ᠪᠠᠶᠢᠰᠡ ᠶᠢᠨ ᠬᠤᠷᠢᠶ᠎ᠠ ᠪᠠᠯᠭᠠᠰᠤ᠄ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠳᠠᠬᠢᠨ ᠴᠡᠭᠴᠡᠯᠡᠨ ᠵᠠᠰᠠᠵᠤ ᠪᠠᠯᠭᠠᠰᠤᠨ ᠤ ᠳᠦᠷᠢ ᠲᠥᠷᠬᠦ ᠶᠢ ᠳᠠᠬᠢᠨ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/11/29
     ᠪᠠᠯᠭᠠᠰᠤᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠪᠠᠯᠭᠠᠰᠤᠨ ᠤ ᠳᠦᠷᠰᠦ ᠪᠠᠶᠢᠳᠠᠯ ᠢ ᠡᠷᠴᠢᠮᠳᠠᠢ ᠳᠡᠭᠡᠭᠰᠢᠯᠡᠭᠦᠯᠬᠦ ᠶᠢᠨ ᠲᠥᠯᠥᠭᠡ᠂ ᠬᠡᠳᠦᠨ ᠡᠳᠦᠷ ᠤᠨ ᠲᠤᠷᠰᠢ᠂ ᠪᠠᠶᠢᠰᠡ ᠶᠢᠨ ᠬᠤᠷᠢᠶ᠎ᠠ ᠪᠠᠯᠭᠠᠰᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠳᠡᠯᠭᠡᠭᠦᠷ ᠤᠨ ᠭᠠᠳᠠᠨᠠᠬᠢ ᠡᠵᠡᠩᠨᠡᠯᠲᠡ ᠶᠢ ᠵᠠᠰᠠᠵᠤ᠂ ᠡᠭᠦᠳᠡᠨ ᠡᠮᠦᠨᠡᠬᠢ ᠪᠤᠵᠠᠷ ᠡᠷᠦᠢ ᠬᠤᠷᠤᠢ ᠮᠠᠭᠤ ᠶᠢ ᠴᠡᠪᠡᠷᠯᠡᠵᠦ᠂ ᠬᠤᠲᠠ ᠪᠠᠯᠭᠠᠰᠤᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠨᠠᠩ ᠴᠡᠪᠡᠷ ᠴᠡᠮᠴᠡᠭᠡᠷ᠂ ᠡᠮᠬᠢ ᠵᠢᠷᠤᠮ ᠲᠠᠢ᠂ ᠪᠣᠯᠪᠠᠰᠤᠨ ᠵᠢᠷᠭᠠᠯᠲᠤ ᠬᠡᠷ ᠣᠷᠣᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃    ᠪᠠᠶᠢᠰᠡ ᠶᠢᠨ ᠬᠤᠷᠢᠶ᠎ᠠ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠨᠠᠷᠢᠯᠢᠭᠵᠢᠭᠤᠯᠤᠭᠰᠠᠨ ᠬᠠᠮᠢᠶᠠᠷᠤᠯᠲᠠ ᠬᠢᠭᠡᠳ ᠬᠥᠮᠥᠡᠯᠢᠭ ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠪᠠᠷᠢᠮᠲᠠᠯᠠᠵᠤ᠂ ᠪᠠᠯᠭᠠᠰᠤᠨ ᠤ ᠳᠦᠷᠢ ᠲᠥᠷᠬᠦ ᠶᠢ ᠴᠢᠩᠭ᠎ᠠ ᠠᠳᠬᠤᠵᠤ᠂ ᠣᠷᠴᠢᠨ ᠲᠣᠭᠤᠷᠢᠨ ᠤ ᠴᠡᠪᠡᠷ ᠲᠡᠭᠰᠢ ᠡᠮᠬᠢ ᠵᠢᠷᠤᠮ ᠲᠠᠢ ᠪᠠᠶᠢᠬᠤ ᠶᠢ ᠪᠠᠲᠤᠯᠠᠵᠤ᠂ ᠲᠣᠭᠤᠷᠢᠨ ᠪᠠᠶᠢᠴᠠᠭᠠᠬᠤ ᠬᠠᠮᠢᠶᠠᠷᠤᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠬᠤᠳᠠᠯᠳᠤᠭᠠᠴᠢᠨ ᠡᠷᠦᠬᠡ ᠶᠢ ᠰᠢᠮᠳᠠᠭᠤᠯᠵᠤ ᠪᠠᠶᠢᠭᠠᠳ ᠡᠭᠦᠳᠡᠨ ᠡᠮᠦᠨᠡᠬᠢ ︽ᠭᠤᠷᠪᠠ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠤᠳᠠᠯᠳᠤᠭᠠᠴᠢᠨ ᠡᠷᠦᠬᠡ ᠶᠢ ᠬᠥᠮᠦᠵᠢᠭᠦᠯᠦᠨ ᠵᠢᠯᠣᠭᠤᠳᠴᠤ ᠪᠠᠶᠢᠭᠠᠳ ᠵᠢᠷᠤᠮᠵᠢᠭᠤᠯᠤᠨ ᠡᠵᠡᠩᠨᠡᠭᠦᠯᠦᠨ᠂ ᠡᠭᠦᠳᠡᠨ ᠡᠮᠦᠨᠡᠬᠢ ᠣᠷᠴᠢᠨ ᠲᠣᠭᠤᠷᠢᠨ ᠤ ᠴᠡᠪᠡᠷ ᠲᠡᠭᠰᠢ ᠪᠠᠶᠢᠬᠤ ᠶᠢ ᠪᠠᠲᠤᠯᠠᠪᠠ᠃ ᠬᠠᠤᠯᠢ ᠬᠡᠷᠡᠭᠵᠢᠭᠦᠯᠬᠦ ᠠᠵᠢᠯᠲᠠᠨ ᠵᠠᠮ ᠡᠵᠡᠯᠡᠨ ᠡᠵᠡᠩᠨᠡᠬᠦ᠂ ᠣᠯᠠᠨ ᠨᠡᠶᠢᠲᠡ ᠶᠢᠨ ᠲᠠᠯᠠᠪᠤᠷ ᠲᠤ ᠪᠣᠳᠠᠰ ᠣᠪᠣᠭᠠᠯᠠᠵᠤ ᠲᠠᠯᠪᠢᠬᠤ᠂ ᠣᠯᠠᠨ ᠨᠡᠶᠢᠲᠡ ᠶᠢᠨ ᠲᠦᠬᠦᠭᠡᠷᠦᠮᠵᠢ  ᠳᠤ ᠳᠤᠷ᠎ᠠ ᠪᠠᠷ ᠢᠶᠠᠨ ᠨᠠᠭᠠᠵᠤ ᠳᠤᠷ᠎ᠠ ᠪᠠᠷ ᠢᠶᠠᠨ ᠵᠢᠷᠤᠬᠤ ᠵᠢᠴᠢ ᠲᠣᠭᠲᠠᠭᠠᠯ ᠠᠴᠠ ᠵᠥᠷᠢᠴᠡᠨ ᠭᠡᠷ ᠤᠨ ᠭᠠᠳᠠᠨᠠᠬᠢ ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ ᠵᠡᠷᠭᠡ ᠡᠷᠦᠶ ᠬᠤᠷᠤᠶ ᠦᠭᠡᠢ ᠦᠵᠡᠭᠳᠡᠯ ᠢ ᠡᠷᠦᠬᠡ ᠳᠠᠷᠠᠭᠠᠯᠠᠨ ᠴᠡᠭᠴᠡᠯᠡᠨ ᠵᠠᠰᠠᠪᠠ᠃ ᠬᠠᠤᠯᠢ ᠬᠡᠷᠡᠭᠵᠢᠭᠦᠯᠬᠦ ᠠᠵᠢᠯᠲᠠᠨ ᠬᠤᠲᠠ ᠪᠠᠯᠭᠠᠰᠤᠨ ᠤ ᠬᠠᠮᠢᠶᠠᠷᠤᠭᠴᠢ ᠶᠢ ᠰᠠᠶᠢᠲᠤᠷ ᠬᠢᠬᠦ ᠶᠢᠨ ᠬᠠᠮᠲᠤ ᠪᠠᠰᠠ ᠪᠣᠯᠪᠠᠰᠤᠨ ᠤ ᠤᠬᠠᠭᠤᠯᠤᠨ ᠲᠠᠶᠢᠯᠪᠤᠷᠢᠯᠠᠭᠴᠢ ᠶᠢ ᠰᠠᠶᠢᠲᠤᠷ ᠬᠢᠵᠦ᠂ ᠬᠠᠤᠯᠢ ᠬᠡᠷᠡᠭᠵᠢᠭᠦᠯᠬᠦ ᠶᠢᠨ ᠳᠠᠭᠠᠤ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠬᠤᠳᠠᠯᠳᠤᠭᠠᠴᠢᠨ ᠡᠷᠦᠬᠡ ᠶᠢᠨ ᠪᠣᠯᠪᠠᠰᠤᠨ ᠤ ᠤᠬᠠᠮᠰᠠᠷ ᠢ ᠳᠡᠭᠡᠭᠰᠢᠯᠡᠭᠦᠯᠵᠦ᠂ ᠰᠠᠶᠢᠨ ᠰᠠᠶᠢᠬᠠᠨ ᠪᠣᠯᠪᠠᠰᠤᠨ ᠬᠡᠪ ᠴᠢᠨᠠᠷ ᠢ ᠪᠤᠢ ᠪᠣᠯᠭᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ︽ᠴᠡᠭᠴᠡᠯᠡᠨ ᠵᠠᠰᠠᠬᠤ︾ ᠠᠴᠠ ︽ᠥᠪᠡᠷᠲᠡᠭᠡᠨ ᠵᠠᠰᠠᠬᠤ︾ ᠳᠤ ᠬᠦᠷᠲᠡᠯ᠎ᠡ ᠳᠠᠬᠢᠨ ︽ᠤᠷᠳᠤ ᠬᠤᠭᠤᠴᠠᠭ᠎ᠠ ᠪᠠᠷ ᠵᠠᠰᠠᠬᠤ︾ ᠶᠢ ᠪᠡᠶᠡᠯᠡᠭᠦᠯᠦᠨ᠎ᠡ᠃    ᠣᠳᠣᠬᠠᠨ ᠪᠣᠯᠲᠠᠯ᠎ᠠ᠂ ᠡᠯ᠎ᠡ ᠲᠥᠷᠥᠯ ᠤᠨ ᠵᠢᠷᠤᠮᠵᠢᠯ ᠦᠭᠡᠢ ᠫᠠᠶᠢᠰᠠ ᠢᠯᠡᠷᠬᠡᠶᠢᠯᠡᠯ ᠢ 7 ᠬᠡᠰᠡᠭ ᠴᠡᠪᠡᠷᠯᠡᠵᠦ᠂ ᠬᠢᠷᠢ ᠲᠡᠩᠴᠡᠬᠦ ᠦᠭᠡᠢ ᠬᠦᠷᠢᠶ᠎ᠡ ᠬᠡᠪᠴᠢᠶ᠎ᠡ ᠶᠢ 1 ᠨᠤᠷᠠᠭᠠᠵᠤ᠂ ᠲᠣᠭᠲᠠᠭᠠᠯ ᠠᠴᠠ ᠵᠥᠷᠢᠴᠡᠨ ᠵᠠᠮ ᠡᠵᠡᠯᠡᠨ ᠡᠵᠡᠩᠨᠡᠭᠰᠡᠨ ᠡᠯ᠎ᠡ ᠲᠥᠷᠥᠯ ᠤᠨ 8 ᠬᠡᠷᠡᠭ ᠢ ᠴᠡᠭᠴᠡᠯᠡᠨ ᠵᠠᠰᠠᠵᠤ᠂ ᠬᠠᠤᠯᠢ ᠪᠤᠰᠤ ᠵᠠᠷ ᠮᠡᠳᠡᠭᠡ ᠶᠢ ᠴᠡᠪᠡᠷᠯᠡᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠪᠠᠶᠢᠰᠡ ᠶᠢᠨ ᠬᠤᠷᠢᠶ᠎ᠠ ᠪᠠᠯᠭᠠᠰᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠣᠯᠪᠠᠰᠤᠨ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号