠡᠯᠭᠡᠴᠡ᠂ ᠺᠣᠮᠫᠢᠦ᠋ᠲ᠋ᠧᠷ ᠤᠨ ᠳᠠᠷᠤᠮᠠᠯᠯᠠᠬᠤ ᠮᠠᠰᠢᠨ᠂ ᠠᠯᠪᠠᠨ ᠰᠢᠷᠡᠭᠡ ᠵᠡᠷᠭᠡ ᠡᠳ᠋ ᠪᠣᠳᠠᠰ ᠨᠢ ᠳᠠᠭᠠᠭᠤᠯᠬᠤ ᠦᠢᠯᠡᠳᠦᠯ ᠦᠵᠡᠭᠦᠯᠦᠭᠰᠡᠨ ᠪᠥᠭᠡᠳ ᠪᠤᠰᠤᠳ ᠪᠦᠷᠢᠯᠳᠦᠬᠦᠨ ᠨᠢᠭᠡᠴᠢ ᠶᠢᠨ ᠢᠳᠡᠪᠬᠢᠵᠢᠯ ᠢ ᠲᠠᠶᠢᠴᠢᠯᠠᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ᠂ ᠱᠠᠯᠠᠪᠳᠠᠭᠤᠯᠤᠨ ᠵᠢᠯᠣᠭᠤᠳᠬᠤ᠂ ᠨᠡᠶᠢᠲᠡᠯᠢᠭ ᠵᠢᠱᠢᠶ᠎ᠡ ᠪᠠᠷ ᠤᠬᠠᠭᠤᠯᠬᠤ ᠪᠠᠷ ᠳᠠᠮᠵᠢᠭᠤᠯᠵᠤ᠂  ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢ ᠠᠳᠬᠤᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠵᠡᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号