ᠸᠠᠩ ᠶᠦᠩ ᠵᠢᠶᠦ᠋ᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠤᠪᠠ
ᠨᠡᠶᠢᠲᠡᠯᠡᠭᠰᠡᠨ ᠴᠠᠭ᠄
2023/11/15
C:\Users\Administrator\Desktop\1.jpg    11 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ︽
ᠦᠵᠡᠯ ᠰᠠᠨᠠᠭᠠᠨ ᠤ ᠠᠤᠭ᠎ᠠ ᠬᠦᠴᠦᠨ ᠢ ᠣᠶᠢᠯᠠᠭᠠᠵᠤ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠨ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠤᠨ᠎ᠠ︾ ᠭᠡᠬᠦ ᠰᠡᠳᠦᠪ ᠢᠶᠠᠷ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠲᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠣᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃ ᠬᠤᠰᠢᠭᠤᠨ ᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠭᠦᠸᠧ ᠢ ᠬᠤᠷᠠᠯ ᠡᠷᠭᠢᠯᠡᠪᠡ᠃    ᠸᠠᠩ ᠶᠦᠩ ᠵᠢᠶᠦ᠋ᠨ ᠥᠪᠡᠷ ᠤᠨ ᠰᠤᠷᠤᠯᠴᠠᠯᠭ᠎ᠠ ᠪᠠ ᠪᠣᠳᠣᠯᠬᠢᠯᠠᠯ ᠲᠠᠢ ᠪᠠᠨ ᠤᠶᠠᠯᠳᠤᠭᠤᠯᠤᠨ᠂ ᠠᠤᠬᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ︽ᠭᠤᠷᠪᠠᠨ ᠵᠠᠶᠢᠯᠠᠰᠢ ᠥᠬᠡᠶ ᠱᠠᠭᠠᠷᠳᠠᠯᠭ᠎ᠠ︾ ᠶᠢᠨ ᠴᠢᠬᠤᠯᠠ ᠠᠭᠤᠯᠬᠤᠨ ᠢ ᠭᠦᠨᠵᠡᠭᠡᠶ ᠣᠶᠢᠯᠠᠭᠠᠵᠤ᠂ ᠲᠣᠰ ᠤᠳᠠᠭᠠᠨ ᠤ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠶ︔ ︽ᠵᠢᠷᠭᠤᠭ᠎ᠠ ᠶᠢ ᠡᠷᠬᠡᠪᠰᠢ ᠪᠠᠷᠢᠮᠲᠠᠯᠠᠬᠤ︾ ᠵᠣᠭᠰᠣᠯᠲᠠ ᠦᠵᠡᠯᠲᠡ ᠠᠷᠭ᠎ᠠ ᠶᠢ ᠣᠨᠣᠪᠴᠢᠲᠠᠢ ᠡᠵᠡᠮᠰᠢᠵᠦ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠬᠤ ᠬᠡᠷᠡᠭᠲᠡᠢ︔ ᠭᠤᠤᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠶ ᠦᠷ᠎ᠡ ᠪᠦᠲᠦᠮᠵᠢ ᠪᠠᠷ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠰᠢᠨ᠎ᠡ ᠰᠢᠪᠲᠤᠯᠤᠯᠲᠠ ᠲᠠᠢ ᠪᠣᠯᠬᠤ ᠭᠤᠷᠪᠠᠨ ᠲᠠᠯ᠎ᠠ ᠪᠠᠷ ᠪᠥᠬᠦ ᠬᠤᠰᠢᠭᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠲᠤ ᠠᠮᠢᠳᠤᠯᠢᠭ ᠳᠦᠷᠰᠦᠯᠢᠭ ᠨᠠᠮ ᠤᠨ ᠬᠢᠴᠢᠶᠡᠯ ᠤᠷᠤᠭᠰᠠᠨ ᠪᠠᠶᠢᠨ᠎ᠠ᠃    ᠸᠠᠩ ᠶᠦᠩ ᠵᠢᠶᠦ᠋ᠨ᠂ ᠭᠤᠤᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠪᠣᠯ ᠣᠳᠣᠬᠠᠨ ᠤ ᠡᠯ᠎ᠡ  ᠵᠦᠢᠯ ᠤᠨ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠮᠥᠨ᠂ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃ ᠪᠦᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠶᠡᠷᠦᠩᠬᠡᠶ ᠱᠦᠵᠢ ᠶᠢᠨ ᠭᠤᠣᠯ ᠰᠡᠳᠦᠪᠲᠦ ᠬᠥᠮᠦᠵᠢᠯ ᠥᠷᠨᠢᠭᠦᠯᠬᠦ ᠲᠤᠬᠠᠶ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠡᠷᠡᠰ  ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠢ ᠪᠥᠬᠦ ᠲᠠᠯ᠎ᠠ ᠪᠠᠷ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠶ ᠪᠠᠷ ᠭᠤᠤᠯᠳᠠᠭᠤᠯᠤᠨ᠂ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠭᠤᠤᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠠᠶ ᠪᠠᠷ ᠬᠢᠵᠦ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠨᠠᠩ ᠶᠡᠭᠡ ᠬᠤᠪᠢ ᠨᠡᠮᠡᠷᠢ ᠦᠵᠡᠭᠦᠯᠬᠦ ᠪᠠᠷ  ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃    ᠶᠠᠩ ᠭᠦᠸᠧ ᠢ ᠳ᠋ᠦᠩᠨᠡᠯᠲᠡ ᠶᠢᠨ ᠶᠠᠷᠢᠶᠠᠨ ᠳᠠᠭᠠᠨ᠂ ᠪᠦᠬᠦ ᠨᠠᠮ ᠤᠨ ᠭᠡᠰᠢᠭᠦᠨ ᠺᠠᠳ᠋ᠷ ᠲᠤᠰ ᠨᠢᠭᠡᠴᠢ  ᠶᠢᠨ ᠢᠶᠠᠨ ᠠᠵᠢᠯ ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠸᠠᠩ ᠱᠦᠵᠢ ᠶᠢᠨ ᠲᠤᠰᠬᠠᠢ ᠰᠡᠳᠦᠪᠲᠦ ᠨᠠᠮ ᠤᠨ ᠬᠢᠴᠢᠶᠡᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠨᠡᠪᠳᠡᠷᠡᠳᠡᠯ᠎ᠠ ᠣᠶᠢᠯᠠᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠲᠥᠪ ᠭᠤᠣᠯᠴᠢ ᠪᠠᠷ ᠰᠢᠨ᠎ᠡ ᠶᠢ ᠡᠭᠦᠳᠬᠦ᠂ ᠴᠢᠷᠮᠠᠶᠢᠨ ᠲᠡᠮᠡᠴᠡᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠨᠠᠮ ᠤᠨ ᠰᠢᠨ᠎ᠡ ᠡᠭᠦᠳᠦᠯᠲᠡ ᠶᠢᠨ ᠣᠨᠣᠯ ᠢᠶᠠᠷ ᠵᠡᠪᠰᠡᠭᠯᠡᠬᠦ ᠶᠢ ᠲᠠᠰᠤᠷᠠᠯᠲᠠ ᠦᠭᠡᠶ ᠭᠦᠨᠵᠡᠭᠡᠶᠢᠷᠡᠭᠦᠯᠵᠦ᠂ ᠤᠨᠤᠯ ᠤᠨ ᠰᠤᠷᠤᠯᠴᠠᠯᠭ᠎ᠠ ᠶᠢ ᠭᠤᠣᠯ ᠰᠡᠳᠦᠪᠲᠦ ᠬᠥᠮᠦᠵᠢᠯ ᠤᠨ ᠪᠦᠬᠦ ᠶᠠᠪᠤᠴᠠ ᠳᠤ  ᠳᠣᠭᠤᠰᠢᠯᠠᠭᠤᠯᠵᠤ᠂ ᠤᠭ ᠵᠣᠬᠢᠶᠠᠯ ᠢ ᠲᠡᠷᠡ ᠬᠡᠪ ᠢᠶᠠᠷ ᠨᠢ ᠤᠩᠰᠢᠬᠤ᠂ ᠤᠭ ᠵᠣᠬᠢᠶᠠᠯ ᠢ ᠰᠤᠷᠤᠯᠴᠠᠬᠤ᠂ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠠᠮᠤᠭ ᠤᠨ ᠰᠢᠨ᠎ᠡ ᠴᠢᠬᠤᠯᠠ ᠶᠠᠷᠢᠶ᠎ᠠ᠂ ᠴᠢᠬᠤᠯᠠ ᠥᠭᠦᠯᠡᠯᠲᠡ ᠪᠠ ᠴᠢᠬᠤᠯᠠ ᠵᠣᠬᠢᠶᠠᠯ ᠢ ᠴᠠᠭ ᠲᠤᠬᠠᠢ ᠳᠤᠨᠢ ᠲᠠᠭᠠᠨ ᠰᠤᠷᠤᠯᠴᠠᠵᠤ᠂ ᠭᠦᠨᠵᠡᠭᠡᠢ ᠰᠤᠷᠤᠯᠴᠠᠨ ᠨᠠᠷᠢᠨ ᠤᠬᠠᠪᠤᠷᠢᠯᠠᠨ ᠪᠣᠳᠠᠲᠠᠢ ᠬᠡᠷᠡᠭᠵᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠣᠭᠤᠰᠢᠯᠠᠭᠤᠯᠬᠤ ᠶᠢ ᠦᠨᠡᠨᠬᠦ ᠭᠦᠨᠵᠡᠭᠡᠶᠢᠷᠡᠭᠦᠯᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢᠨ ᠠᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠰᠤᠷᠲᠠᠯ ᠢ ᠭᠦᠢᠴᠡᠳ ᠪᠠᠳᠠᠷᠠᠭᠤᠯᠵᠤ᠂ ᠦᠨᠡᠨ ᠬᠦ ᠪᠠᠶᠢᠳᠠᠯ ᠢ ᠲᠣᠳᠣᠷᠬᠠᠶ ᠤᠶᠢᠯᠠᠭᠠᠨ᠂ ᠠᠰᠠᠭᠤᠳᠠᠯ ᠢ ᠣᠨᠣᠪᠴᠢᠲᠠᠶ ᠡᠷᠢᠵᠦ᠂ ᠠᠷᠭᠠᠴᠠᠬᠤ ᠪᠣᠳᠣᠯᠭ᠎ᠠ ᠶᠢ ᠪᠣᠳᠠᠲᠠᠶ ᠪᠠᠷ ᠳᠤᠷᠠᠳᠤᠨ ᠭᠠᠷᠭᠠᠵᠤ᠂ ᠠᠤᠬᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ  ᠭᠡᠵᠦ ᠴᠢᠬᠤᠯᠠᠴᠢᠯᠠᠪᠠ᠃    ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠶᠠᠮᠤᠨ ᠵᠥᠪᠯᠡᠯ ᠠᠯᠪᠠᠨ ᠬᠡᠷ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠲᠦᠪ ᠣᠷᠤᠨ ᠬᠤᠲᠠ ᠶᠢᠨ ᠰᠢᠭᠤᠳ ᠠᠤᠬᠠᠨ ᠳᠤ  ᠰᠠᠭᠤᠭ᠎ᠠ ᠨᠢᠭᠡᠴᠢ ᠂ ᠡᠯ᠎ᠡ ᠠᠷᠠᠳ ᠤᠨ ᠪᠦᠯᠬᠦᠮ᠂ ᠬᠤᠰᠢᠭᠤᠨ ᠤ ᠰᠢᠭᠤᠳ ᠬᠠᠷᠢᠶ᠎ᠠ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠢ᠂ ᠡᠮᠨᠡᠯᠭᠡ ᠶᠢᠨ ᠬᠤᠷᠢᠶ᠎ᠠ ᠰᠤᠷᠭᠠᠭᠤᠯᠢ᠂ ᠬᠡᠰᠡᠭ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠪᠤᠶᠤ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
C:\Users\Administrator\Desktop\2.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号