ᠬᠢᠴᠢᠶᠡᠯ ᠤᠨ ᠲᠠᠩᠬᠢᠮ ᠳᠠᠬᠢ ᠨᠠᠷᠢᠨ ᠨᠢᠭᠤᠴᠠᠭᠠᠢ ︽ᠰᠢᠨᠵᠢᠯᠡᠬᠦ ᠤᠬᠠᠭᠠᠨ ᠤ ᠸᠠᠩᠲᠤ ᠤᠯᠤᠰ︾ 
ᠨᠡᠶᠢᠲᠡᠯᠡᠭᠰᠡᠨ ᠴᠠᠭ᠄
2023/11/10
           2023 ᠣᠨ ᠤ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ ᠤᠨ ᠠᠵᠢᠯᠯᠠᠭ᠎ᠠ ᠶᠢ 2023 ᠣᠨ ᠤ 9 ᠰᠠᠷ᠎ᠠ ᠶᠢᠨ 17 ᠤ ᠡᠳᠦᠷ ᠠᠴᠠ 23 ᠤ ᠡᠳᠦᠷ ᠪᠣᠯᠲᠠᠯ᠎ᠠ ᠪᠦᠬᠦ ᠤᠯᠤᠰ ᠤᠨ ᠡᠯ᠎ᠡ ᠭᠠᠵᠠᠷ ᠲᠤ ᠲᠥᠪᠯᠡᠷᠡᠭᠦᠯᠦᠨ ᠥᠷᠨᠢᠭᠦᠯᠪᠡ ᠃ ᠡᠨᠡ ᠵᠢᠯ ᠤᠨ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ ᠤᠨ ᠭᠤᠣᠯ ᠰᠡᠳᠦᠪ ᠨᠢ ︽ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠳᠤ ᠬᠦᠴᠦᠨ ᠨᠡᠮᠡᠷᠢᠯᠡᠬᠦ︾ ᠪᠣᠯᠤᠨ᠎ᠠ᠃ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ  ᠤᠯᠠᠮ ᠨᠢᠭᠡ ᠠᠯᠬᠤᠮ ᠪᠠᠳᠠᠷᠠᠭᠤᠯᠵᠤ᠂ ᠬᠡᠦᠬᠡᠳ ᠤᠨ ᠰᠢᠨᠵᠢᠯᠡᠬᠦ ᠤᠬᠠᠭᠠᠨ ᠤ ᠬᠦᠰᠡᠯ ᠵᠡᠭᠦᠳᠦ ᠪᠣᠯᠤᠨ ᠰᠢᠨᠵᠢᠯᠡᠬᠦ ᠤᠬᠠᠭᠠᠨ ᠤ ᠬᠦᠰᠡᠯ ᠵᠣᠷᠢᠯᠲᠠ ᠶᠢ ᠬᠥᠭᠵᠢᠭᠡᠵᠦ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠬᠡᠪ ᠴᠢᠨᠠᠷ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠵᠤ᠂ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ ᠤᠨ ᠬᠤᠭᠤᠴᠠᠭᠠᠨ ᠳᠤ᠂ ᠬᠤᠩᠱᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠶᠢ ᠰᠤᠷᠭᠠᠭᠤᠯᠢ ᠳᠤ ᠣᠷᠤᠭᠤᠯᠬᠤ ᠰᠢᠷᠢᠰ ᠠᠵᠢᠯᠯᠠᠭ᠎ᠠ ᠶᠢ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠥᠮᠦᠵᠢᠯ ᠢ ᠠᠬᠢᠭᠤᠯᠵᠤ᠂ ᠳᠤᠷ᠎ᠠ ᠰᠣᠨᠢᠷᠬᠠᠯ ᠢ ᠨᠢ ᠬᠥᠭᠵᠢᠭᠡᠵᠦ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠶᠢ ᠬᠥᠮᠦᠵᠢᠭᠦᠯᠪᠡ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ  ᠦᠢᠯᠡᠴᠢᠯᠡᠭᠴᠢᠳ ᠥᠷᠭᠡᠨ ᠳᠡᠯᠭᠡᠷ ᠡᠷᠳᠡᠮ ᠮᠡᠳᠡᠯᠭᠡ᠂ ᠠᠮᠢᠳᠤᠯᠢᠭ ᠰᠣᠨᠢᠷᠬᠠᠯᠲᠠᠶ ᠦᠭᠡ ᠬᠡᠯᠡ ᠪᠠ ᠬᠥᠮᠦᠰ ᠤᠨ ᠪᠠᠭ᠋ᠠᠷᠤᠯ ᠢ ᠲᠠᠲᠠᠭᠰᠠᠨ ᠲᠠᠶᠢᠯᠪᠤᠷᠢᠯᠠᠯᠲᠠ ᠪᠠᠷ ᠬᠡᠦᠬᠡᠳ ᠤᠳ ᠢ  ᠨᠢᠭᠤᠭᠲᠠᠮᠠᠭᠠᠢ ︽ᠰᠢᠨᠵᠢᠯᠡᠬᠦ ᠤᠬᠠᠭᠠᠨ ᠤ ᠸᠠᠩᠲᠤ ᠤᠯᠤᠰ︾ ᠲᠤ ᠳᠠᠭᠠᠭᠤᠯᠵᠤ᠂ ᠬᠡᠦᠬᠡᠳ ᠤᠳ ᠤᠨ ᠰᠡᠳᠬᠢᠯ ᠳᠤ ᠰᠢᠨᠵᠢᠯᠡᠬᠦ ᠤᠬᠠᠭᠠᠨ ᠤ ᠦᠷ᠎ᠡ ᠶᠢ ᠲᠠᠷᠢᠬᠰᠠᠨ ᠪᠠᠶᠢᠨ᠎ᠠ᠃     9 ᠰᠠᠷ᠎ᠠ ᠶᠢᠨ 15 ᠤ ᠡᠳᠦᠷ᠂ ᠬᠤᠩᠱᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠢᠨ ᠶᠢᠰᠦᠳᠦᠭᠡᠷ ᠪᠠᠭ᠎ᠠ ᠰᠤᠷᠭᠠᠭᠤᠯᠢ ᠳᠤ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠪᠠᠷ ︽ᠬᠤᠶᠠᠷ ᠢ ᠪᠠᠭᠠᠰᠬᠠᠬᠤ︾ ᠰᠢᠨᠵᠢᠯᠡᠬᠦ ᠤᠬᠠᠭᠠᠨ ᠮᠡᠷᠭᠡᠵᠢᠯ ᠢ ᠲᠥᠭᠡᠮᠡᠯᠵᠢᠭᠦᠯᠬᠦ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ  ᠦᠢᠯᠡᠴᠢᠯᠡᠭᠴᠢᠳ ᠰᠤᠷᠤᠭᠴᠢᠳ ᠲᠤ ᠪᠦᠰ ᠨᠡᠬᠡᠬᠦ ᠤᠭ ᠶᠣᠰᠣ ᠶᠢ ᠲᠠᠶᠢᠯᠪᠤᠷᠢᠯᠠᠨ᠂ ᠪᠦᠰ ᠨᠡᠬᠡᠬᠦ ᠮᠠᠰᠢᠨ ᠤ ᠬᠥᠭᠵᠢᠯᠲᠡ ᠪᠠ ᠲᠡᠦᠬᠡ ᠶᠢ ᠶᠠᠷᠢᠪᠠ᠃ ᠪᠠᠭᠰᠢ ᠶᠢᠨ ᠢᠶᠠᠨ ᠲᠠᠶᠢᠯᠪᠤᠷᠢᠯᠠᠯᠲᠠ ᠪᠠᠷ ᠳᠠᠮᠵᠢᠨ᠂ ᠰᠤᠷᠤᠭᠴᠢᠳ ᠡᠳᠦᠷ ᠪᠦᠷᠢ ᠡᠮᠦᠰᠴᠦ ᠪᠠᠶᠢᠭ᠎ᠠ ᠭᠤᠶᠤ ᠬᠤᠪᠴᠠᠰᠤ᠂ ᠬᠡᠷᠡᠭᠯᠡᠵᠦ ᠪᠠᠶᠢᠭ᠎ᠠ ᠨᠡᠬᠡᠮᠡᠯ ᠪᠠᠷᠠᠭ᠎ᠠ ᠨᠢ  ᠴᠦᠮ ᠪᠦᠰ ᠨᠡᠬᠡᠬᠦ ᠮᠠᠰᠢᠨ ᠠᠴᠠ ᠰᠠᠯᠵᠤ ᠴᠢᠳᠠᠬᠤ ᠦᠭᠡᠢ ᠭᠡᠳᠡᠭ ᠢ ᠣᠶᠢᠯᠠᠭᠠᠪᠠ᠃ ᠠᠵᠢᠯᠯᠠᠭ᠎ᠠ ᠳᠤ ᠪᠠᠰᠠ ᠭᠠᠷ ᠬᠥᠳᠡᠯᠦᠨ ᠬᠢᠬᠦ ᠭᠤᠭᠴᠤᠭ᠎ᠠ ᠶᠢ ᠨᠡᠮᠡᠵᠦ ᠣᠷᠣᠭᠤᠯᠤᠭᠠᠳ ᠰᠤᠷᠤᠭᠴᠢᠳ ᠤᠨ ᠰᠣᠷᠣᠭᠰᠠᠨ ᠮᠡᠳᠡᠯᠭᠡ ᠶᠢᠨ ᠲᠤᠬᠠᠶ ᠣᠶᠢᠯᠠᠭᠠᠯᠲᠠ ᠶᠢ ᠨᠢ ᠭᠦᠨᠵᠡᠭᠡᠶᠢᠷᠡᠭᠦᠯᠦᠭᠰᠡᠨ ᠪᠠᠶᠢᠨ᠎ᠠ᠃ ᠲᠣᠰ ᠤᠳᠠᠭᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠨᠢ ᠰᠤᠷᠤᠭᠴᠢᠳ ᠲᠤ ᠰᠢᠨᠵᠢᠯᠡᠬᠦ ᠤᠬᠠᠭᠠᠨ ᠤ ᠭᠠᠶᠢᠬᠠᠮᠰᠢᠭ ᠢ ᠣᠶᠢᠯᠠᠭᠠᠭᠤᠯᠵᠤ᠂ ᠣᠯᠠᠨ ᠤ ᠬᠠᠷᠠᠭ᠎ᠠ ᠶᠢ ᠥᠷᠭᠡᠳᠬᠡᠨ᠂ ᠮᠡᠳᠡᠯᠭᠡ ᠶᠢ ᠨᠡᠮᠡᠭᠳᠡᠭᠦᠯᠵᠦ᠂ ᠰᠤᠷᠤᠭᠴᠢᠳ ᠤᠨ ᠰᠢᠨᠵᠢᠯᠡᠬᠦ ᠤᠬᠠᠭᠠᠨ ᠢ ᠬᠠᠶᠢᠨ ᠰᠦᠪᠡᠭᠴᠢᠯᠡᠬᠦ ᠤᠷᠮ᠎ᠠ ᠪᠠᠬ᠎ᠠ ᠶᠢ ᠬᠥᠮᠦᠵᠢᠭᠦᠯᠦᠨ᠂ ᠬᠠᠶᠢᠨ ᠰᠦᠪᠡᠭᠴᠢᠯᠡᠬᠦ ᠤᠬᠠᠮᠰᠠᠷ ᠪᠠ ᠰᠢᠨ᠎ᠡ ᠶᠢ ᠡᠭᠦᠳᠬᠦ ᠰᠡᠳᠬᠢᠬᠦᠶ ᠶᠢ ᠨᠢ ᠴᠢᠩᠭᠠᠷᠠᠭᠤᠯᠵᠤ᠂ ᠰᠤᠷᠤᠭᠴᠢᠳ ᠤᠨ ᠰᠢᠨᠵᠢᠯᠡᠬᠦ ᠤᠬᠠᠭᠠᠨ ᠰᠤᠷᠬᠤ᠂ ᠰᠢᠨᠵᠢᠯᠡᠬᠦ ᠤᠬᠠᠭᠠᠨ ᠢ ᠬᠡᠷᠡᠭᠯᠡᠬᠦ᠂ ᠰᠢᠨᠵᠢᠯᠡᠬᠦ ᠤᠬᠠᠭᠠᠨ ᠢ ᠡᠷᠬᠢᠮᠯᠡᠬᠦ ᠤᠷᠮ᠎ᠠ ᠪᠠᠬ᠎ᠠ ᠶᠢ ᠨᠢ ᠬᠥᠭᠵᠢᠭᠡᠵᠡᠶ᠃     9 ᠰᠠᠷ᠎ᠠ ᠶᠢᠨ 18 ᠤ ᠡᠳᠦᠷ᠂ ᠬᠤᠩᠱᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠢᠨ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ︿ᠬᠤᠶᠠᠷ ᠢ ᠪᠠᠭᠠᠰᠬᠠᠬᠤ﹀ ᠶᠢ ᠳᠡᠮᠵᠢᠬᠦ︾ ᠬᠠᠷᠠᠯᠲᠠ ᠪᠠᠷ ᠬᠤᠩᠱᠠᠨ ᠲᠣᠭᠤᠷᠢᠭ ᠤᠨ ᠭᠤᠷᠪᠠᠳᠤᠭᠠᠷ ᠪᠠᠭ᠎ᠠ ᠰᠤᠷᠭᠠᠭᠤᠯᠢ ᠳᠤ ᠭᠦᠨᠵᠡᠭᠡᠶᠢᠷᠡᠵᠦ᠂ ᠰᠢᠨᠵᠢᠯᠡᠬᠦ ᠤᠬᠠᠭᠠᠨ ᠤ ᠲᠤᠷᠰᠢᠯᠲᠠ᠂ ᠰᠢᠨᠵᠢᠯᠡᠬᠦ ᠤᠬᠠᠭᠠᠨ ᠤ ᠮᠡᠳᠡᠯᠭᠡ ᠶᠢᠨ ᠠᠰᠠᠭᠤᠯᠲᠠ ᠬᠠᠷᠢᠭᠤᠯᠲᠠ ᠵᠡᠷᠭᠡ ᠬᠡᠯᠪᠡᠷᠢ ᠪᠠᠷ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠬᠤᠶᠠᠷ ᠢ ᠪᠠᠭᠠᠰᠬᠠᠬᠤ ᠳᠤ ᠬᠦᠴᠦᠨ ᠨᠡᠮᠡᠷᠢᠯᠡᠬᠦ︾ ᠭᠤᠤᠯ ᠰᠡᠳᠦᠪᠲᠦ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠴᠢ ᠪᠠᠭᠰᠢ ᠡᠯ᠎ᠡ ᠠᠩᠭᠢ ᠳᠤ ᠲᠤᠬᠠᠢ ᠶᠢᠨ ᠲᠠᠯᠠᠪᠤᠷ ᠤᠨ ᠲᠤᠷᠰᠢᠯᠲᠠ ᠶᠢᠨ ᠠᠵᠢᠯᠯᠠᠭ᠎ᠠ᠂ ᠤᠭ ᠶᠣᠰᠣ ᠶᠢ ᠵᠠᠳᠠᠯᠬᠤ᠂ ᠲᠠᠯᠠᠪᠤᠷ ᠲᠤ ᠬᠠᠷᠢᠯᠴᠠᠨ  ᠬᠦᠳᠡᠯᠦᠯᠴᠡᠬᠦ ᠵᠡᠷᠭᠡ ᠬᠡᠯᠪᠡᠷᠢ  ᠪᠠᠷ   ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠭᠤᠶᠢᠳᠠ ᠰᠠᠶᠢᠬᠠᠨ ᠲᠤᠷᠰᠢᠯᠲᠠ ᠶᠢᠨ ᠲᠣᠭᠯᠠᠯᠲᠠ ᠬᠢᠵᠦ᠂ ᠡᠯᠪᠡᠭ ᠪᠠᠶᠠᠯᠢᠭ ᠬᠡᠷᠡᠭ ᠤᠨ ᠵᠢᠱᠢᠶ᠎ᠡ᠂ ᠠᠮᠢᠳᠤᠯᠢᠭ ᠲᠣᠭᠠᠴᠢᠯᠲᠠ᠂ ᠶᠦᠮᠦᠷᠯᠢᠭ ᠦᠭᠡ ᠬᠡᠯᠡ ᠨᠢ ᠲᠤᠬᠠᠢ ᠶᠢᠨ ᠲᠠᠯᠠᠪᠤᠷ ᠲᠤ  ᠪᠠᠶᠢᠭ᠎ᠠ ᠰᠤᠷᠤᠭᠴᠢ ᠨᠢᠭᠡᠪᠦᠷᠢ ᠶᠢ ᠦᠨᠡᠨ ᠪᠣᠳᠠᠲᠠᠢ ᠪᠠᠷ ᠨᠥᠯᠥᠭᠡᠯᠡᠵᠦ᠂ ᠶᠡᠬᠡᠲᠡ ᠪᠠᠶᠠᠷᠯᠠᠭᠤᠯᠵᠤ᠂ ᠣᠷᠣᠯᠴᠠᠭᠰᠠᠳ ᠲᠤ ᠬᠠᠷᠢᠯᠴᠠᠨ  ᠬᠥᠳᠡᠯᠦᠯᠴᠡᠬᠦ ᠳᠤᠮᠳᠠ ᠠᠴᠠ ᠰᠢᠨᠵᠢᠯᠡᠬᠦ ᠤᠬᠠᠭᠠᠨ ᠤ ᠷᠢᠳᠢ ᠰᠢᠳᠢ ᠶᠢ ᠮᠡᠳᠡᠷᠡᠭᠦᠯᠪᠡ᠃    9 ᠰᠠᠷ᠎ᠠ ᠶᠢᠨ 22 ᠤᠨ ᠡᠳᠦᠷ᠂ ᠬᠤᠩᠱᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠢᠨ ᠬᠠᠢ ᠴᠧᠨ ᠲᠠᠯᠠᠢ  ᠶᠢᠨ ᠣᠷᠳᠣᠨ ᠲᠠᠢ ᠬᠠᠮᠲᠤᠷᠠᠨ᠂ ︽ᠲᠠᠯᠠᠢ ᠲᠠᠩᠭᠢᠰ ᠤᠨ ᠵᠡᠭᠦᠳᠦ ᠶᠢ ᠬᠠᠮᠲᠤᠪᠠᠷ ᠲᠡᠷᠭᠡᠯᠰᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠶᠢ ᠰᠤᠷᠭᠠᠭᠤᠯᠢ ᠶᠢᠨ ᠬᠦᠷᠢᠶᠡᠨ ᠳᠤ  ᠣᠷᠤᠭᠤᠯᠬᠤ︾ ᠪᠠᠷ ᠭᠤᠣᠯ ᠰᠡᠳᠦᠪ ᠪᠣᠯᠭᠠᠨ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠲᠠᠯᠠᠢ ᠲᠠᠩᠭᠢᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠠᠶᠢᠯᠤᠮᠵᠢ ᠬᠢᠵᠡᠢ᠃ ᠬᠢᠴᠢᠶᠡᠯ ᠤᠨ ᠲᠠᠩᠬᠢᠮ ᠳᠤ ᠂ ᠪᠠᠶ ᠰᠢᠤᠸᠠᠢ ᠪᠠᠭᠰᠢ ᠬᠡᠤᠬᠡᠳ ᠤᠳ ᠤᠨ ᠰᠣᠨᠢᠷᠬᠠᠯᠲᠠᠶ ᠠᠰᠠᠭᠤᠳᠠᠯ ᠢᠶᠠᠷ ᠡᠨᠡ ᠬᠦ ᠭᠤᠶᠢᠳᠠ ᠰᠠᠶᠢᠬᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠢᠴᠢᠶᠡᠯ ᠢ ᠡᠬᠢᠯᠡᠭᠦᠯᠵᠦ᠄ ︽ᠲᠡᠯᠡᠶ ᠲᠠᠩᠭᠢᠰ ᠢ ᠳᠤᠷᠠᠳᠪᠠᠯ᠂ ᠲᠠ ᠶᠠᠭᠤ ᠨᠢᠭᠡ ᠶᠢ ᠪᠤᠳᠤᠵᠤ ᠤᠯᠬᠤ ᠪᠣᠶ︖︾ ︽ᠳᠠᠯᠠᠶ ᠶᠢᠨ ᠢᠷᠣᠭᠠᠷ ᠲᠠᠬᠢ ᠶᠠᠮᠠᠷ ᠶᠠᠮᠠᠷ ᠠᠮᠢᠳᠤ ᠪᠣᠳᠠᠰ ᠤᠨ ᠲᠠᠭᠤᠨ ᠢ ᠲᠠ ᠨᠠᠷ ᠰᠣᠨᠣᠰᠴᠤ ᠥᠩᠭᠡᠷᠡᠭᠰᠡᠨ ᠪᠤᠶ ︖ ︾  ᠭᠡᠬᠦ ᠠᠯᠢ ᠣᠯᠠᠨ ᠰᠣᠨᠢᠷᠬᠠᠯᠲᠠᠶ ᠠᠰᠠᠭᠤᠳᠠᠯ ᠤᠨ ᠡᠮᠦᠨ᠎ᠡ ᠂ ᠣᠯᠠᠨ ᠢᠶᠠᠷ ᠢᠶᠠᠨ ᠲᠠᠷᠢᠬᠢ ᠪᠠᠨ ᠬᠥᠳᠡᠯᠭᠡᠵᠦ᠂ ᠤᠷᠢᠳ ᠢᠶᠠᠷ ᠬᠠᠷᠢᠭᠤᠯᠬᠤ ᠪᠠᠷ  ᠴᠢᠷᠮᠠᠶᠢᠵᠤ᠂ ᠪᠠᠶ ᠪᠠᠭᠰᠢ ᠶᠢᠨ ᠠᠮᠢᠳᠤᠯᠢᠭ ᠰᠠᠶᠢᠬᠠᠨ ᠦᠭᠡ ᠶᠠᠷᠢᠶ᠎ᠠ ᠨᠢ ᠬᠡᠤᠬᠡᠳ ᠤᠳ ᠤᠨ ᠮᠠᠭᠲᠠᠭᠠᠯ ᠰᠠᠶᠢᠰᠢᠶᠠᠯ ᠢ ᠣᠯᠵᠤ ᠢᠨᠢᠶᠡᠯᠳᠦᠨ ᠪᠠᠶᠠᠰᠴᠤ ᠪᠠᠶᠢᠯ᠎ᠠ᠃ ᠶᠡᠭᠡ ᠬᠡᠮᠵᠢᠶᠡᠨ ᠤ ᠠᠮᠢᠳᠤᠯᠢᠭ ᠭᠡᠷᠡᠯ ᠵᠢᠷᠤᠭ᠂ ᠳᠦᠷᠰᠦ ᠰᠢᠩᠭᠡᠭᠡᠯᠲᠡ ᠪᠠ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠦᠨᠡᠨ ᠪᠣᠳᠠᠲᠤ ᠵᠢᠱᠢᠶ᠎ᠡ ᠪᠠᠷ ᠳᠡᠮᠵᠢᠨ᠂ ᠬᠠᠯᠢᠮᠤ  ᠶᠢᠨ ᠡᠶ᠎ᠡ ᠨᠠᠶᠢᠷᠲᠠᠶ ᠪᠦᠯᠬᠦᠮᠳᠡᠬᠦ ᠪᠠᠷ ᠪᠠᠷᠠᠬᠤ ᠥᠬᠡᠶ ᠪᠠᠰᠠ ︽ᠲᠡᠯᠡᠶ ᠶᠢᠨ ᠳᠣᠲᠣᠷᠠᠬᠢ ᠮᠡᠷᠭᠡᠨ ᠡᠪᠦᠭᠡᠨ︾  ᠭᠡᠰᠡᠨ ᠨᠡᠷᠡᠶᠢᠳᠦᠯ ᠪᠠ ᠬᠠᠯᠢᠮᠤ ᠶᠢᠨ ᠲᠣᠬᠠᠢ ᠮᠠᠰᠢ ᠣᠯᠠᠨ ᠮᠡᠳᠡᠯᠭᠡ ᠶᠢ  ᠬᠡᠦᠬᠡᠳ ᠲᠤ ᠣᠶᠢᠯᠠᠭᠠᠨ ᠮᠡᠳᠡᠭᠦᠯᠦᠭᠰᠡᠨ ᠪᠠᠶᠢᠨ᠎ᠠ ᠃  ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠮᠢᠳᠤᠯᠢᠭ ᠰᠣᠨᠢᠷᠬᠠᠯᠲᠠᠶ ᠲᠠᠶᠢᠯᠤᠮᠵᠢ ᠨᠢ ᠰᠤᠷᠤᠭᠴᠢᠳ ᠤᠨ ᠪᠠᠶᠢᠭᠠᠯᠢ ᠶᠢ ᠬᠠᠮᠠᠭᠠᠯᠠᠬᠤ᠂ ᠪᠠᠶᠢᠭᠠᠯᠢ  ᠪᠠᠨ ᠪᠢᠰᠢᠷᠡᠨ ᠵᠢᠷᠦᠬᠡᠰᠢᠶᠡᠬᠦ ᠤᠬᠠᠮᠰᠠᠷ ᠢ ᠬᠥᠭᠵᠢᠭᠡᠭᠰᠡᠨ ᠢᠶᠠᠷ ᠪᠠᠷᠠᠬᠤ ᠦᠭᠡᠶ ᠪᠠᠰᠠ ᠰᠤᠷᠤᠭᠴᠢᠳ ᠢ ᠢᠳᠡᠪᠬᠢᠲᠡᠶ  ᠬᠥᠳᠡᠯᠤᠯᠴᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠪᠠᠶᠢᠭᠠᠯᠢ ᠶᠢ ᠬᠠᠶᠢᠷᠠᠯᠠᠵᠤ᠂ ᠮᠠᠨ ᠤ ᠳᠡᠯᠡᠬᠡᠶ ᠶᠢᠨ ᠪᠥᠮᠪᠥᠷᠴᠡᠭ ᠤᠨ ᠭᠡᠷ ᠣᠷᠣᠨ ᠢᠶᠠᠨ ᠬᠠᠮᠲᠤ ᠪᠠᠷ ᠬᠠᠮᠠᠭᠠᠯᠠᠬᠤ ᠶᠢ ᠰᠤᠷᠭᠠᠵᠠᠶ᠃
 
ᠢᠷᠡᠯᠲᠡ᠄ ᠤᠯᠠᠭᠠᠨᠬᠠᠳᠠ ᠶᠢᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号