ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠤᠬᠠᠨ ᠬᠤᠰᠢᠭᠤᠨ ᠳᠠᠬᠢ ᠨᠠᠪᠴᠢᠨ ᠲᠠᠮᠠᠬᠢ ᠶᠢᠨ ᠲᠤᠰᠬᠠᠶ ᠬᠤᠳᠠᠯᠳᠤᠭᠠᠨ ᠤ ᠲᠣᠪᠴᠢᠶ᠎ᠠ ᠶᠢᠨ ᠴᠠᠭᠠᠰᠤᠨ ᠲᠠᠮᠠᠬᠢ ᠵᠢᠵᠢᠭᠯᠡᠨ ᠬᠤᠳᠠᠯᠳᠤᠬᠤ ᠬᠡᠷᠡᠭᠯᠡᠭᠴᠢ ᠶᠢᠨ ᠢᠲᠡᠭᠡᠮᠵᠢ ᠶᠢᠨ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠭᠰᠠᠨ ᠪᠠᠶᠢᠳᠠᠯ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2023/10/24
     ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠳᠣᠭᠤᠰᠢᠯᠠᠭᠤᠯᠤᠨ  ᠨᠠᠶᠢᠳᠠᠪᠤᠷᠢᠵᠢᠭᠤᠯᠵᠤ ᠂ ᠢᠲᠡᠭᠡᠮᠵᠢ ᠪᠠᠷ ᠰᠠᠭᠤᠷᠢ ᠪᠣᠯᠭᠠᠭᠰᠠᠨ ᠰᠢᠨ᠎ᠡ ᠮᠠᠶ᠋ᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂  ᠴᠠᠭᠠᠰᠤᠨ ᠲᠠᠮᠠᠬᠢ ᠶᠢ ᠵᠢᠵᠢᠭᠯᠡᠨ ᠬᠤᠳᠠᠯᠳᠤᠬᠤ ᠡᠷᠦᠬᠡ ᠶᠢᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂  ᠴᠠᠭᠠᠰᠤᠨ ᠲᠠᠮᠠᠬᠢ ᠵᠢᠵᠢᠭᠯᠡᠨ ᠬᠤᠳᠠᠯᠳᠤᠬᠤ ᠡᠷᠦᠬᠡ ᠶᠢᠨ ᠦᠨᠡᠨᠴᠢ ᠢᠲᠡᠭᠡᠮᠵᠢᠲᠡᠶ ᠪᠠᠶᠢᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠭᠤᠤᠯᠴᠢ ᠪᠠᠷ ᠥᠷᠢᠰᠦᠯᠳᠦᠬᠦ᠂ ᠦᠨᠡᠨᠴᠢ ᠢᠲᠡᠭᠡᠮᠵᠢᠲᠡᠶ ᠪᠠᠶᠢᠬᠤ ᠢᠲᠡᠭᠡᠮᠵᠢ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠦᠨᠡᠨᠴᠢ ᠢᠲᠡᠭᠡᠮᠵᠢᠲᠡᠶ ᠬᠠᠤᠯᠢ ᠶᠢ ᠰᠠᠬᠢᠵᠤ ᠡᠵᠡᠩᠨᠡᠬᠦ ᠳᠦᠷᠢ ᠲᠥᠷᠬᠦ ᠶᠢ ᠪᠣᠶ ᠪᠣᠯᠭᠠᠬᠤ ᠶᠢᠨ ᠲᠦᠯᠦᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠪᠴᠢᠨ ᠲᠠᠮᠠᠬᠢ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠠᠤᠬᠠᠨ ᠬᠤᠰᠢᠭᠤᠨ ᠤ ᠬᠠᠷᠢᠶ᠎ᠠ ᠲᠣᠭᠤᠷᠢᠭ ᠤᠨ  ᠴᠠᠭᠠᠰᠤᠨ ᠲᠠᠮᠠᠬᠢ ᠵᠢᠵᠢᠭᠯᠡᠨ ᠬᠤᠳᠠᠯᠳᠤᠬᠤ ᠬᠡᠷᠡᠭᠯᠡᠭᠴᠢ ᠶᠢᠨ ᠢᠲᠡᠭᠡᠮᠵᠢ ᠶᠢᠨ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠭᠰᠠᠨ ᠪᠠᠶᠢᠳᠠᠯ ᠢ ᠢᠯᠡ ᠨᠡᠶᠢᠳᠡᠯᠡᠪᠡ᠂ ᠬᠤᠯᠪᠤᠭᠳᠠᠯ ᠪᠦᠬᠦᠢ ᠠᠭᠤᠯᠭ᠎ᠠ ᠶᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ ︕᠃             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠤᠬᠠᠨ ᠬᠤᠰᠢᠭᠤᠨ ᠳᠠᠬᠢ ᠨᠠᠪᠴᠢᠨ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号