ᠠᠤᠬᠠᠨ ᠬᠤᠰᠢᠭᠤ 2023 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ ᠲᠠᠷᠬᠠᠭᠠᠪᠠ
ᠨᠡᠶᠢᠲᠡᠯᠡᠭᠰᠡᠨ ᠴᠠᠭ᠄
2023/10/24
     ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠪᠡᠯᠡ ᠮᠥᠩᠭᠦ ᠭᠡᠳᠡᠭ ᠨᠢ ᠨᠠᠮ ᠤᠨ ᠲᠥᠪ ᠬᠤᠷᠢᠶᠠᠨ ᠤ ᠡᠳ᠋ ᠤᠨ ᠵᠠᠰᠠᠭ ᠪᠣᠯᠤᠨ ᠣᠷᠣᠨ ᠨᠤᠲᠤᠭ ᠤᠨ ᠡᠳ᠋ ᠤᠨ ᠵᠠᠰᠠᠭ ᠠᠴᠠ ᠲᠠᠷᠢᠶᠠᠴᠢᠳ ᠪᠣᠯᠤᠨ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠳᠤ ᠤᠯᠤᠰ ᠠᠴᠠ ᠳᠡᠯᠭᠡᠷᠡᠭᠦᠯᠬᠦ ᠶᠢ ᠳᠡᠮᠵᠢᠭᠰᠡᠨ ᠲᠡᠷᠢᠭᠦᠨ ᠤ ᠪᠥᠭᠡᠳ ᠬᠡᠷᠡᠭᠯᠡᠭᠡᠨ ᠤ ᠲᠠᠷᠢᠶᠠᠯᠠᠩ ᠤᠨ ᠮᠠᠰᠢᠨ ᠢ ᠬᠤᠳᠠᠯᠳᠤᠨ ᠠᠪᠬᠤ ᠳᠤ ᠥᠭᠬᠦ ᠨᠥᠬᠦᠪᠥᠷᠢ ᠶᠢ ᠵᠢᠭᠠᠵᠤ ᠪᠤᠶ᠂ ᠡᠨᠡ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠠᠷᠢᠶᠠᠯᠠᠩ ᠪᠣᠯᠤᠨ ᠠᠮᠤ ᠪᠤᠳᠠᠭᠠᠨ ᠤ ᠦᠢᠯᠡᠳᠪᠦᠷᠢᠯᠡᠯ ᠢ ᠴᠢᠩᠭᠠᠳᠬᠠᠬᠤ ᠶᠢᠨ ᠲᠥᠯᠥᠭᠡ ᠠᠪᠤᠭᠰᠠᠨ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ᠎ᠠ᠃    ᠠᠤᠬᠠᠨ ᠬᠤᠰᠢᠭᠤᠨ ᠤ 2023 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠶᠢᠨ ᠪᠠᠯᠠ ᠮᠥᠩᠭᠦ 3807 ᠲᠦᠮᠡᠨ ᠲᠥᠭᠦᠷᠢᠭ ᠪᠠᠶᠢᠵᠤ᠂ ᠣᠶᠢᠷ᠎ᠠ ᠳᠤ ︽ᠪᠦᠬᠦᠨ ᠳᠤ ᠳᠣᠭᠢᠷᠠᠬᠤ ᠺᠠᠷᠲ︾ ᠤᠨ ᠪᠠᠯᠠ ᠮᠥᠩᠭᠦ ᠣᠯᠭᠤᠬᠤ ᠰᠢᠰᠲ᠋ᠧᠮ ᠢᠶᠠᠷ ᠳᠠᠮᠵᠢᠭᠤᠯᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠶᠢᠨ ᠭᠤᠤᠯ ᠴᠣᠭᠴᠠ ᠳᠤ ᠲᠠᠷᠬᠠᠭᠠᠪᠠ᠃ ᠣᠲᠣ ᠪᠣᠯᠲᠠᠯ᠎ᠠ ᠨᠢᠭᠡᠨᠲᠡ 2062.53 ᠲᠦᠮᠡᠨ ᠲᠥᠭᠦᠷᠢᠭ ᠲᠠᠷᠬᠠᠭᠠᠵᠤ᠂ 1287 ᠡᠷᠦᠬᠡ ᠳᠤ ᠨᠥᠬᠦᠪᠥᠷᠢ ᠥᠭᠴᠦ᠂ 17 ᠰᠢᠶᠠᠩ ᠪᠠᠯᠭᠠᠰᠤ ᠰᠤᠮᠤ 1 ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠳᠤ ᠠᠰᠢᠭ ᠬᠦᠷᠲᠡᠭᠡᠵᠦ᠂ ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢ ᠪᠥᠬᠦ ᠲᠠᠯ᠎ᠠ ᠪᠠᠷ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠣᠯᠭᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠬᠦ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号