ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠢᠭᠡ ᠪᠦᠯᠦᠭ ᠬᠥᠮᠦᠰ ᠰᠢᠨ ᠾᠦᠢ ᠪᠠᠯᠭᠠᠰᠤᠨ ᠳᠤ ᠬᠦᠷᠴᠦ ︽ᠤᠯᠠᠭᠠᠨᠬᠠᠳᠠ ᠬᠤᠲᠠ ᠶᠢᠨ ᠨᠠᠷᠢᠮᠤ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠢᠮ︾ ᠤᠨ ᠬᠠᠤᠯᠢ ᠲᠣᠭᠲᠠᠭᠠᠯᠲᠠ ᠶᠢᠨ ᠬᠤᠯᠪᠣᠭᠳᠠᠯ ᠪᠥᠬᠦᠶ ᠠᠰᠠᠭᠤᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2023/11/15
    11 ᠰᠠᠷ᠎ᠠ ᠶᠢᠨ 14 ᠤ ᠦᠳᠡ ᠶᠢᠨ ᠡᠮᠦᠨ᠎ᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠺᠣᠮᠢᠰ ᠤᠨ ᠡᠷᠬᠢᠯᠡᠭᠴᠢ ᠭᠡᠰᠢᠭᠦᠨ᠂ ᠬᠠᠤᠯᠢ ᠴᠠᠭᠠᠵᠠ ᠶᠢᠨ ᠠᠵᠢᠯ ᠤᠨ ᠺᠣᠮᠢᠰ ᠤᠨ ᠡᠷᠬᠢᠯᠡᠭᠴᠢ ᠯᠢ ᠬᠠᠶ ᠹᠧᠩ ᠵᠡᠷᠭᠡ ᠬᠥᠮᠦᠰ ᠰᠢᠨ ᠾᠦᠢ ᠪᠠᠯᠭᠠᠰᠤᠨ ᠳᠤ ᠬᠦᠷᠴᠦ ︽ᠤᠯᠠᠭᠠᠨᠬᠠᠳᠠ ᠬᠤᠲᠠ ᠶᠢᠨ ᠨᠠᠷᠢᠮᠤ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠦᠷᠢᠮ︾ ᠤᠨ ᠬᠠᠤᠯᠢ ᠲᠣᠭᠲᠠᠭᠠᠯᠲᠠ ᠶᠢᠨ ᠬᠤᠯᠪᠣᠭᠳᠠᠯ ᠪᠦᠬᠦᠢ ᠠᠰᠠᠭᠤᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠢᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠷᠧᠨ ᠸᠧᠶ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠢᠷᠭᠡᠨ ᠤ ᠬᠠᠤᠯᠢ ᠶᠢᠨ ᠵᠥᠪᠯᠡᠯ ᠤᠨ ᠡᠷᠬᠢᠯᠡᠭᠴᠢ ᠯᠢᠦᠶ ᠬᠠᠶ ᠶᠠᠩ᠂ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠠᠷ᠎ᠠ ᠪᠤᠯᠤᠯᠭ᠎ᠠ ᠲᠠᠢ ᠪᠠᠷ ᠬᠡᠰᠡᠭ ᠨᠠᠷᠢᠮᠤ ᠠᠮᠤ ᠦᠢᠯᠡᠳᠪᠦᠷᠢᠯᠡᠵᠦ ᠡᠳ᠋ᠰᠢᠭᠦᠯᠦᠨ ᠪᠣᠷᠣᠯᠠᠭᠤᠯᠬᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠲᠠᠷᠢᠮᠠᠯ ᠤᠨ ᠡᠷᠦᠬᠡ ᠪᠠ ᠠᠷᠠᠳ ᠣᠯᠠᠨ  ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠯᠢ ᠬᠠᠶ ᠹᠧᠩ ᠡᠷᠬᠢᠯᠡᠭᠴᠢ ︽ᠤᠯᠠᠭᠠᠨᠬᠠᠳᠠ ᠬᠤᠲᠠ ᠶᠢᠨ ᠨᠠᠷᠢᠮᠤ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠦᠷᠢᠮ︾ ︵ᠲᠥᠰᠦᠯ︶ ᠤᠨ ᠡᠮᠦᠨᠡᠬᠢ ᠬᠤᠭᠤᠴᠠᠭᠠᠨ ᠤ ᠪᠡᠯᠡᠳᠬᠡᠯ ᠪᠠᠶᠢᠳᠠᠯ ᠢ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠳ ︽ᠲᠦᠷᠢᠮ︾ ︵ᠲᠥᠰᠦᠯ︶ ᠳᠤ ᠶᠠᠮᠠᠷ ᠶᠠᠮᠠᠷ ᠠᠰᠠᠭᠤᠳᠠᠯ ᠣᠷᠣᠰᠢᠵᠤ ᠪᠠᠶᠢᠬᠤ᠂ ᠶᠠᠮᠠᠷ ᠶᠠᠮᠠᠷ ᠵᠠᠰᠠᠪᠤᠷᠢ ᠣᠷᠣᠭᠤᠯᠬᠤ ᠰᠠᠨᠠᠯ ᠰᠠᠨᠠᠭᠤᠯᠭ᠎ᠠ ᠪᠠᠶᠢᠬᠤ᠂ ᠠᠤᠬᠠᠨ ᠬᠤᠰᠢᠭᠤᠨ ᠤ ᠨᠠᠷᠢᠮᠤ ᠶᠢᠨ ᠠᠵᠤ  ᠦᠢᠯᠡᠰ ᠤᠨ ᠬᠥᠭᠵᠢᠯᠲᠡ ᠵᠢᠴᠢ ᠢᠷᠡᠭᠡᠳᠦᠶ ᠶᠢᠨ ᠬᠥᠭᠵᠢᠯᠲᠡ ᠶᠢᠨ ᠣᠷᠴᠢᠨ ᠲᠣᠭᠤᠷᠢᠨ ᠳᠤ ᠶᠠᠮᠠᠷ ᠰᠠᠶᠢᠨ ᠰᠠᠨᠠᠭᠤᠯᠭ᠎ᠠ ᠪᠠᠶᠢᠬᠤ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠤ᠂ ᠨᠠᠷᠢᠮᠤ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠦ᠂ ᠴᠢᠨᠠᠷ ᠰᠠᠶᠢᠲᠠᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠲᠣᠭᠲᠠᠭᠠᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号