ᠪᠠᠶᠢᠰᠡ ᠶᠢᠨ ᠬᠤᠷᠢᠶ᠎ᠠ ᠪᠠᠯᠭᠠᠰᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠳᠡᠯᠭᠡᠷᠡᠭᠦᠯᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2023/11/15
     ︽ᠢᠨᠲ᠋ᠧᠷ ᠰᠦᠯᠵᠢᠶ᠎ᠡ + ᠡᠮ ᠡᠮᠨᠡᠯᠭᠡ ᠶᠢᠨ ᠳᠠᠭᠠᠳᠬᠠᠯ︾ ᠤᠨ ᠬᠠᠮᠢᠶᠠᠷᠤᠯᠲᠠ ᠶᠢᠨ ᠵᠠᠭᠪᠤᠷ ᠢ ᠭᠦᠨᠵᠡᠭᠡᠶ ᠳᠥᠯᠭᠢᠨ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠣᠯᠠᠨ ᠨᠡᠶᠢᠲᠡ ᠶᠢᠨ  ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ  ᠶᠢ ᠨᠠᠩ ᠳᠥᠭᠦᠮ ᠳᠥᠲᠡ ᠪᠣᠯᠭᠠᠨ ᠠᠷᠠᠳ ᠲᠤ ᠠᠰᠢᠭ ᠬᠦᠷᠲᠡᠭᠡᠬᠦ ᠶᠢ ᠠᠬᠢᠭᠤᠯᠵᠤ᠂ ᠣᠯᠠᠨ ᠲᠦᠮᠡᠨ ᠤ ᠡᠮ ᠬᠤᠳᠠᠯᠳᠤᠨ ᠠᠪᠴᠤ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠳᠤ ᠲᠥᠬᠦᠮ ᠦᠵᠡᠭᠦᠯᠬᠦ ᠶᠢᠨ ᠲᠦᠯᠦᠭᠡ᠂ ᠣᠶᠢᠷ᠎ᠠ ᠳᠤ᠂ ᠪᠠᠶᠢᠰᠡ ᠶᠢᠨ ᠬᠤᠷᠢᠶ᠎ᠠ ᠪᠠᠯᠭᠠᠰᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠤᠬᠠᠭᠤᠯᠬᠤ ᠪᠠ ᠳᠡᠯᠭᠡᠷᠡᠭᠦᠯᠬᠦ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠳᠤᠯᠢᠭ ᠢᠶᠠᠷ ᠬᠡᠷᠡᠭᠯᠡᠬᠦ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠬᠠᠷᠢᠶᠠᠲᠤ ᠣᠷᠣᠨ ᠤ ᠣᠯᠠᠨ ᠲᠦᠮᠡᠨ ᠢᠯᠠᠩᠭᠤᠶ᠎ᠠ ᠨᠠᠰᠤᠲᠠᠶᠢᠴᠤᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠣᠶᠢᠯᠠᠭᠠᠬᠤ ᠨᠣᠷᠮ᠎ᠠ ᠪᠠ ᠬᠡᠷᠡᠭᠯᠡᠬᠦ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠤ ᠡᠮ ᠬᠤᠳᠠᠯᠳᠤᠨ ᠠᠪᠴᠤ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠳᠤ ᠲᠥᠬᠦᠮ ᠦᠵᠡᠭᠦᠯᠵᠦ᠂ ᠣᠯᠠᠨ ᠲᠦᠮᠡᠨ ᠢ ᠳᠤᠲᠠᠭᠤ ᠭᠦᠶᠦᠯᠭᠡᠵᠦ᠂ ︽ᠺᠣᠳ᠋︾ ᠢᠶᠠᠷ ᠡᠮᠨᠡᠭᠦᠯᠬᠦ ᠲᠥᠬᠦᠮ ᠨᠥᠬᠦᠴᠡᠯ ᠢ ᠡᠳ᠋ᠯᠡᠭᠦᠯᠦᠭᠰᠡᠨ ᠪᠠᠶᠢᠨ᠎ᠠ᠃    ᠪᠠᠶᠢᠰᠡ ᠶᠢᠨ ᠬᠤᠷᠢᠶ᠎ᠠ ᠪᠠᠯᠭᠠᠰᠤ ᠶᠢᠨ ᠬᠢᠨ ︽ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ︾ ᠶᠢ ᠵᠡᠷᠭᠡᠪᠡᠷ ᠬᠦᠴᠦᠯᠡᠬᠦ ᠶᠢ ᠪᠠᠷᠢᠮᠲᠠᠯᠠᠵᠤ᠂ ᠰᠦᠯᠵᠢᠶᠡᠨ ᠳᠡᠭᠡᠷ᠎ᠡ  ᠵᠢᠷᠭᠢᠶ᠎ᠡ ᠶᠢᠨ ᠪᠦᠯᠦᠭᠯᠡᠯ᠂   ᠵᠢᠷᠭᠢᠶ᠎ᠡ ᠶᠢᠨ ᠤᠯᠠᠨ ᠨᠡᠶᠢᠲᠡ ᠶᠢᠨ ᠳ᠋ᠤᠭᠠᠷ ᠂ ᠵᠢᠷᠭᠢᠶ᠎ᠡ ᠶᠢᠨ ᠨᠠᠶᠢᠵᠢ ᠶᠢᠨ ᠲᠣᠭᠤᠷᠢᠭ ᠵᠡᠷᠭᠡ ᠤᠯᠠᠨ ᠵᠦᠢᠯ ᠤᠨ ᠵᠠᠭᠤᠴᠢᠯᠠᠭᠤᠷ ᠢᠶᠠᠷ ᠳᠠᠮᠵᠢᠭᠤᠯᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠬᠡᠷᠡᠴᠢ ᠪᠠᠷᠢᠮᠲᠠ ᠶᠢ ᠠᠪᠬᠤ ᠠᠷᠭ᠎ᠠ ᠬᠡᠯᠪᠡᠷᠢ ᠶᠢ ᠨᠠᠷᠢᠨ ᠨᠢᠭᠲᠠ ᠲᠠᠨᠢᠯᠴᠠᠭᠤᠯᠵᠤ᠂ ᠶᠠᠪᠤᠴᠠ᠂ ᠬᠡᠷᠡᠭᠯᠡᠬᠦ  ᠬᠡᠪᠴᠢᠶ᠎ᠡ ᠪᠠ ᠬᠡᠷᠡᠭᠯᠡᠬᠦ ᠠᠷᠭ᠎ᠠ ᠶᠢ ᠬᠥᠭᠵᠢᠭᠡᠵᠦ᠂ ︽ᠴᠡᠭ ᠢᠶᠠᠷ ᠪᠦᠬᠦ ᠲᠠᠯ᠎ᠠ ᠳᠤ ᠬᠦᠷᠭᠡᠬᠦ︾ ᠤᠬᠠᠭᠤᠯᠭ᠎ᠠ ᠶᠢᠨ ᠬᠡᠯᠪᠡᠷᠢ ᠪᠠᠷ ᠤᠯᠠᠨ ᠲᠦᠮᠡᠨ ᠤ ᠣᠶᠢᠯᠠᠭᠠᠬᠤ ᠨᠤᠷᠮ᠎ᠠ ᠶᠢ ᠥᠷᠭᠡᠳᠬᠡᠵᠦ᠂ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠪᠠ᠃ ᠰᠦᠯᠵᠢᠶᠡᠨ ᠠᠴᠠ  ᠭᠠᠳᠠᠨᠠᠬᠢ᠂ ᠡᠯ᠎ᠡ ᠲᠣᠰᠬᠤᠨ ᠤ ᠰᠦᠯᠵᠢᠶᠡᠨ ᠤ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠲᠣᠰᠬᠤᠨ ᠳᠤ ᠣᠴᠢᠭᠤᠯᠤᠨ ᠡᠷᠦᠬᠡ ᠳᠤ  ᠣᠷᠤᠭᠤᠯᠤᠨ ᠲᠣᠰᠬᠤᠨ ᠤ ᠠᠷᠠᠳ ᠲᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠨᠡᠪᠲᠡᠷᠡᠭᠦᠯᠦᠨ ᠥᠭᠴᠦ᠂ ᠡᠯᠧᠺᠲᠷᠣᠨ ᠦᠢᠯᠡᠳᠬᠦᠨ ᠢ ᠰᠠᠶᠢᠨ ᠮᠡᠳᠡᠬᠦ ᠥᠬᠡᠶ ᠨᠠᠰᠤᠲᠠᠶᠢᠴᠤᠳ ᠢ ᠬᠠᠪᠰᠤᠷᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠭᠤᠶᠤᠴᠢᠯᠠᠨ ᠠᠪᠤᠭᠤᠯᠬᠤ ᠶᠢᠨ ᠬᠠᠮᠲᠤ ᠲᠣᠰᠬᠤᠨ ᠤ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠬᠡᠷᠡᠭᠯᠡᠯᠲᠡ ᠶᠢᠨ ᠬᠡᠪᠴᠢᠶ᠎ᠡ᠂ ᠠᠶᠤᠯᠭᠦᠶ ᠴᠢᠨᠠᠷ ᠵᠡᠷᠭᠡ ᠲᠠᠯ᠎ᠠ ᠶᠢᠨ ᠡᠷᠡᠭᠡᠯᠵᠡᠭᠡ ᠶᠢ ᠬᠦᠯᠢᠴᠡᠩᠭᠦᠶ ᠪᠠᠷ ᠬᠠᠷᠢᠭᠤᠯᠤᠨ᠎ᠠ᠃     ᠣᠶᠢᠷ᠎ᠠ ᠶᠢᠨ ᠡᠳᠦᠷ ᠤᠳ ᠤᠨ ᠤᠬᠠᠭᠤᠯᠭ᠎ᠠ ᠪᠠ ᠳᠡᠯᠭᠡᠷᠡᠭᠦᠯᠦᠯᠲᠡ ᠪᠠᠷ ᠳᠠᠮᠵᠢᠭᠤᠯᠤᠨ᠂ ᠥᠷᠭᠡᠨ ᠣᠯᠠᠨ ᠲᠣᠰᠬᠤᠨ ᠤ ᠠᠷᠠᠳ ᠲᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠠᠵᠢᠯᠯᠠᠬᠤ ᠠᠷᠭ᠎ᠠ ᠮᠠᠶ᠋ᠢᠭ ᠪᠠ ᠴᠢᠳᠠᠮᠵᠢ ᠶᠢ ᠭᠦᠨᠵᠡᠭᠡᠶ ᠣᠶᠢᠯᠠᠭᠠᠭᠤᠯᠵᠤ᠂ ︽ᠨᠢᠭᠡ ᠨᠣᠮᠧᠷ ᠢ ᠭᠠᠷ ᠲᠠᠭᠠᠨ ᠠᠳᠬᠤᠪᠠᠯ᠂ ᠡᠮ ᠡᠮᠨᠡᠯᠭᠡ ᠶᠢᠨ ᠳᠠᠭᠠᠳᠬᠠᠯ ᠳᠤ ᠰᠠᠨᠠᠭ᠎ᠠ ᠠᠮᠤᠷ︾ ᠪᠠᠶᠢᠬᠤ ᠶᠢ ᠪᠡᠶᠡᠯᠡᠭᠦᠯᠵᠦ᠂ ᠣᠯᠠᠨ ᠲᠦᠮᠡᠨ ᠤ ᠡᠮᠨᠡᠯᠭᠡ ᠳᠤ ᠦᠵᠡᠭᠦᠯᠦᠨ ᠡᠮᠨᠡᠭᠦᠯᠬᠦ ᠳᠤ ᠲᠦᠢᠯ ᠤᠨ ᠶᠡᠭᠡ ᠲᠥᠬᠦᠮ ᠦᠵᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠪᠠᠶᠢᠰᠡ ᠶᠢᠨ ᠬᠤᠷᠢᠶ᠎ᠠ ᠪᠠᠯᠭᠠᠰᠤ ᠶᠢᠨ ᠬᠢᠨ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠬᠡᠷᠡᠴᠢ ᠪᠠᠷᠢᠮᠲᠠ ᠶᠢ ᠠᠮᠢᠯᠠᠭᠤᠯᠬᠤ ᠪᠦᠷᠬᠦᠴᠡ ᠶᠢᠨ ᠬᠡᠪᠴᠢᠶ᠎ᠡ ᠶᠢ ᠥᠷᠭᠡᠳᠬᠡᠵᠦ᠂ ᠬᠠᠷᠢᠶ᠎ᠠ ᠲᠣᠭᠤᠷᠢᠭ ᠤᠨ ᠲᠣᠰᠬᠤᠨ ᠤ ᠠᠷᠠᠳ ᠲᠤ ᠢᠳᠡᠪᠬᠢᠲᠡᠢ ᠦᠢᠯᠡᠴᠢᠯᠡᠵᠦ᠂ ᠬᠥᠳᠡᠯᠵᠦ ᠪᠠᠷᠢᠬᠤ ᠳᠤ ᠳᠥᠭᠦᠮ ᠦᠭᠡᠢ ᠨᠡᠩ ᠤᠯᠠᠨ ᠨᠠᠰᠤᠲᠠᠶᠢᠴᠤᠳ ᠲᠤ ᠲᠤᠰ ᠦᠢᠯᠡᠴᠢᠯᠡᠭᠡ ᠶᠢ ᠡᠳ᠋ᠯᠡᠭᠦᠯᠬᠦ ᠶᠢ ᠪᠠᠲᠤᠯᠠᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠠ ᠵᠣᠯ ᠵᠢᠷᠭᠠᠯ ᠤᠨ ᠲᠦᠷᠦᠭᠳᠡᠯ ᠢ ᠨᠡᠮᠡᠭᠳᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号