ᠴᠥ᠋ ᠬᠠᠶ ᠪᠥᠸᠧ ᠨᠡᠷ ᠠᠤᠬᠠᠨ ᠬᠤᠰᠢᠭᠤᠨ ᠳᠤ ᠢᠷᠡᠵᠦ ᠭᠤᠤᠯ ᠰᠡᠳᠦᠪᠲᠦ ᠬᠥᠮᠦᠵᠢᠯ ᠤᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/11/15
C:\Users\Administrator\Desktop\10.jpg    11 ᠰᠠᠷ᠎ᠠ ᠶᠢᠨ 13 ᠤ ᠡᠳᠦᠷ᠂ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠨᠠᠭᠴᠢᠳ ᠤᠨ
ᠵᠥᠪᠯᠡᠯ ᠤᠨ ᠡᠷᠬᠢᠯᠡᠭᠴᠢ ᠴᠦ᠋ ᠬᠠᠶ ᠪᠥᠸᠧ ᠨᠡᠷ ᠮᠠᠨ ᠤ ᠬᠤᠰᠢᠭᠤᠨ ᠳᠤ ᠢᠷᠡᠵᠦ ᠭᠤᠤᠯ ᠰᠡᠳᠦᠪᠲᠦ ᠬᠥᠮᠦᠵᠢᠯ ᠤᠨ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠦᠩ ᠹᠦ᠋ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠠᠵᠤ ᠠᠬᠤᠶᠢᠯᠠᠯ ᠤᠨ ᠡᠵᠡᠩᠨᠡᠯᠲᠡ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠤᠨ ᠳ᠋ᠤᠭᠠᠷ ᠢ ᠬᠠᠰᠤᠭᠰᠠᠨ᠂ ᠭᠤᠷᠪᠠᠨ ᠬᠤᠷᠠᠯ ᠤᠨ ᠲᠦᠷᠢᠮ ᠤᠨ ᠬᠤᠷᠠᠯ ᠬᠢᠭᠰᠡᠨ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠰᠣᠨᠣᠰᠴᠤ᠂ ᠵᠢᠯᠣᠭᠤᠳᠬᠤ ᠰᠠᠨᠠᠯ ᠳᠤᠷᠠᠳᠪᠠ᠃ ᠴᠥ᠋ ᠬᠠᠶ ᠪᠥᠸᠧ᠂ ᠨᠡᠶᠢᠭᠡᠮ ᠤᠨ ᠠᠵᠤ ᠠᠬᠤᠶᠢᠯᠠᠯ ᠤᠨ ᠬᠢᠨᠠᠭᠴᠢᠳ ᠤᠨ ᠵᠥᠪᠯᠡᠯ ᠤᠨ ᠴᠢᠳᠠᠮᠵᠢ ᠶᠢ ᠪᠠᠳᠠᠷᠠᠭᠤᠯᠬᠤ ᠳᠤ ᠴᠢᠭᠯᠡᠭᠦᠯᠦᠨ᠂ ᠠᠵᠤ ᠠᠬᠤᠶᠢᠯᠠᠯ ᠤᠨ ᠬᠠᠤᠯᠢ ᠲᠣᠭᠲᠠᠭᠠᠯ ᠳᠤ ᠨᠡᠶᠢᠴᠡᠭᠰᠡᠨ ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠶ  ᠭᠡᠵᠦ ᠵᠢᠭᠠᠨ ᠭᠠᠷᠭᠠᠪᠠ᠃    ᠪᠠᠶᠢᠴᠠᠭᠠᠨ ᠰᠤᠳᠤᠯᠬᠤ ᠳᠤᠭᠤᠶᠢᠯᠠᠩ  ᠤᠨ ᠬᠢᠨ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠲᠠᠷᠠᠭᠠᠴᠢ ᠶᠢᠨ ᠠᠯᠬᠤᠮ ᠤᠨ ᠠᠵᠢᠯ ᠳᠤ ᠭᠤᠷᠪᠠᠨ ᠱᠠᠭᠠᠷᠳᠠᠯᠭ᠎ᠠ ᠳᠤᠷᠠᠳᠴᠠᠶ᠂ ᠨᠢᠭᠡ ᠳᠤ ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠲᠥᠷᠥ ᠶᠢᠨ ᠪᠣᠳᠣᠯᠭ᠎ᠠ ᠶᠢᠨ ᠪᠣᠭᠤᠮᠲᠠ ᠶᠢ ᠰᠠᠶᠢᠲᠤᠷ ᠰᠠᠬᠢᠬᠤ ᠬᠡᠷᠡᠭᠲᠡᠶ᠃ ᠬᠤᠶᠠᠷ ᠲᠤ ᠂ ᠯᠠᠪᠳᠠᠭᠤᠨ ᠢᠶᠠᠷ ᠲᠦᠯᠬᠢᠨ ᠠᠬᠢᠭᠤᠯᠵᠤ᠂ ᠰᠢᠶᠠᠩ ᠪᠠᠯᠭᠠᠰᠤ ᠶᠢ ᠵᠢᠭᠠᠨ ᠵᠢᠯᠣᠭᠤᠳᠴᠤ ᠪᠠᠶᠢᠭᠠᠳ ︽ᠭᠤᠷᠪᠠ ᠶᠢ ᠨᠢᠭᠡ ᠴᠤᠭᠴᠠᠵᠢᠭᠤᠯᠬᠤ︾ ᠠᠵᠢᠯ ᠢ ᠪᠣᠳᠠᠲᠠᠶᠢᠵᠢᠭᠤᠯᠤᠨ ᠨᠠᠷᠢᠯᠢᠬᠵᠢᠭᠤᠯᠬᠤ ᠬᠡᠷᠡᠭᠲᠡᠶ᠃ ᠭᠤᠷᠪᠠ ᠳᠤ ᠂ ᠨᠢᠭᠡᠳᠦᠯᠲᠡᠶ ᠲᠥᠯᠥᠪᠯᠡᠨ ᠤᠶᠠᠯᠳᠤᠭᠤᠯᠵᠤ᠂ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ  ᠠᠬᠢᠭᠤᠯᠬᠤ ᠬᠡᠷᠡᠭᠲᠡᠢ ᠭᠡᠪᠡ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠣᠳᠤᠨ ᠠᠶᠢᠯ ᠰᠢᠶᠠᠩ ᠳᠤ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠶᠠᠷᠢᠯᠴᠠᠬᠤ ᠬᠤᠷᠠᠯ ᠬᠢᠪᠡ᠃ ᠶᠠᠷᠢᠯᠴᠠᠬᠤ ᠬᠤᠷᠠᠯ ᠳᠡᠭᠡᠷ᠎ᠡ᠂  ᠮᠣᠳᠤᠨ ᠠᠶᠢᠯ ᠰᠢᠶᠠᠩ ︽ᠭᠤᠷᠪᠠ ᠶᠢ ᠨᠢᠭᠡ ᠴᠤᠭᠴᠠᠵᠢᠭᠤᠯᠬᠤ︾ ᠲᠤᠬᠠᠶᠢᠯᠠᠭᠰᠠᠨ ᠠᠵᠢᠯ ᠤᠨ ᠠᠬᠢᠴᠠ᠂ ᠦᠷ᠎ᠡ ᠪᠦᠲᠦᠮᠵᠢ ᠤᠯᠬᠤ᠂ ᠠᠰᠠᠭᠤᠳᠠᠯ ᠣᠷᠣᠰᠢᠵᠤ ᠪᠠᠶᠢᠬᠤ᠂ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠵᠡᠷᠭᠡ ᠬᠡᠳᠦᠨ ᠲᠠᠯ᠎ᠠ ᠪᠠᠷ ᠪᠣᠳᠠᠲᠠᠢ ᠬᠠᠷᠢᠭᠤ ᠮᠡᠳᠡᠭᠦᠯᠦᠯᠲᠡ ᠬᠢᠵᠡᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠣᠳᠤᠨ ᠠᠶᠢᠯ ᠰᠢᠶᠠᠩ ᠤᠨ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠤᠨ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃
C:\Users\Administrator\Desktop\11.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号