ᠹᠧᠩ ᠱᠸᠦ ᠰᠢᠶᠠᠩ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠲᠠᠪᠤᠨ ᠪᠠᠲᠤᠯᠠᠭᠠᠲᠤ ᠨᠠᠰᠤᠲᠠᠨ︾ ᠢ ᠳᠠᠶᠢᠴᠢᠯᠠᠨ ᠨᠠᠰᠤᠲᠠᠨ ᠢ ᠠᠰᠠᠷᠠᠬᠤ ᠬᠦᠷᠢᠶᠡᠯᠡᠩ ᠳᠤ ᠰᠠᠭᠤᠯᠭᠠᠪᠠ
ᠨᠡᠶᠢᠲᠡᠯᠡᠭᠰᠡᠨ ᠴᠠᠭ᠄
2023/11/14
     ᠬᠥᠳᠡᠭᠡ ᠲᠣᠰᠬᠤᠨ ᠤ ᠲᠠᠷᠠᠬᠠᠶ ᠪᠤᠲᠠᠷᠬᠠᠶ ᠲᠠᠪᠤᠨ ᠪᠠᠲᠤᠯᠠᠭᠠᠲᠤ ᠡᠷᠤᠭᠡ ᠶᠢᠨ ᠨᠠᠰᠤᠲᠠᠶᠢᠴᠤᠳ ᠤᠨ ᠠᠮᠢᠳᠤᠷᠠᠯ ᠤᠨ ᠨᠥᠬᠦᠴᠡᠯ ᠪᠠ ᠪᠡᠶ᠎ᠡ ᠮᠠᠬᠠᠪᠣᠳ ᠤᠨ ᠪᠠᠶᠢᠳᠠᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠲᠠᠷᠠᠬᠠᠶ ᠪᠤᠲᠠᠷᠬᠠᠶ ᠲᠠᠪᠤᠨ ᠪᠠᠲᠤᠯᠠᠭᠠᠲᠤ ᠡᠷᠤᠭᠡ ᠶᠢᠨ ᠨᠠᠰᠤᠲᠠᠶᠢᠴᠤᠳ ᠤᠨ ︽ᠣᠷᠣᠨ ᠰᠠᠭᠤᠴᠠ ᠲᠠᠢ᠂ ᠬᠤᠭᠤᠯᠠ ᠤᠮᠳᠠ ᠶᠢᠨ ᠢᠷᠡᠯᠳᠡ ᠲᠠᠢ᠂ ᠪᠠᠶᠠᠷ ᠴᠡᠩᠭᠡᠯ ᠲᠠᠢ ᠂ ᠣᠷᠣᠨ ᠰᠠᠭᠤᠴᠠ ᠲᠠᠢ︾ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠹᠧᠩ ᠱᠸᠦ ᠰᠢᠶᠠᠩ ᠲᠠᠪᠤᠨ ᠪᠠᠲᠤᠯᠠᠭᠠᠲᠤ ᠡᠲᠡᠭᠡᠳ ᠢ ᠢᠳᠡᠪᠬᠢᠲᠡᠶ ᠪᠠᠷ ᠲᠠᠶᠢᠴᠢᠯᠠᠨ ᠨᠠᠰᠤᠲᠠᠨ ᠢ ᠠᠰᠠᠷᠠᠬᠤ ᠬᠦᠷᠢᠶᠡᠯᠡᠩ ᠳᠤ ᠰᠠᠭᠤᠯᠭᠠᠵᠤ᠂ ᠲᠠᠪᠤᠨ ᠪᠠᠲᠤᠯᠠᠭᠠᠲᠤ ᠨᠠᠰᠤᠲᠠᠨ ᠤ ᠥᠲᠡᠯᠦᠭᠡ ᠨᠠᠰᠤ ᠪᠠᠨ  ᠰᠠᠨᠠᠭ᠎ᠠ ᠠᠮᠤᠷ ᠥᠩᠭᠡᠷᠡᠭᠦᠯᠬᠦ ᠶᠢ ᠦᠨᠡᠨ ᠬᠦ  ᠪᠠᠲᠤᠯᠠᠨ᠎ᠠ᠃    ᠬᠤᠷᠠᠯ ᠬᠤᠷᠠᠯᠳᠤᠭᠤᠯᠵᠤ᠂ ᠬᠠᠷᠢᠭᠤᠴᠠᠯᠭ᠎ᠠ ᠡᠭᠦᠷᠭᠡᠯᠡᠯ ᠢ  ᠴᠢᠩᠭᠠᠳᠬᠠᠨ᠎ᠠ᠃ ᠹᠧᠩ ᠱᠸᠦ ᠰᠢᠶᠠᠩ ᠲᠠᠪᠤᠨ ᠪᠠᠲᠤᠯᠠᠭᠠᠲᠤ ᠡᠷᠦᠬᠡ ᠶᠢ ᠳᠠᠶᠢᠴᠢᠯᠠᠨ ᠨᠠᠰᠤᠲᠠᠨ ᠢ ᠠᠰᠠᠷᠠᠬᠤ ᠬᠦᠷᠢᠶᠡᠯᠡᠩ ᠳᠤ ᠰᠠᠭᠤᠯᠭᠠᠬᠤ ᠲᠤᠰᠬᠠᠶ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ  ᠬᠤᠷᠠᠯᠳᠤᠵᠤ᠂ ᠲᠠᠪᠤᠨ ᠪᠠᠲᠤᠯᠠᠭ᠎ᠠ ᠶᠢ ᠲᠥᠪᠯᠡᠷᠡᠭᠦᠯᠦᠨ ᠠᠰᠠᠷᠠᠨ ᠲᠡᠵᠢᠭᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠡᠯ᠎ᠡ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠲᠠᠪᠤᠨ ᠪᠠᠲᠤᠯᠠᠭ᠎ᠠ ᠶᠢᠨ ᠳᠠᠶᠢᠴᠢᠯᠠᠯᠲᠠ ᠵᠢᠴᠢ ᠣᠷᠣᠵᠤ ᠰᠠᠭᠤᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠣᠨᠴᠠᠭᠠᠶᠢᠯᠠᠨ ᠵᠠᠷᠢᠮ ᠣᠷᠣᠨ ᠰᠠᠭᠤᠴᠠ ᠦᠭᠡᠢ᠂ ᠠᠮᠢᠳᠤᠷᠠᠯ ᠢᠶᠠᠨ ᠪᠦᠷᠢᠮᠦᠰᠦᠨ ᠥᠪᠡᠷ ᠢᠶᠠᠨ ᠠᠷᠭᠠᠴᠠᠵᠤ ᠳᠡᠶᠢᠯᠬᠦ ᠦᠭᠡᠢ  ᠨᠠᠰᠤᠲᠠᠶᠢᠴᠤᠳ ᠢ ᠤᠷᠢᠳ ᠢᠶᠠᠷ ᠳᠠᠶᠢᠴᠢᠯᠠᠵᠤ᠂ ᠲᠠᠪᠤᠨ ᠪᠠᠲᠤᠯᠠᠭ᠎ᠠ ᠶᠢᠨ ᠡᠲᠡᠭᠡᠳ ᠤᠨ ᠠᠮᠤᠷ ᠲᠦᠪᠰᠢᠨ ᠢ ᠦᠨᠡᠨ ᠬᠦ  ᠪᠠᠲᠤᠯᠠᠨ᠎ᠠ᠃    ᠳᠠᠶᠢᠴᠢᠯᠠᠯᠲᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠨ᠎ᠡ ᠃ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ ᠪᠠᠷ ᠲᠦᠷᠦᠭᠦᠯᠡᠭᠦᠯᠦᠨ᠂ ᠲᠣᠰᠬᠤᠨ ᠢ ᠳᠠᠭᠠᠭᠠᠴᠢᠯᠠᠭᠰᠠᠨ ᠠᠵᠢᠯᠯᠠᠬᠤ ᠠᠩᠭᠢ᠂ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠲᠠᠪᠤᠨ ᠪᠠᠲᠤᠯᠠᠭᠠᠲᠤ ᠡᠷᠦᠬᠡ ᠶᠢᠨ ᠭᠡᠷ ᠲᠤ ᠭᠦᠨᠵᠡᠭᠡᠶᠢᠷᠡᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠠᠯᠠᠰᠢᠷᠠᠯ ᠦᠭᠡᠶ ᠲᠠᠶᠢᠯᠪᠤᠷᠢᠯᠠᠵᠤ᠂ ᠲᠡᠳᠡᠨ ᠤ ᠠᠰᠠᠭᠤᠯᠲᠠ ᠶᠢ ᠨᠠᠷᠢᠨ ᠲᠠᠶᠢᠯᠪᠤᠷᠢᠯᠠᠵᠤ᠂ ᠨᠠᠰᠤᠲᠠᠨ ᠢ ᠠᠰᠠᠷᠠᠬᠤ ᠬᠦᠷᠢᠶᠡᠯᠡᠩ ᠳᠤ ᠰᠠᠭᠤᠬᠤ ᠤᠴᠢᠷ ᠶᠠᠪᠤᠳᠠᠯ ᠪᠣᠯᠤᠨ ᠨᠠᠰᠤᠲᠠᠨ ᠢ ᠠᠰᠠᠷᠠᠬᠤ ᠬᠦᠷᠢᠶᠡᠯᠡᠩ ᠤᠨ ᠣᠷᠴᠢᠨ ᠲᠣᠭᠤᠷᠢᠨ ᠢ ᠲᠠᠨᠢᠯᠴᠠᠭᠤᠯᠵᠤ᠂ ᠲᠠᠪᠤᠨ ᠪᠠᠲᠤᠯᠠᠭᠠᠲᠤ ᠨᠠᠰᠤᠲᠠᠶᠢᠴᠤᠳ ᠲᠤ ᠨᠠᠰᠤᠲᠠᠨ ᠢ ᠠᠰᠠᠷᠠᠬᠤ ᠬᠦᠷᠢᠶᠡᠯᠡᠩ ᠳᠤ ᠰᠠᠭᠤᠪᠠᠯ᠂ ᠠᠮᠢᠳᠤᠷᠠᠯ ᠤᠨ ᠲᠠᠯ᠎ᠠ ᠪᠠᠷ ᠬᠠᠮᠢᠶᠠᠷᠤᠯᠲᠠ ᠶᠢᠨ ᠠᠵᠢᠯᠲᠠᠨ ᠤ ᠬᠠᠷᠠᠭᠠᠯᠵᠠᠯ ᠢ ᠭᠥᠷᠳᠡᠵᠦ᠂ ᠬᠤᠭᠤᠷᠣᠨᠳᠣ ᠪᠠᠨ ᠵᠣᠭᠤᠭᠳᠠᠨ᠂ ᠤᠶᠢᠳᠬᠠᠷ ᠪᠤᠬᠢᠨᠢᠳᠤᠯ ᠢ ᠲᠠᠶᠢᠯᠬᠤ ᠪᠠᠷ ᠪᠠᠷᠠᠬᠤ ᠥᠬᠡᠶ᠂ ᠪᠠᠰᠠ ᠨᠠᠰᠤᠲᠠᠨ ᠢ ᠠᠰᠠᠷᠠᠬᠤ ᠬᠦᠷᠢᠶᠡᠯᠡᠩ ᠤᠨ ᠵᠠᠷᠢᠮ ᠰᠣᠶᠣᠯ ᠲᠠᠮᠢᠷ ᠤᠨ ᠲᠥᠬᠦᠭᠡᠷᠦᠮᠵᠢ ᠶᠢ ᠠᠰᠢᠭᠯᠠᠨ ᠪᠡᠶ᠎ᠡ ᠰᠡᠳᠬᠢᠯ ᠳᠤᠨᠢ ᠠᠰᠢᠭᠲᠠᠶ ᠰᠣᠶᠣᠯ ᠴᠡᠩᠭᠡᠯ ᠤᠨ ᠠᠵᠢᠯᠯᠠᠭ᠎ᠠ ᠥᠷᠨᠢᠭᠦᠯᠵᠦ᠂ ᠠᠮᠢᠳᠤᠷᠠᠯ ᠢ ᠨᠢ  ᠭᠠᠭᠴᠠᠭᠠᠷᠳᠠᠬᠤ ᠦᠭᠡᠢ᠂ ᠥᠮᠥᠭ ᠲᠦᠰᠢᠭ ᠲᠠᠢ ᠪᠣᠯᠭᠠᠵᠤ᠂ ᠲᠡᠳᠡᠨ ᠤ ᠬᠤᠶᠢᠰᠢᠳᠠ ᠶᠢᠨ ᠵᠣᠪᠠᠨᠢᠯ ᠢ ᠨᠢ ᠠᠷᠢᠯᠭᠠᠵᠤ ᠴᠢᠳᠠᠨ᠎ᠠ ᠭᠡᠳᠡᠭ ᠢ  ᠮᠡᠳᠡᠭᠦᠯᠦᠨ᠎ᠡ᠃     ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂  ᠣᠷᠤᠩᠨᠠᠨ ᠰᠠᠭᠤᠬᠤ ᠠᠵᠢᠯ ᠢ ᠰᠠᠶᠢᠲᠤᠷ  ᠬᠢᠨ᠎ᠡ ᠃ ᠲᠠᠪᠤᠨ ᠪᠠᠲᠤᠯᠠᠭᠠᠲᠤ ᠡᠷᠦᠬᠡ ᠶᠢᠨ ᠪᠡᠶ᠎ᠡ ᠶᠢᠨ ᠠᠮᠤᠷ ᠲᠦᠪᠰᠢᠨ ᠪᠠ ᠤᠷᠤᠭᠰᠢᠲᠠᠶ ᠪᠠᠷ ᠣᠷᠣᠵᠤ ᠰᠠᠭᠤᠬᠤ ᠶᠢ ᠪᠠᠲᠤᠯᠠᠬᠤ ᠶᠢᠨ ᠲᠥᠯᠥᠭᠡ᠂  ᠹᠧᠩ ᠱᠸᠦ ᠰᠢᠶᠠᠩ ᠨᠢᠭᠡᠳᠦᠯᠲᠡᠶ ᠵᠣᠬᠢᠴᠠᠭᠤᠯᠵᠤ᠂ ᠪᠦᠷᠢᠮᠦᠰᠦᠨ ᠰᠠᠶᠢᠨ ᠳᠤᠷ᠎ᠠ ᠶᠢᠨ ᠰᠠᠭᠤᠷᠢᠨ ᠳᠡᠭᠡᠷ᠎ᠡ᠂ ᠨᠠᠰᠤᠲᠠᠨ ᠢ ᠠᠰᠠᠷᠠᠬᠤ ᠬᠦᠷᠢᠶᠡᠯᠡᠩ ᠳᠤ ᠣᠷᠣᠵᠤ ᠰᠠᠭᠤᠬᠤ ᠰᠠᠨᠠᠭᠠᠲᠠᠶ ᠲᠠᠪᠤᠨ ᠪᠠᠲᠤᠯᠠᠭᠠᠲᠤ ᠡᠲᠡᠭᠡᠳ ᠲᠤ ᠬᠠᠮᠢᠶ᠎ᠠ ᠪᠥᠬᠦᠶ ᠭᠠᠷ  ᠭᠦᠢᠴᠡᠳᠬᠡᠯ ᠢ  ᠭᠦᠢᠴᠡᠳᠬᠡᠵᠦ᠂ ᠲᠤᠰᠴᠤ ᠬᠦᠷᠭᠡᠵᠦ ᠰᠠᠭᠤᠯᠭᠠᠨ᠂  ᠦᠢᠯᠡᠴᠢᠯᠡᠭᠡ ᠨᠢ ᠨᠠᠷᠢᠨ ᠨᠢᠮᠪᠠᠶ ᠪᠠᠶᠢᠵᠤ᠂ ᠲᠠᠪᠤᠨ ᠪᠠᠲᠤᠯᠠᠭᠠᠲᠤ ᠨᠠᠰᠤᠲᠠᠨ ᠢ ᠨᠢᠭᠡ ᠯᠡ ᠥᠷᠲᠡᠭᠡᠨ ᠤ ᠮᠠᠶ᠋ᠢᠭ ᠢᠶᠠᠷ ᠣᠷᠣᠵᠤ ᠰᠠᠭᠤᠯᠭᠠᠵᠤ᠂ ᠰᠢᠶᠠᠩ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠯᠠᠮᠵᠢᠯᠠᠯ ᠢ  ᠭᠦᠢᠴᠡᠳ ᠮᠡᠳᠡᠷᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号