ᠰᠠᠯᠪᠤᠷᠢ ᠰᠢᠶᠠᠩ  ︽ᠭᠤᠷᠪᠠ ᠶᠢᠨ ᠪᠣᠳᠠᠲᠠᠶᠢᠵᠢᠭᠤᠯᠵᠤ︾ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠬᠤᠷᠢᠶᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ  ᠠᠬᠢᠭᠤᠯᠤᠨ᠎ᠠ
ᠨᠡᠶᠢᠲᠡᠯᠡᠭᠰᠡᠨ ᠴᠠᠭ᠄
2023/10/24
    2024 ᠣᠨ  ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠬᠤᠷᠢᠶᠠᠨ ᠲᠤᠰᠢᠶᠠᠬᠤ ᠠᠵᠢᠯ ᠢ ᠡᠬᠢᠯᠡᠭᠦᠯᠦᠭᠰᠡᠨ ᠠᠴᠠ ᠨᠠᠰᠢ᠂  ᠰᠠᠯᠪᠤᠷᠢ ᠰᠢᠶᠠᠩ ︽ᠭᠤᠷᠪᠠ ᠶᠢ ᠪᠣᠳᠠᠲᠠᠶᠢᠵᠢᠭᠤᠯᠬᠤ︾ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ︽ᠠᠷᠠᠳ ᠲᠤ  ᠦᠢᠯᠡᠴᠢᠯᠡᠬᠦ᠂ ᠠᠷᠠᠳ ᠲᠤ ᠲᠥᠬᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ︾ ᠪᠠᠷ ᠵᠠᠷᠴᠢᠮ ᠪᠣᠯᠭᠠᠨ᠂ ᠪᠥᠬᠦ ᠠᠵᠢᠯᠲᠠᠨ ᠳᠠᠭᠠᠳᠬᠠᠯ ᠳᠤ ᠣᠷᠣᠯᠴᠠᠬᠤ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠡᠮ ᠡᠮᠨᠡᠯᠭᠡ ᠶᠢᠨ ᠳᠠᠭᠠᠳᠬᠠᠯ ᠢ ᠬᠤᠷᠢᠶᠠᠨ ᠲᠤᠰᠢᠶᠠᠬᠤ ᠠᠵᠢᠯ ᠢ ︽ᠢᠳᠡᠪᠬᠢ ᠪᠤᠰᠤ ᠲᠤᠰᠢᠶᠠᠵᠤ︾ ᠪᠠᠶᠢᠭᠰᠠᠨ ᠠᠴᠠ ︽ᠢᠳᠡᠪᠬᠢᠲᠡᠢ ᠲᠤᠰᠢᠶᠠᠬᠤ︾ ᠳᠠᠰᠢ ᠪᠦᠲᠦᠮᠵᠢᠲᠡᠶ ᠬᠤᠪᠢᠷᠠᠭᠤᠯᠬᠤ ᠶᠢ ᠠᠬᠢᠭᠤᠯᠪᠠ᠃    ᠨᠢᠭᠡ ᠳᠤ᠂ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ᠰᠢᠶᠠᠩ ᠤᠨ ᠵᠠᠰᠠᠭ ᠤᠨ ᠣᠷᠳᠣᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠬᠤᠷᠢᠶᠠᠨ ᠲᠤᠰᠢᠶᠠᠬᠤ ᠠᠵᠢᠯ ᠤᠨ ᠬᠤᠷᠠᠯ ᠢ ᠤᠯᠠᠨ ᠤᠳᠠᠭ᠎ᠠ ᠬᠤᠷᠠᠯᠳᠤᠭᠤᠯᠵᠤ᠂ ᠡᠮ ᠡᠮᠨᠡᠯᠭᠡ ᠶᠢᠨ ᠳᠠᠭᠠᠳᠬᠠᠯ ᠢ ᠬᠤᠷᠢᠶᠠᠨ ᠲᠤᠰᠢᠶᠠᠬᠤ ᠠᠵᠢᠯ ᠢ  ᠰᠣᠳᠤᠯᠤᠨ ᠪᠠᠶᠢᠷᠢᠯᠠᠭᠤᠯᠪᠠ᠃  ᠡᠮ ᠡᠮᠨᠡᠯᠭᠡ ᠶᠢᠨ ᠳᠠᠭᠠᠳᠬᠠᠯ ᠤᠨ  ᠰᠦᠢᠳᠬᠡᠯ ᠲᠤᠰᠢᠶᠠᠬᠤ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠮᠥᠷᠳᠡᠵᠦ᠂ ᠰᠢᠰᠲ᠋ᠧᠮ ᠤᠨ ᠰᠦᠢᠳᠬᠡᠯ ᠲᠤᠰᠢᠶᠠᠭᠠᠳᠤᠶ ᠰᠠᠭᠤᠭᠠᠯᠢ ᠠᠷᠠᠳ ᠤᠨ ᠨᠡᠷᠡᠰ ᠢ ᠴᠠᠭ ᠲᠤᠬᠠᠶ ᠳᠤᠨᠢ ᠡᠮᠬᠢᠯᠡᠨ ᠳᠢᠭᠯᠡᠵᠦ ᠂ ᠨᠠᠷᠢᠯᠢᠬᠵᠢᠭᠤᠯᠤᠨ ᠡᠮᠬᠢᠯᠡᠵᠦ᠂ ᠬᠤᠷᠢᠶᠠᠨ ᠲᠤᠰᠢᠶᠠᠬᠤ ᠡᠭᠦᠷᠭᠡ ᠶᠢ ᠡᠯ᠎ᠡ ᠲᠣᠰᠬᠤᠨ ᠳᠤ ᠬᠤᠪᠢᠶᠠᠨ ᠥᠭᠴᠦ᠂ ᠠᠵᠢᠯ ᠤᠨ ᠡᠭᠦᠷᠭᠡ ᠶᠢ ᠬᠥᠮᠦᠨ ᠳᠤ ᠬᠦᠷᠲᠡᠯ᠎ᠡ ᠨᠠᠷᠢᠯᠢᠬᠵᠢᠭᠤᠯᠬᠤ ᠶᠢ ᠦᠨᠡᠨᠬᠦ   ᠪᠠᠲᠤᠯᠠᠬᠤ ᠬᠡᠷᠡᠭᠲᠡᠢ᠃    ᠬᠤᠶᠠᠷ ᠲᠤ᠂ ᠤᠬᠠᠭᠤᠯᠭ᠎ᠠ ᠪᠠᠨ ᠴᠢᠩᠭᠠᠳᠬᠠᠵᠤ᠂ ᠮᠡᠳᠡᠬᠦ ᠨᠣᠷᠮ᠎ᠠ ᠶᠢ ᠪᠣᠳᠠᠲᠠᠶᠢᠵᠢᠭᠤᠯᠤᠨ᠎ᠠ᠃ ᠤᠬᠠᠭᠤᠯᠵᠤ ᠬᠥᠲᠥᠯᠦᠨ ᠵᠢᠯᠣᠭᠤᠳᠬᠤ ᠳᠤ ᠠᠩᠬᠠᠷᠤᠯ ᠢᠶᠠᠨ ᠲᠥᠪᠯᠡᠷᠡᠭᠦᠯᠬᠦ ᠶᠢ ᠴᠢᠬᠤᠯᠠᠴᠢᠯᠠᠵᠤ᠂ ᠤᠬᠠᠭᠤᠯᠭ᠎ᠠ ᠶᠢᠨ ᠠᠭᠤᠷ ᠠᠮᠢᠰᠬᠤᠯ ᠢ ᠢᠳᠡᠪᠬᠢᠲᠡᠢ ᠪᠣᠢ ᠪᠣᠯᠭᠠᠪᠠ ᠃ ᠰᠦᠯᠵᠢᠶᠡᠨ ᠳᠡᠭᠡᠷ᠎ᠡ ᠸᠢᠴᠠᠲ ᠤᠨ ᠪᠦᠯᠦᠭ᠂ ᠳ᠋ᠢᠶᠠᠩᠬᠤᠸᠠ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠬᠢᠨ ᠤᠬᠠᠭᠤᠯᠵᠤ᠂ ᠬᠤᠷᠢᠶᠠᠨ ᠲᠤᠰᠢᠶᠠᠬᠤ ᠴᠠᠭ᠂  ᠰᠦᠢᠳᠬᠡᠯ ᠬᠤᠷᠢᠶᠠᠬᠤ ᠪᠠᠷᠢᠮᠵᠢᠶ᠎ᠠ᠂ ᠲᠤᠰᠢᠶᠠᠬᠤ ᠶᠠᠪᠤᠴᠠ ᠪᠠ ᠲᠠᠩᠰᠠ ᠲᠠᠶᠢᠯᠬᠤ ᠪᠠᠷᠢᠮᠵᠢᠶ᠎ᠠ ᠵᠡᠷᠭᠡ ᠮᠡᠳᠡᠭᠡ ᠵᠠᠩᠭᠢ ᠶᠢ ᠨᠡᠶᠢᠲᠡᠯᠡᠨ᠎ᠡ᠃ ᠡᠭᠦᠨ ᠤ ᠬᠠᠮᠲᠤ᠂ ᠰᠦᠯᠵᠢᠶᠡᠨ ᠭᠠᠳᠠᠨᠠᠬᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠪᠠ ᠤᠬᠠᠭᠤᠯᠭ᠎ᠠ ᠶᠢᠨ ᠡᠯᠭᠦᠭᠡ ᠵᠢᠷᠤᠭ ᠲᠠᠷᠬᠠᠭᠠᠬᠤ ᠪᠠᠷ ᠳᠠᠮᠵᠢᠭᠤᠯᠤᠨ᠂ ᠰᠢᠶᠠᠩ᠂ ᠲᠣᠰᠬᠤᠨ ᠤ ᠺᠠᠳ᠋ᠷᠴᠤᠳ ᠲᠠᠢ ᠤᠶᠠᠯᠳᠤᠭᠤᠯᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠶᠠᠷᠢᠵᠤ᠂ ᠬᠠᠷᠢᠶᠠᠲᠤ ᠣᠷᠣᠨ ᠤ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠴᠢᠬᠤᠯᠠ ᠴᠢᠨᠠᠷ ᠪᠠ ᠪᠣᠳᠠᠲᠠᠶ ᠰᠦᠢᠳᠬᠡᠯ ᠲᠤᠰᠢᠶᠠᠬᠤ ᠠᠵᠢᠯᠯᠠᠭᠠᠨ ᠤ ᠠᠷᠭ᠎ᠠ ᠶᠢ ᠣᠶᠢᠯᠠᠭᠠᠵᠤ ᠮᠡᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠨ ᠤᠬᠠᠭᠤᠯᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠴᠠᠭ ᠲᠤᠬᠠᠶ ᠳᠤᠨᠢ ᠳᠠᠭᠠᠳᠬᠠᠯ ᠳᠤ ᠣᠷᠣᠯᠴᠠᠬᠤ᠂ ᠳᠠᠭᠠᠳᠬᠠᠯ ᠢᠶᠠᠨ ᠦᠷᠭᠦᠯᠵᠢᠯᠡᠭᠦᠯᠬᠦ ᠶᠢ ᠬᠥᠲᠥᠯᠦᠨ ᠵᠢᠯᠣᠭᠤᠳᠬᠤ ᠪᠠ  ᠵᠣᠷᠢᠭᠵᠢᠭᠤᠯᠬᠤ ᠬᠡᠷᠡᠭᠲᠡᠢ᠃    ᠭᠤᠷᠪᠠ ᠳᠤ᠂ ᠳᠠᠭᠠᠳᠬᠠᠯ ᠳᠤ ᠣᠷᠣᠯᠴᠠᠬᠤ ᠠᠷᠭ᠎ᠠ ᠬᠡᠯᠪᠡᠷᠢ ᠶᠢ ᠰᠢᠯᠢᠳᠡᠭᠵᠢᠭᠦᠯᠵᠦ᠂ ᠤᠯᠠᠨ ᠲᠦᠮᠡᠨ ᠳᠤ ᠦᠢᠯᠡᠴᠢᠯᠡᠬᠦ ᠶᠢ ᠪᠣᠳᠠᠲᠠᠶᠢᠵᠢᠭᠤᠯᠤᠨ᠎ᠠ᠃ ᠭᠠᠳᠠᠷ ᠬᠠᠷᠢᠶ᠎ᠠ ᠣᠷᠣᠨ ᠳᠤ ᠰᠠᠭᠤᠵᠤ ᠪᠠᠶᠢᠭ᠎ᠠ᠂ ᠭᠠᠳᠠᠭᠰᠢ ᠭᠠᠷᠴᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠲᠤ ᠠᠪᠴᠤ ᠬᠡᠯᠡᠪᠡᠯ᠂ ᠠᠵᠢᠯᠲᠠᠳ ᠳ᠋ᠢᠶᠠᠩᠬᠤᠸᠠ ᠪᠤᠶᠤ ᠸᠢᠴᠠᠲ ᠢᠶᠠᠷ ᠳᠠᠮᠵᠢᠭᠤᠯᠤᠨ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠲᠡᠳᠡᠨ ᠤ ᠴᠠᠭ ᠲᠤᠬᠠᠶ ᠳᠤᠨᠢ ᠰᠦᠢᠳᠬᠡᠯ ᠲᠤᠰᠢᠶᠠᠬᠤ ᠶᠢ ᠰᠢᠪᠠᠳᠠᠨ᠎ᠠ︔ ᠰᠦᠢᠳᠬᠡᠯ ᠲᠤᠰᠢᠶᠠᠬᠤ ᠪᠠᠨ ᠵᠣᠭᠰᠣᠭᠰᠠᠨ ᠬᠥᠮᠦᠰ ᠲᠤ᠂ ᠠᠵᠢᠯᠲᠠᠳ ᠰᠠᠨᠠᠭᠠᠴᠢᠯᠠᠭ᠎ᠠ ᠠᠴᠠ ᠪᠠᠨ ᠣᠯᠠᠨ ᠤᠳᠠᠭ᠎ᠠ ᠬᠦᠷᠴᠦ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠨᠢᠭᠡ ᠨᠢᠭᠡ ᠪᠠᠷ ᠭᠤᠣᠯᠳᠠᠯᠭ᠎ᠠ ᠲᠠᠢ ᠮᠡᠳᠡᠭᠳᠡᠵᠦ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠦᠯᠢᠴᠡᠩᠭᠦᠶ ᠪᠠᠷ ᠨᠠᠷᠢᠨ ᠨᠢᠮᠪᠠᠶ ᠲᠠᠶᠢᠯᠪᠤᠷᠢᠯᠠᠨ ᠶᠠᠷᠢᠵᠤ᠂ ᠨᠠᠰᠤ ᠠᠬᠠᠰᠢᠷᠠᠵᠤ ᠪᠡᠶ᠎ᠡ ᠮᠠᠭᠤᠳᠠᠭᠰᠠᠨ᠂ ᠶᠠᠪᠤᠵᠤ ᠰᠠᠭᠤᠬᠤ ᠳᠤ ᠳᠥᠭᠦᠮ ᠦᠭᠡᠢ᠂ ᠭᠠᠳᠠᠭᠰᠢ ᠭᠠᠷᠬᠤ ᠳᠤ ᠬᠦᠴᠢᠷᠲᠡᠶ  ᠰᠦᠢᠳᠬᠡᠯ ᠲᠤᠰᠢᠶᠠᠭᠠᠳᠤᠶ ᠰᠠᠭᠤᠭᠠᠯᠢ ᠠᠷᠠᠳ ᠲᠤ ᠠᠵᠢᠯᠲᠠᠨ ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠴᠦ ᠸᠢᠴᠠᠲ᠂  ᠮᠥᠩᠬᠡ ᠰᠣᠪᠠᠭ ᠵᠡᠷᠭᠡ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠲᠡᠳᠡᠨ ᠢ ᠬᠠᠪᠰᠤᠷᠤᠨ ᠣᠷᠣᠯᠠᠨ ᠲᠤᠰᠢᠶᠠᠵᠤ᠂ ᠬᠦᠴᠢᠷᠳᠡᠯᠲᠡᠶ ᠣᠯᠠᠨ ᠲᠦᠮᠡᠨ ᠤ  ᠰᠦᠢᠳᠬᠡᠯ ᠲᠤᠰᠢᠶᠠᠬᠤ ᠳᠤ ᠲᠥᠬᠦᠮ ᠦᠵᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃    ᠣᠳᠣᠬᠠᠨ ᠪᠣᠯᠲᠠᠯ᠎ᠠ᠂ ᠪᠦᠬᠦ ᠰᠢᠶᠠᠩ ᠤᠨ ᠬᠢᠨ ᠡᠮ ᠡᠮᠨᠡᠯᠭᠡ ᠶᠢᠨ ᠳᠠᠭᠠᠳᠬᠠᠯ  ᠤᠨ 2100 ᠬᠥᠮᠦᠨ ᠢ ᠬᠤᠷᠢᠶᠠᠨ ᠲᠤᠰᠢᠶᠠᠯᠭᠠᠭᠰᠠᠨ ᠪᠥᠭᠡᠳ ᠡᠮ ᠡᠮᠨᠡᠯᠭᠡ ᠶᠢᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠨ ᠬᠤᠷᠢᠶᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠠᠨ ᠲᠦᠮᠡᠨ ᠤ ᠠᠰᠢᠭ ᠲᠤᠰᠠ ᠶᠢ ᠦᠨᠡᠨᠬᠦ ᠪᠠᠲᠤᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠰ ᠤᠨ ᠪᠦᠬᠦ ᠠᠷᠠᠳ ᠲᠦᠮᠡᠨ ᠳᠤ ᠨᠡᠩ ᠰᠠᠶᠢᠨ ᠠᠰᠢᠭ ᠬᠦᠷᠲᠡᠭᠡᠬᠦ ᠶᠢ ᠠᠬᠢᠭᠤᠯᠬᠤ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号