ᠰᠢᠨ ᠾᠦᠢ ᠪᠠᠯᠭᠠᠰᠤ᠄ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠠᠵᠢᠯᠯᠠᠭ᠎ᠠ ᠳᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ︽ᠰᠢᠨ᠎ᠡ ᠦᠵᠡᠮᠵᠢ︾ ᠶᠢ ᠵᠢᠷᠤᠭᠯᠠᠵᠤ ᠪᠠᠶᠢᠨ᠎ᠠ
ᠨᠡᠶᠢᠲᠡᠯᠡᠭᠰᠡᠨ ᠴᠠᠭ᠄
2023/11/29
    ᠰᠢᠨ ᠾᠦᠢ ᠪᠠᠯᠭᠠᠰᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠰᠠᠭᠤᠷᠢᠰᠢᠬᠤ ᠳᠤ ᠲᠣᠬᠢᠷᠠᠮᠵᠢᠲᠠᠢ ᠰᠢᠶᠠᠩ ᠪᠠᠯᠭᠠᠰᠤ ᠪᠠᠷ ᠬᠠᠷᠠᠯᠲᠠ ᠪᠣᠯᠭᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠭ ᠠᠴᠠ ᠱᠤᠭᠤᠮ ᠬᠦᠷᠲᠡᠯ᠎ᠡ᠂ ᠱᠤᠭᠤᠮ ᠠᠴᠠ ᠪᠦᠬᠦ ᠲᠠᠯ᠎ᠠ ᠳᠤ ᠬᠦᠷᠭᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠪᠦᠬᠦ ᠲᠠᠯ᠎ᠠ ᠪᠠᠷ᠂ ᠭᠦᠨ ᠳᠠᠪᠬᠤᠷᠭ᠎ᠠ ᠠᠴᠠ ᠥᠷᠨᠢᠭᠦᠯᠦᠨ᠎ᠡ᠃    ᠨᠢᠭᠡ᠂ ᠥᠷᠭᠡᠨ ᠢᠶᠠᠷ ᠳᠠᠶᠢᠴᠢᠯᠠᠵᠤ ᠬᠠᠮᠲᠤ ᠪᠠᠷ ᠣᠷᠣᠯᠴᠠᠨ᠎ᠠ   ᠰᠢᠨ ᠾᠦᠢ ᠪᠠᠯᠭᠠᠰᠤ ᠪᠠᠯᠭᠠᠰᠤ ᠲᠣᠰᠬᠤᠨ ᠤ ᠺᠠᠳ᠋ᠷ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠵᠡᠷᠭᠡ ᠬᠥᠮᠦᠰ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠮᠠᠯ ᠵᠠᠮ ᠳᠠᠭᠠᠤ᠂ ᠭᠤᠣᠯ ᠤᠨ ᠵᠠᠮ ᠭᠤᠤ ᠰᠤᠪᠠᠭ᠂ ᠶᠡᠭᠡ ᠵᠡᠭᠡᠯᠢ ᠵᠢᠵᠢᠭ ᠭᠤᠳᠤᠮᠵᠢ᠂ ᠭᠡᠷ ᠤᠨ ᠡᠮᠦᠨ᠎ᠡ ᠬᠤᠶᠢᠨ᠎ᠠ ᠵᠢᠴᠢ ᠬᠤᠭ ᠨᠣᠪᠰᠢ ᠶᠢᠨ ᠴᠡᠭ ᠵᠡᠷᠭᠡ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠡᠰᠡᠭ᠂ ᠭᠤᠣᠯᠳᠠᠯᠭ᠎ᠠ ᠲᠠᠢ  ᠭᠠᠵᠠᠷ ᠤᠷᠤᠨ ᠢ ᠴᠢᠩᠭ᠎ᠠ ᠠᠩᠬᠠᠷᠴᠤ᠂ ᠲᠠᠷᠢᠶᠠᠯᠠᠩ ᠤᠨ ᠬᠤᠭ ᠨᠣᠪᠰᠢ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ᠂ ᠤᠷᠭᠤᠮᠠᠯ ᠤᠨ ᠨᠠᠪᠴᠢ ᠪᠤᠵᠠᠷ ᠡᠪᠡᠰᠦ ᠵᠡᠷᠭᠡ ᠠᠰᠠᠭᠤᠳᠠᠯ ᠳᠤ ᠴᠢᠭᠯᠡᠭᠦᠯᠦᠨ᠂ ᠲᠣᠣᠷ ᠲᠠᠲᠠᠬᠤ ᠬᠡᠯᠪᠡᠷᠢ ᠪᠠᠷ ᠵᠢᠭᠰᠠᠭᠠᠨ ᠪᠠᠶᠢᠴᠠᠭᠠᠵᠤ ᠴᠡᠪᠡᠷᠯᠡᠬᠦ ᠠᠵᠢᠯ ᠢ ᠥᠷᠨᠢᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠶᠢᠨ ᠬᠠᠮᠲᠤ᠂ ᠪᠠᠶᠢᠩᠭᠤ ᠶᠢᠨ ᠠᠷᠢᠭᠤᠨ ᠴᠡᠪᠡᠷ ᠢ ᠴᠢᠩᠭᠠᠳᠬᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃    ᠬᠤᠶᠠᠷ᠂ ᠥᠷᠭᠡᠨ ᠢᠶᠠᠷ ᠤᠬᠠᠭᠤᠯᠤᠨ ᠠᠭᠤᠷ ᠠᠮᠢᠰᠬᠤᠯ ᠢ ᠪᠤᠢ  ᠪᠣᠯᠭᠠᠨ᠎ᠠ  ᠡᠯ᠎ᠡ ᠲᠣᠰᠬᠤᠨ ᠲᠣᠰᠬᠤᠨ ᠤ ᠷᠠᠳᠢᠣ᠋ ᠨᠡᠪᠲᠡᠷᠡᠭᠦᠯᠭᠡ᠂ ᠸᠢᠴᠠᠲ ᠤᠨ ᠪᠦᠯᠦᠭ ᠵᠡᠷᠭᠡ ᠬᠡᠯᠪᠡᠷᠢ ᠶᠢ ᠠᠰᠢᠭᠯᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠶᠢᠨ ᠴᠢᠬᠤᠯᠠ ᠴᠢᠨᠠᠷ ᠪᠠ ᠵᠠᠶᠢᠯᠠᠰᠢ ᠦᠭᠡᠢ ᠴᠢᠨᠠᠷ ᠢ ᠤᠬᠠᠭᠤᠯᠵᠤ᠂ ᠤᠯᠠᠨ ᠲᠦᠮᠡᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ ᠢᠳᠡᠪᠬᠢᠵᠢᠯ ᠢ ᠭᠦᠢᠴᠡᠳ ᠲᠠᠶᠢᠴᠢᠯᠠᠵᠦ᠂ ᠲᠣᠰᠬᠤᠨ ᠤ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠳᠤ ᠤᠬᠠᠮᠰᠠᠷ ᠠᠴᠠ ᠪᠠᠨ ᠣᠷᠣᠯᠴᠠᠭᠤᠯᠵᠤ᠂ ︽ᠬᠥᠮᠦᠨ ᠪᠦᠬᠦᠨ ᠣᠷᠣᠯᠴᠠᠵᠤ᠂ ᠬᠠᠮᠲᠤᠪᠠᠷ ᠡᠳ᠋ᠯᠡᠵᠦ ᠬᠠᠮᠲᠤᠪᠠᠷ ᠵᠠᠰᠠᠬᠤ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠬᠥᠳᠡᠭᠡ ᠲᠣᠰᠬᠤᠨ ᠤ ︽ᠳᠦᠷᠢ ᠳᠦᠷᠬᠦ︾ ᠶᠢᠨ ᠲᠦᠷᠭᠡᠨ ᠵᠠᠭᠪᠤᠷ ᠢ ᠡᠬᠢᠯᠡᠭᠦᠯᠵᠦ᠂ ᠬᠥᠳᠡᠭᠡ ᠲᠣᠰᠬᠤᠨ ᠤ ︽ᠳᠦᠷᠢ ᠳᠦᠷᠬᠦ ︾ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃    ᠭᠤᠷᠪᠠ᠂   ᠥᠷᠭᠡᠨ ᠢᠶᠠᠷ  ᠦᠷᠨᠢᠭᠦᠯᠵᠦ ᠣᠷᠴᠢᠨ ᠲᠣᠭᠤᠷᠢᠨ ᠢ ᠴᠡᠭᠴᠡᠯᠡᠨ  ᠵᠠᠰᠠᠨ᠎ᠠ    ᠣᠲᠣ ᠪᠣᠯᠲᠠᠯ᠎ᠠ᠂ ᠰᠢᠨ ᠾᠦᠢ ᠪᠠᠯᠭᠠᠰᠤ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠠᠵᠢᠯᠯᠠᠭ᠎ᠠ ᠶᠢ 26 ᠭᠠᠷᠤᠶ ᠤᠳᠠᠭ᠎ᠠ ᠥᠷᠨᠢᠭᠦᠯᠵᠦ᠂ ᠡᠯ᠎ᠡ ᠲᠥᠷᠥᠯ ᠤᠨ ᠬᠤᠭ ᠨᠣᠪᠰᠢ ᠶᠢ 8500 ᠲᠣᠨ ᠲᠥᠪᠯᠡᠷᠡᠭᠦᠯᠦᠨ ᠴᠡᠪᠡᠷᠯᠡᠪᠡ᠃ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠥᠬᠦ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠰᠢᠪᠠᠳᠠᠨ ᠴᠡᠭᠴᠡᠯᠡᠨ ᠰᠠᠶᠢᠵᠢᠷᠠᠭᠤᠯᠵᠤ᠂ ᠴᠡᠪᠡᠷ ᠴᠡᠮᠴᠡᠭᠡᠷ᠂ ᠭᠤᠶᠣ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠠᠮᠢᠳᠤᠷᠠᠯ ᠤᠨ ᠣᠷᠴᠢᠨ ᠨᠦᠭᠦᠴᠡᠯ ᠢ ᠪᠣᠶ ᠪᠣᠯᠭᠠᠬᠤ ᠶᠢ ᠦᠨᠡᠨᠬᠦ ᠪᠠᠲᠤᠯᠠᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ  ᠨᠦᠭᠦᠴᠡᠯ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ  ᠪᠠᠬᠢᠵᠢᠭᠦᠯᠬᠦ ᠬᠡᠷᠡᠭᠲᠡᠢ᠃    ᠰᠢᠨ ᠾᠦᠢ ᠪᠠᠯᠭᠠᠰᠤ ᠦᠷᠭᠦᠯᠵᠢᠯᠡᠨ ᠬᠦᠴᠦᠯᠡᠵᠦ᠂ ᠴᠡᠭ ᠳᠡᠭᠡᠷ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ ᠶᠢ ᠨᠠᠷᠢᠯᠢᠬᠵᠢᠭᠤᠯᠬᠤ᠂ ᠳᠦᠷᠢᠮᠵᠢᠭᠦᠯᠬᠦ᠂ ᠪᠠᠶᠢᠩᠭᠤᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠬᠦ᠂ ᠪᠣᠳᠠᠲᠠᠶᠢᠵᠢᠭᠤᠯᠬᠤ ᠶᠢ ᠲᠠᠰᠤᠷᠠᠯᠲᠠ ᠦᠭᠡᠢ ᠠᠬᠢᠭᠤᠯᠵᠤ᠂ ᠠᠮᠢ ᠠᠬᠤᠢ ᠭᠤᠶᠤ ᠰᠠᠶᠢᠬᠠᠨ᠂ ᠠᠷᠢᠭᠤᠨ ᠴᠡᠪᠡᠷ ᠴᠡᠮᠴᠡᠭᠡᠷ᠂ ᠪᠣᠯᠪᠠᠰᠤᠨ ᠡᠶ᠎ᠡ ᠵᠣᠬᠢᠴᠠᠩᠭᠤᠢ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠪᠤᠢ ᠪᠣᠯᠭᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠦᠷᠭᠦᠯᠵᠢᠯᠡᠨ ᠠᠬᠢᠭᠤᠯᠵᠤ᠂ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠬᠥᠳᠡᠭᠡ ᠲᠣᠰᠬᠤᠨ ᠤ ︽ᠰᠢᠨ᠎ᠡ ᠪᠠᠶᠢᠳᠠᠯ︾ ᠢ ᠲᠠᠰᠤᠷᠠᠯᠲᠠ ᠦᠭᠡᠢ ᠵᠢᠷᠤᠭᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号