︽ᠠᠤᠬᠠᠨ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠬᠡᠷᠡᠭᠵᠢᠭᠦᠯᠬᠦ ᠲᠥᠰᠦᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2023/11/8
       ︽ᠬᠡᠷᠡᠭᠵᠢᠭᠦᠯᠬᠦ ᠲᠥᠰᠦᠯ︾ ᠢ ᠨᠡᠶᠢᠲᠡ ᠭᠤᠷᠪᠠᠨ ᠬᠡᠰᠡᠭ ᠲᠤ ᠬᠤᠪᠢᠶᠠᠪᠠ᠄    ᠨᠢᠭᠡᠳᠦᠭᠡᠷ ᠬᠡᠰᠡᠭ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ︽ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ︾ ᠶᠢ ᠪᠠᠷᠢᠮᠲᠠᠯᠠᠵᠤ᠂ ︽ᠨᠠᠮ ᠤᠨ ᠲᠥᠯᠥᠭᠡ ᠬᠥᠮᠥᠨ ᠢ ᠬᠥᠮᠥᠵᠢᠭᠦᠯᠬᠦ ᠶᠢ ᠪᠠᠷᠢᠮᠲᠠᠯᠠᠬᠤ︾᠂ ︽ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠨ ᠪᠠᠶᠢᠭᠤᠯᠵᠤ᠂ ᠬᠡᠪ ᠴᠢᠨᠠᠷ ᠤᠨ ᠰᠤᠷᠭᠠᠨ ᠬᠥᠮᠦᠵᠢᠯ ᠢ ᠬᠥᠭᠵᠢᠭᠦᠯᠵᠦ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠬᠤ︾ ᠱᠠᠭᠠᠷᠳᠠᠯᠭ᠎ᠠ ᠪᠠᠷ ᠬᠠᠷᠠᠯᠲᠠ ᠪᠣᠯᠭᠠᠵᠤ᠂ ᠵᠠᠰᠠᠭ ᠤᠨ ᠣᠷᠳᠣᠨ ᠤ ᠰᠤᠷᠭᠠᠭᠤᠯᠢ ᠡᠷᠬᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠦᠨ᠎ᠡ᠃    ᠬᠤᠶᠠᠳᠤᠭᠠᠷ ᠬᠡᠰᠡᠭ ᠨᠢ ᠲᠠᠪᠤᠨ ᠶᠡᠭᠡ ᠭᠤᠣᠯᠳᠠᠯᠭ᠎ᠠ ᠲᠠᠢ ᠡᠭᠦᠷᠭᠡ᠄    ᠨᠢᠭᠡᠳᠦᠭᠡᠷ ᠭᠤᠤᠯᠳᠠᠯᠭ᠎ᠠ ᠲᠠᠢ ᠡᠭᠦᠷᠭᠡ ᠪᠣᠯ ᠴᠢᠨᠠᠷ ᠰᠠᠶᠢᠲᠠᠶ ᠬᠥᠭᠵᠢᠯᠲᠡ ᠶᠢᠨ ᠰᠢᠰᠲ᠋ᠧᠮ ᠢ ᠪᠠᠶᠢᠭᠤᠯᠵᠤ᠂ ᠲᠠᠪᠤᠨ ᠲᠠᠯ᠎ᠠ ᠶᠢᠨ ᠪᠣᠳᠠᠲᠠᠶ ᠡᠭᠦᠷᠭᠡ ᠶᠢ ᠲᠣᠳᠣᠷᠬᠠᠶᠢᠯᠠᠪᠠ᠄ ᠨᠢᠭᠡ ᠳᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠭᠵᠢᠯᠲᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ︽ᠨᠢᠭᠡ ᠰᠤᠷᠭᠠᠭᠤᠯᠢ ᠨᠢᠭᠡ ᠲᠥᠰᠦᠯ︾ ᠢᠶᠠᠷ ᠪᠥᠬᠦ ᠬᠤᠰᠢᠭᠤᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠴᠢᠨᠠᠷ ᠰᠠᠶᠢᠲᠠᠶ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ 2025 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠰᠢᠯᠢᠳᠡᠭ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 1᠂ ᠬᠤᠲᠠ ᠶᠢᠨ ᠳᠡᠰ ᠤᠨ ᠣᠨᠴᠠᠯᠢᠭᠲᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 2 ᠢ ᠡᠭᠦᠳᠦᠨ ᠪᠠᠶᠢᠭᠤᠯᠤᠨ᠎ᠠ︔ ᠬᠤᠲᠠ ᠶᠢᠨ ᠳᠡᠰ ᠤᠨ ᠰᠢᠯᠢᠳᠡᠭ ᠰᠢᠨᠵᠢᠯᠡᠭᠡᠨ ᠤ ᠰᠠᠭᠤᠷᠢᠨ ᠭᠠᠵᠠᠷ 2᠂ ︽ᠰᠠᠭᠤᠷᠢ ᠶᠢ ᠬᠦᠴᠦᠷᠬᠡᠭᠵᠢᠭᠦᠯᠬᠦ ᠲᠥᠯᠥᠪᠯᠡᠭᠡ︾ ᠶᠢᠨ ᠬᠥᠮᠥᠵᠢᠭᠦᠯᠬᠦ ᠰᠠᠭᠤᠷᠢᠨ ᠭᠠᠵᠠᠷ 1 ᠶᠢ ᠡᠭᠦᠳᠦᠨ ᠪᠠᠶᠢᠭᠤᠯᠤᠨ᠎ᠠ︔ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠣᠷᠣᠬᠤ ᠪᠥᠬᠦ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠵᠦ᠂ ᠳᠡᠭᠡᠳᠦ ᠰᠤᠷᠭᠠᠭᠤᠯᠢ ᠳᠤ ᠰᠢᠯᠭᠠᠭᠤᠯᠬᠤ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠶᠡᠭᠡ ᠰᠤᠷᠭᠠᠭᠤᠯᠢ ︵ᠲᠤᠰᠬᠠᠶ ᠮᠡᠷᠭᠡᠵᠢᠯ︶ ᠶᠢᠨ ᠡᠯᠰᠡᠬᠦ ᠲᠤᠭ᠎ᠠ ᠶᠢ ᠵᠢᠯ ᠳᠠᠷᠠᠭᠠᠯᠠᠨ ᠨᠡᠮᠡᠭᠳᠡᠭᠦᠯᠵᠦ᠂ 600 ᠬᠤᠪᠢ ᠠᠴᠠ ᠳᠡᠭᠡᠭᠰᠢᠬᠢ ᠬᠥᠮᠦᠨ ᠤ ᠲᠤᠭ᠎ᠠ ᠶᠢ ᠪᠥᠬᠦ ᠬᠤᠲᠠ ᠶᠢᠨ ᠡᠮᠦᠨ᠎ᠡ 5 ᠨᠡᠷᠡᠰ ᠲᠤ ᠣᠷᠣᠭᠤᠯᠬᠤ ᠪᠠᠷ ᠴᠢᠷᠮᠠᠶᠢᠵᠤ᠂ ᠪᠥᠬᠦ ᠬᠤᠰᠢᠭᠤᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠳᠤ ᠣᠷᠣᠬᠤ ᠨᠣᠷᠮ᠎ᠠ ᠶᠢ ᠪᠥᠬᠦ ᠬᠤᠲᠠ ᠶᠢᠨ ᠡᠮᠦᠨ᠎ᠡ 6 ᠨᠡᠷᠡᠰ ᠲᠤ ᠣᠷᠣᠭᠤᠯᠬᠤ ᠪᠠᠷ ᠴᠢᠷᠮᠠᠶᠢᠨ᠎ᠠ᠃    ᠬᠤᠶᠠᠷ ᠲᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃ 2025 ᠣᠨ ᠪᠣᠯᠬᠤ ᠳᠤ᠂ ᠬᠤᠲᠠ ᠶᠢᠨ ᠳᠡᠰ ᠤᠨ ᠰᠢᠯᠢᠳᠡᠭ ᠰᠤᠷᠭᠠᠭᠤᠯᠢ ᠶᠢᠨ ᠬᠥᠭᠵᠢᠯᠲᠡ ᠶᠢᠨ ᠬᠠᠮᠲᠤ ᠶᠢᠨ ᠴᠣᠭᠴᠠ ᠶᠢ 2 ᠪᠠᠶᠢᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠯᠤᠭ᠎ᠠ ᠵᠣᠯᠭᠠᠯᠳᠤᠭᠰᠠᠨ ᠬᠤᠲᠠ ᠶᠢᠨ ᠳᠡᠰ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠢᠳᠡᠭ ᠰᠢᠨᠵᠢᠯᠡᠭᠡᠨ ᠤ ᠰᠠᠭᠤᠷᠢᠨ ᠭᠠᠵᠠᠷ 3᠂ ︽ᠰᠠᠭᠤᠷᠢ ᠶᠢ ᠪᠠᠬᠢᠵᠢᠭᠦᠯᠬᠦ ᠲᠥᠯᠥᠪᠯᠡᠭᠡ︾ ᠶᠢᠨ ᠬᠥᠮᠦᠵᠢᠭᠦᠯᠬᠦ ᠰᠠᠭᠤᠷᠢᠨ ᠭᠠᠵᠠᠷ 2 ᠢ ᠪᠠᠶᠢᠭᠤᠯᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠯᠤᠭ᠎ᠠ ᠵᠣᠯᠭᠠᠯᠳᠤᠭᠰᠠᠨ ᠬᠤᠲᠠ ᠶᠢᠨ ᠳᠡᠰ ᠤᠨ ᠪᠠᠭ᠎ᠠ ᠰᠤᠷᠭᠠᠭᠤᠯᠢ ᠶᠢᠨ ᠰᠢᠯᠢᠳᠡᠭ ᠰᠢᠨᠵᠢᠯᠡᠭᠡᠨ ᠤ ᠰᠠᠭᠤᠷᠢᠨ ᠭᠠᠵᠠᠷ 6᠂ ᠰᠤᠷᠤᠭᠴᠢᠳ ᠤᠨ ᠳᠤᠷ᠎ᠠ ᠰᠣᠨᠢᠷᠬᠠᠯ ᠢ ᠬᠥᠮᠦᠵᠢᠭᠦᠯᠬᠦ ᠰᠠᠭᠤᠷᠢᠨ ᠭᠠᠵᠠᠷ ᠢ 3 ᠪᠠᠶᠢᠭᠤᠯᠵᠤ᠂ ᠬᠤᠲᠠ ᠶᠢᠨ ᠳᠡᠰ ᠤᠨ ᠪᠠᠭ᠎ᠠ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠣᠯᠭᠠᠭᠤᠯᠤᠭᠰᠠᠨ ᠵᠢᠱᠢᠶ᠎ᠡ ᠦᠵᠡᠭᠦᠯᠬᠦ ᠰᠤᠷᠭᠠᠭᠤᠯᠢ 8᠂  ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠣᠯᠭᠠᠭᠤᠯᠤᠭᠰᠠᠨ ᠵᠢᠱᠢᠶ᠎ᠡ ᠦᠵᠡᠭᠦᠯᠬᠦ ᠰᠤᠷᠭᠠᠭᠤᠯᠢ 5 ᠶᠢ ᠪᠠᠶᠢᠭᠤᠯᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠨᠣᠷᠮ᠎ᠠ ᠶᠢ 98% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃    ᠭᠤᠷᠪᠠ ᠳᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ ᠬᠥᠭᠵᠢᠯᠲᠡ ᠶᠢ ᠠᠬᠢᠭᠤᠯᠤᠨ᠎ᠠ᠃ 2025 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠴᠡᠴᠡᠷᠯᠢᠭ 1᠂ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ  ᠴᠡᠴᠡᠷᠯᠢᠭ 4 ᠶᠢ ᠡᠭᠦᠳᠦᠨ ᠪᠠᠶᠢᠭᠤᠯᠵᠤ᠂ ᠨᠢᠯᠬ᠎ᠠ ᠬᠡᠤᠬᠡᠳ ᠢ ᠵᠣᠯᠭᠠᠭᠤᠯᠬᠤ ᠲᠤᠷᠰᠢᠯᠲᠠ ᠶᠢᠨ ᠴᠡᠴᠡᠷᠯᠢᠭ ︵ᠰᠤᠷᠭᠠᠭᠤᠯᠢ︶ ᠤᠨ ᠬᠤᠰᠢᠭᠤᠨ ᠲᠠᠰ ᠤᠨ 20 ᠭᠠᠵᠠᠷ᠂ ᠬᠤᠲᠠ ᠶᠢᠨ ᠲᠠᠰ ᠤᠨ 8 ᠭᠠᠵᠠᠷ ᠢ ᠪᠥᠲᠥᠭᠡᠨ ᠪᠠᠶᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠨᠢ ᠴᠡᠴᠡᠷᠯᠢᠭ ᠲᠤ ᠪᠠᠶᠢᠭ᠎ᠠ ᠬᠡᠦᠬᠡᠳ ᠤᠨ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠲᠤ ᠣᠷᠣᠬᠤ ᠨᠤᠷᠮ᠎ᠠ ᠶᠢ 65% ᠠᠴᠠ ᠳᠡᠭᠡᠭᠰᠢ ᠳᠤ ᠬᠦᠷᠦᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠤᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ 2028 ᠣᠨ ᠳᠤ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠪᠠᠷᠢᠮᠵᠢᠶ᠎ᠠ ᠳᠤ ᠬᠦᠷᠦᠭᠦᠯᠵᠦ ᠰᠢᠯᠭᠠᠨ ᠠᠪᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ᠃    ᠳᠥᠷᠪᠡ ᠳᠤ ᠂ ᠣᠨᠴᠠᠭᠠᠶ ᠰᠤᠷᠭᠠᠨ ᠬᠥᠮᠦᠵᠢᠯ ᠢ ᠥᠷᠭᠡᠳᠬᠡᠨ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ 2025 ᠣᠨ ᠪᠣᠯᠬᠤ ᠳᠤ᠂ ᠠᠤᠬᠠᠨ ᠬᠤᠰᠢᠭᠤᠨ ᠤ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢ 1 ᠰᠢᠨ᠎ᠡ ᠪᠠᠷ ᠪᠠᠶᠢᠭᠤᠯᠵᠤ᠂ ᠠᠭᠤᠰᠤᠯᠴᠠᠭᠰᠠᠨ ᠰᠤᠷᠭᠠᠨ ᠬᠥᠮᠦᠵᠢᠯ ᠤᠨ ᠲᠤᠷᠰᠢᠯᠲᠠ ᠶᠢᠨ ᠰᠤᠷᠭᠠᠭᠤᠯᠢ ︵ᠴᠡᠴᠡᠷᠯᠢᠭ︶ ᠶᠢ 1 ᠪᠠᠶᠢᠭᠤᠯᠵᠤ᠂ ᠣᠨᠴᠠᠭᠠᠶ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠰᠢᠰᠲ᠋ᠧᠮ ᠢ ᠨᠠᠩ ᠪᠦᠷᠢᠨᠰᠢᠬᠦᠯᠵᠦ᠂ ᠵᠡᠮᠳᠡᠭ ᠬᠡᠤᠬᠡᠳ ᠤᠨ ᠰᠤᠷᠭᠠᠭᠤᠯᠢ ᠳᠤ ᠣᠷᠣᠬᠤ ᠨᠣᠷᠮ᠎ᠠ ᠶᠢ 100% ᠳᠤ ᠬᠦᠷᠦᠭᠦᠯᠦᠨ᠎ᠡ᠃    ᠲᠠᠪᠤ ᠳᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ  ᠬᠥᠮᠦᠵᠢᠭᠦᠯᠵᠦ ᠬᠥᠭᠵᠢᠭᠦᠯᠬᠦ ᠶᠢ ᠠᠬᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠪᠠᠷᠢᠮᠵᠢᠶ᠎ᠠ ᠳᠤ ᠬᠦᠷᠦᠭᠦᠯᠬᠦ ᠶᠢ ᠠᠬᠢᠭᠤᠯᠤᠨ᠎ᠠ᠃ 2025 ᠣᠨ ᠪᠣᠯᠬᠤ ᠳᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠠᠵᠢᠯ ᠮᠡᠷᠭᠡᠵᠢᠯ ᠤᠨ ᠡᠩ ᠤᠨ ᠬᠠᠷᠢᠴᠠᠯ ᠢ 3.5᠄ 6.5 ᠠᠴᠠ ᠳᠡᠭᠡᠭᠰᠢ ᠳᠤ ᠬᠦᠷᠦᠭᠦᠯᠵᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠤᠨ ᠵᠢᠩᠬᠢᠨᠢ ᠠᠩᠭᠢ ᠳᠤ ᠳᠡᠪᠰᠢᠬᠦ ᠬᠥᠮᠦᠨ ᠤ ᠲᠤᠭ᠎ᠠ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠪᠣᠯᠪᠠᠰᠤᠷᠠᠯ ᠢ ᠵᠢᠯ ᠪᠦᠷᠢ ᠳᠤᠮᠳᠠᠴᠢ ᠪᠠᠷ 7000 ᠬᠥᠮᠦᠨ ᠤᠳᠠᠭ᠎ᠠ ᠠᠴᠠ ᠳᠡᠭᠡᠭᠰᠢ ᠳᠤ ᠬᠦᠷᠦᠭᠦᠯᠦᠨ᠎ᠡ᠃      ᠬᠤᠶᠠᠳᠤᠭᠠᠷ ᠭᠤᠤᠯᠳᠠᠯᠭ᠎ᠠ ᠲᠠᠢ ᠡᠭᠦᠷᠭᠡ ᠪᠣᠯ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠰᠢᠯᠢᠳᠡᠭᠵᠢᠭᠦᠯᠬᠦ ᠶᠠᠪᠤᠳᠠᠯ ᠪᠣᠯᠤᠨ᠎ᠠ᠂ ᠨᠡᠶᠢᠲᠡ ᠨᠠᠢᠮᠠᠨ ᠲᠠᠯ᠎ᠠ ᠶᠢᠨ ᠪᠣᠳᠠᠲᠠᠶ ᠡᠭᠦᠷᠭᠡ ᠶᠢ ᠲᠣᠳᠣᠷᠬᠠᠶᠢᠯᠠᠪᠠ᠄ ᠨᠢᠭᠡ ᠳᠤ᠂ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠰᠤᠷᠭᠠᠭᠤᠯᠢ ᠶᠢᠨ ᠤᠳᠤᠷᠢᠳᠬᠤ ᠪᠠᠭ ᠢ ᠰᠣᠩᠭᠤᠨ ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠵᠠᠬᠢᠷᠤᠯ ᠤᠨ ᠪᠡᠯᠡᠳᠬᠡᠯ ᠴᠢᠳᠠᠪᠤᠷᠢᠲᠠᠨ ᠢ ᠨᠥᠭᠡᠴᠡᠯᠡᠬᠦ ᠬᠥᠮᠥᠷᠭᠡ ᠶᠢ ᠪᠠᠶᠢᠭᠤᠯᠤᠨ᠎ᠠ᠃ ᠭᠤᠷᠪᠠ ᠳᠤ᠂ ᠰᠤᠷᠭᠠᠭᠤᠯᠢ ᠶᠢᠨ ᠤᠳᠤᠷᠢᠳᠬᠤ ᠪᠠᠭ ᠢ ᠰᠢᠯᠭᠠᠨ ᠬᠢᠨᠠᠵᠤ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠰᠤᠷᠭᠠᠭᠤᠯᠢ ᠶᠢᠨ ᠵᠠᠬᠢᠷᠤᠯ ᠢ ᠲᠣᠮᠢᠯᠠᠨ ᠬᠡᠷᠡᠭᠯᠡᠬᠦ ᠪᠠ ᠪᠤᠴᠠᠭᠠᠨ ᠭᠠᠷᠭᠠᠬᠤ ᠲᠣᠭᠲᠠᠴᠠ ᠶᠢ ᠪᠠᠶᠢᠭᠤᠯᠤᠨ᠎ᠠ᠃ ᠳᠥᠷᠪᠡ ᠳᠤ᠂ ᠪᠠᠭᠰᠢ ᠶᠢᠨ ᠡᠩᠨᠡᠭᠡᠨ ᠤ ᠬᠠᠮᠢᠶᠠᠷᠤᠯᠲᠠ ᠶᠢᠨ ᠲᠣᠭᠲᠠᠴᠠ ᠶᠢ ᠰᠢᠯᠢᠳᠡᠭᠵᠢᠭᠦᠯᠦᠨ᠎ᠡ᠃ ᠣᠷᠣᠨ ᠲᠤᠭ᠎ᠠ ᠶᠢᠨ ᠬᠠᠮᠢᠶᠠᠷᠤᠯᠲᠠ ᠶᠢᠨ ᠬᠡᠷᠡᠭᠯᠡᠬᠦ ᠠᠷᠭ᠎ᠠ ᠶᠢ ᠰᠢᠯᠢᠳᠡᠭᠵᠢᠭᠦᠯᠵᠦ᠂ ᠣᠷᠣᠨ ᠲᠤᠭ᠎ᠠ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠪᠠᠭᠰᠢ ᠶᠢᠨ ᠣᠷᠣᠨ ᠲᠤᠭ᠎ᠠ ᠶᠢᠨ ︽ᠡᠷᠭᠢᠯᠲᠡ ᠶᠢᠨ ᠲᠠᠲᠠᠭᠠᠯ︾ ᠢ ᠪᠠᠶᠢᠭᠤᠯᠤᠨ᠎ᠠ᠃ ᠲᠠᠪᠤ ᠳᠤ᠂ ᠰᠤᠷᠭᠠᠭᠤᠯᠢ ᠶᠢᠨ ᠵᠠᠬᠢᠷᠤᠯ ᠪᠠᠭᠰᠢ ᠨᠠᠷ ᠤᠨ ᠠᠵᠢᠯ ᠤᠨ ᠪᠠᠶᠢᠷᠢ ᠰᠣᠯᠢᠯᠴᠠᠬᠤ ᠪᠠᠶᠢᠩᠭᠤ ᠶᠢᠨ ᠳᠦᠷᠢᠮ ᠢ ᠪᠠᠶᠢᠭᠤᠯᠤᠨ᠎ᠠ᠃ ᠵᠢᠯ ᠪᠦᠷᠢ ᠠᠵᠢᠯ ᠤᠨ ᠪᠠᠶᠢᠷᠢ ᠳᠤ ᠡᠭᠡᠯᠵᠢᠯᠡᠨ ᠰᠣᠯᠢᠯᠴᠠᠬᠤ ᠰᠤᠷᠭᠠᠭᠤᠯᠢ ᠶᠢᠨ ᠵᠠᠬᠢᠷᠤᠯ᠂ ᠪᠠᠭᠰᠢ ᠨᠢ ᠰᠣᠯᠢᠯᠴᠠᠬᠤ ᠨᠥᠬᠦᠴᠡᠯ ᠤᠨ ᠶᠡᠷᠦᠩᠬᠡᠶ ᠲᠣᠭᠠᠨ ᠤ 10% ᠠᠴᠠ ᠳᠣᠤᠷ᠎ᠠ ᠪᠠᠶᠢᠯᠭᠠᠵᠤ ᠪᠣᠯᠬᠤ ᠦᠭᠡᠶ᠂ ᠡᠭᠦᠨ ᠳᠤ ᠰᠢᠯᠢᠳᠡᠭ ᠰᠤᠷᠭᠠᠭᠤᠯᠢ ᠶᠢᠨ ᠵᠠᠬᠢᠷᠤᠯ᠂ ᠭᠤᠤᠯᠯᠠᠭᠴᠢ ᠪᠠᠭᠰᠢ ᠶᠢᠨ ᠰᠣᠯᠢᠯᠴᠠᠭ᠎ᠠ ᠶᠢ ᠪᠣᠯ ᠰᠣᠯᠢᠯᠴᠠᠭᠠᠨ ᠤ ᠶᠡᠷᠦᠩᠬᠡᠶ ᠲᠣᠭᠠᠨ ᠤ 20% ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃ ᠵᠢᠷᠭᠤᠭ᠎ᠠ ᠳᠤ ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠤᠷᠢᠨ ᠬᠡᠷᠡᠭᠯᠡᠬᠦ᠂ ᠡᠵᠡᠨ ᠮᠡᠳᠡᠬᠦ ᠡᠷᠬᠡ ᠶᠢ ᠣᠷᠣᠭᠤᠯᠤᠨ ᠠᠪᠴᠢᠷᠠᠬᠤ ᠶᠢ ᠥᠷᠭᠡᠳᠬᠡᠨ᠎ᠡ᠃ ᠨᠥᠬᠦᠴᠡᠯ ᠪᠦᠷᠢᠯᠳᠦᠭᠦᠯᠦᠭᠰᠡᠨ ᠳᠤᠮᠳᠠᠳᠤ ᠪᠠᠭ᠎ᠠ ᠰᠤᠷᠭᠠᠭᠤᠯᠢ ᠨᠢ ᠳᠡᠭᠡᠳᠦ ᠳᠡᠰ ᠳᠠᠪᠬᠤᠷᠭ᠎ᠠ ᠶᠢᠨ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠤᠶᠤ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠪᠠᠭᠰᠢ ᠶᠢ ᠢᠯᠡ ᠪᠠᠷ ᠤᠷᠢᠵᠤ ᠪᠣᠯᠤᠨ᠎ᠠ᠃ ᠠᠵᠢᠯ ᠮᠡᠷᠭᠡᠵᠢᠯ ᠤᠨ ᠪᠠᠭᠰᠢ ᠶᠢᠨ ᠳᠡᠭᠡᠳᠦ ᠰᠤᠷᠭᠠᠭᠤᠯᠢ ᠠᠴᠠ ᠲᠤᠰᠬᠠᠶ ᠮᠡᠷᠭᠡᠵᠢᠯ ᠤᠨ ᠬᠢᠴᠢᠶᠡᠯ ᠤᠨ ᠪᠠᠭᠰᠢ ᠣᠷᠣᠭᠤᠯᠤᠨ ᠠᠪᠴᠢᠷᠠᠬᠤ ᠶᠢ ᠰᠠᠭᠠᠳ ᠥᠬᠡᠶ ᠨᠡᠪᠲᠡᠷᠡᠬᠦ ᠵᠠᠮ ᠢᠶᠠᠷ ᠠᠵᠢᠯᠲᠠᠨ ᠡᠯᠰᠡᠬᠦ ᠳᠤ ᠣᠷᠣᠭᠤᠯᠵᠤ᠂ ᠰᠤᠷᠭᠠᠭᠤᠯᠢ ᠶᠢᠨ ᠪᠡᠶ᠎ᠡ ᠪᠠᠨ ᠳᠠᠭᠠᠭᠠᠵᠤ ︽ᠬᠤᠤᠰ ᠪᠠᠭᠰᠢ ᠶᠢᠨ ᠬᠡᠯᠪᠡᠷᠢ︾ ᠶᠢᠨ ᠪᠠᠭᠰᠢ ᠶᠢ ᠠᠮᠢᠳᠤᠯᠢᠭ ᠢᠶᠠᠷ ᠤᠷᠢᠨ ᠬᠡᠷᠡᠭᠯᠡᠬᠦ ᠶᠢ ᠵᠣᠷᠢᠭᠵᠢᠭᠤᠯᠤᠨ᠎ᠠ᠃ ᠳᠣᠯᠤᠭ᠎ᠠ ᠳᠤ᠂ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠲᠣᠭᠲᠠᠭᠠᠬᠤ ᠤᠷᠢᠬᠤ ᠪᠠ ᠬᠠᠮᠢᠶᠠᠷᠬᠤ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠵᠢᠴᠢ ᠤᠷᠢᠵᠤ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠳᠡᠭᠡᠳᠦ ᠵᠡᠷᠭᠡ ᠶᠢᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠢ  ᠳᠡᠭᠡᠭᠰᠢᠯᠡᠭᠦᠯᠦᠨ᠎ᠡ᠃ ᠨᠠᠢᠮᠠ ᠳᠤ᠂ ᠬᠢᠨᠠᠨ ᠵᠢᠯᠣᠭᠤᠳᠬᠤ ᠪᠠᠶᠢᠭᠤᠯᠤᠯ ᠢ ᠪᠦᠷᠢᠨᠰᠢᠭᠦᠯᠵᠦ᠂ ᠪᠦᠬᠦ ᠲᠠᠯ᠎ᠠ ᠶᠢ ᠬᠠᠮᠤᠷᠤᠭᠰᠠᠨ᠂ ᠠᠵᠢᠯᠯᠠᠭᠠᠨ ᠨᠢ ᠥᠨᠳᠥᠷ ᠪᠦᠲᠦᠮᠵᠢᠲᠡᠶ᠂ ᠦᠷ᠎ᠡ ᠳ᠋ᠦᠩ ᠨᠢ ᠡᠷᠬᠡ ᠰᠦᠷ ᠲᠠᠢ᠂ ᠬᠠᠷᠢᠭᠤᠴᠠᠯᠭ᠎ᠠ ᠨᠡᠬᠡᠮᠵᠢᠯᠡᠬᠦ ᠨᠢ ᠬᠦᠴᠦᠲᠡᠢ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠰᠢᠰᠲ᠋ᠧᠮ ᠢ ᠪᠠᠶᠢᠭᠤᠯᠤᠨ᠎ᠠ᠃ ᠪᠠᠭ᠎ᠠ ᠰᠤᠷᠭᠠᠭᠤᠯᠢ ᠶᠢᠨ ᠱᠠᠲᠤ  ᠦᠶ᠎ᠡ ᠳᠤ ᠴᠢᠭᠯᠡᠭᠦᠯᠦᠭᠰᠡᠨ ᠰᠤᠷᠭᠠᠨ ᠬᠥᠮᠦᠵᠢᠯ ᠤᠨ ᠶᠠᠰᠤ ᠴᠢᠨᠠᠷ ᠢ ᠦᠨᠡᠯᠡᠨ ᠵᠢᠱᠢᠵᠦ ᠬᠢᠨᠠᠨ ᠬᠡᠮᠵᠢᠬᠦ ᠶᠢᠨ ᠬᠠᠮᠲᠤ ᠬᠢᠨᠠᠨ ᠬᠡᠮᠵᠢᠵᠦ ᠣᠨᠣᠰᠢᠯᠠᠭᠰᠠᠨ ᠮᠡᠳᠡᠭᠦᠯᠦᠯᠲᠡ  ᠨᠡᠶᠢᠳᠡᠯᠡᠨ᠎ᠡ᠃    ᠭᠤᠷᠪᠠᠳᠤᠭᠠᠷ ᠭᠤᠤᠯᠳᠠᠯᠭ᠎ᠠ ᠲᠠᠢ ᠡᠭᠦᠷᠭᠡ ᠪᠣᠯ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠪᠠᠶᠢᠭᠤᠯᠵᠤ᠂ ᠨᠡᠶᠢᠲᠡ ᠲᠠᠪᠤᠨ ᠲᠠᠯ᠎ᠠ ᠶᠢᠨ ᠪᠣᠳᠠᠲᠠᠶ ᠡᠭᠦᠷᠭᠡ ᠶᠢ ᠲᠣᠳᠣᠷᠬᠠᠶᠢᠯᠠᠪᠠ᠄ ᠨᠢᠭᠡ ᠳᠤ ᠂ ᠪᠠᠭᠰᠢ ᠶᠢ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ 2025 ᠤᠨ ᠪᠣᠯᠬᠤ ᠳᠤ᠂ ᠬᠤᠰᠢᠭᠤᠨ ᠤ ᠲᠡᠰ ᠤᠨ ︽ᠨᠠᠷᠠᠲᠤ ᠰᠤᠷᠭᠠᠭᠤᠯᠢ ᠶᠢᠨ ᠵᠠᠬᠢᠷᠤᠯ︾ 10᠂ ︽ᠰᠢᠯᠢᠳᠡᠭ ᠰᠤᠷᠭᠠᠭᠤᠯᠢ ᠶᠢᠨ ᠰᠠᠯᠠᠭᠠᠨ ᠤ ᠳᠤᠭᠤᠶᠢᠯᠠᠩ︾ 10᠂ ︽ᠨᠠᠷᠠᠲᠤ ᠪᠠᠭᠰᠢ ︵ᠵᠢᠭᠠᠨ ᠰᠤᠳᠤᠯᠤᠭᠴᠢ ᠶᠢ ᠪᠠᠭᠲᠠᠭᠠᠨ᠎ᠠ︶︾᠂ 100᠂ ︽ᠨᠠᠷᠠᠲᠤ ᠠᠩᠭᠢ ᠶᠢᠨ ᠡᠷᠬᠢᠯᠡᠭᠴᠢ︾ 30᠂ ︽ᠠᠮᠢᠳᠤᠷᠠᠯ ᠤᠨ ᠲᠥᠯᠥᠪᠵᠢᠭᠦᠯᠭᠡ ᠶᠢᠨ ᠵᠢᠯᠣᠭᠤᠳᠬᠤ ᠪᠠᠭᠰᠢ︾ ᠶᠢ 300 ᠬᠥᠮᠦᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠪᠣᠯᠪᠠᠰᠤᠷᠠᠯ ᠤᠨ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠤᠭᠤᠯᠤᠨ᠎ᠠ᠃ ᠬᠤᠶᠠᠷ ᠲᠤ᠂ ᠵᠢᠭᠠᠨ ᠰᠤᠳᠤᠯᠤᠭᠴᠢᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠡᠳ᠋ ᠤᠨ ᠵᠠᠰᠠᠭ ᠠᠴᠠ ᠲᠤᠰᠬᠠᠶ ᠲᠤᠰᠢᠶᠠᠯ ᠤᠨ ᠪᠠ ᠲᠤᠰᠢᠶᠠᠯ ᠬᠠᠪᠰᠤᠷᠭᠠᠭᠰᠠᠨ ᠵᠢᠭᠠᠨ ᠰᠤᠳᠤᠯᠤᠭᠴᠢ ᠶᠢᠨ ᠪᠣᠯᠪᠠᠰᠤᠷᠠᠭᠤᠯᠤᠯ ᠤᠨ ᠵᠠᠷᠤᠳᠠᠯ ᠪᠣᠯᠤᠨ ᠵᠢᠭᠠᠨ ᠰᠤᠷᠭᠠᠬᠤ ᠰᠢᠨᠵᠢᠯᠡᠬᠦ ᠤᠬᠠᠭᠠᠨ ᠤ ᠰᠤᠳᠤᠯᠤᠯ ᠤᠨ ᠲᠤᠰᠬᠠᠶ ᠵᠦᠢᠯ ᠤᠨ ᠵᠠᠷᠤᠳᠠᠯ ᠢ ᠭᠦᠢᠴᠡᠳ ᠲᠤᠭ᠎ᠠ ᠪᠠᠷ ᠪᠠᠲᠤᠯᠠᠨ᠎ᠠ᠃ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠤᠨ ᠣᠳᠣ ᠶᠢᠨ ᠪᠠᠶᠢᠭ᠎ᠠ ᠳᠡᠭᠡᠳᠦ ᠵᠡᠷᠭᠡ ᠶᠢᠨ ᠠᠵᠢᠯ ᠤᠨ ᠪᠠᠶᠢᠷᠢ ᠶᠢᠨ ᠬᠠᠷᠢᠴᠠᠯ ᠢ ᠪᠠᠲᠤᠯᠠᠵᠤ᠂ ᠠᠩᠬ᠎ᠠ ᠵᠡᠷᠭᠡ ᠶᠢᠨ ᠠᠵᠢᠯ ᠤᠨ ᠪᠠᠶᠢᠷᠢ ᠶᠢᠨ ᠬᠠᠷᠢᠴᠠᠯ ᠢ ᠪᠠᠭᠠᠰᠬᠠᠵᠤ᠂ ᠳᠤᠮᠳᠠ ᠵᠡᠷᠭᠡ ᠶᠢᠨ ᠠᠵᠢᠯ ᠤᠨ ᠪᠠᠶᠢᠷᠢ ᠶᠢᠨ ᠬᠠᠷᠢᠴᠠᠯ ᠢ ᠨᠡᠮᠡᠭᠳᠡᠭᠦᠯᠦᠨ᠎ᠡ᠃  ᠵᠢᠭᠠᠨ ᠰᠤᠳᠤᠯᠤᠭᠴᠢᠳ ᠢ ᠡᠯ᠎ᠡ  ᠵᠦᠢᠯ ᠤᠨ ᠰᠢᠯᠭᠠᠷᠠᠭᠤᠯᠬᠤ ᠠᠵᠢᠯᠯᠠᠭ᠎ᠠ ᠶᠢᠨ ᠰᠢᠯᠭᠠᠷᠠᠭᠤᠯᠬᠤ ᠬᠡᠪᠴᠢᠶᠡᠨ ᠳᠤ ᠣᠷᠤᠭᠤᠯᠤᠨ᠎ᠠ᠃ ᠭᠤᠷᠪᠠ ᠳᠤ ᠂  ᠪᠠᠭᠰᠢ ᠶᠢ ᠬᠥᠬᠢᠭᠦᠯᠦᠨ ᠱᠠᠩᠨᠠᠬᠤ ᠶᠢ ᠴᠢᠩᠭᠠᠳᠬᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠬᠥᠬᠢᠭᠦᠯᠦᠨ ᠰᠠᠶᠢᠰᠢᠶᠠᠬᠤ ᠠᠵᠢᠯ ᠢ ᠲᠣᠭᠲᠠᠭᠠᠯ ᠶᠣᠰᠣᠭᠠᠷ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠣᠨ ᠤ ᠬᠥᠬᠢᠭᠦᠯᠦᠨ ᠰᠠᠶᠢᠰᠢᠶᠠᠬᠤ ᠲᠥᠯᠥᠪᠯᠡᠭᠡ ᠳᠤ ᠣᠷᠣᠭᠤᠯᠵᠤ᠂ ᠤᠳᠠᠭ᠎ᠠ ᠪᠦᠷᠢ ᠰᠢᠯᠢᠳᠡᠭ ᠰᠤᠷᠭᠠᠭᠤᠯᠢ ᠶᠢᠨ ᠵᠠᠬᠢᠷᠤᠯ 10᠂ ᠰᠢᠯᠢᠳᠡᠭ ᠵᠢᠭᠠᠨ ᠰᠤᠳᠤᠯᠤᠭᠴᠢ 10᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠵᠢᠱᠢᠶᠡᠴᠢ 10᠂ ᠪᠠᠭᠰᠢ ᠶᠢᠨ ᠮᠣᠷᠠᠯ ᠤᠨ ᠵᠢᠱᠢᠶᠡᠴᠢ 20᠂ ᠲᠡᠷᠢᠭᠦᠨ ᠤ ᠰᠤᠷᠭᠠᠨ ᠬᠥᠮᠦᠵᠢᠯ ᠤᠨ ᠠᠵᠢᠯᠲᠠᠨ᠂ ᠰᠢᠯᠢᠳᠡᠭ ᠪᠠᠭᠰᠢ᠂ ᠰᠢᠯᠢᠳᠡᠭ ᠠᠩᠭᠢ ᠶᠢᠨ ᠡᠷᠬᠢᠯᠡᠭᠴᠢ ᠲᠣᠰ ᠲᠣᠰ 50 ᠨᠡᠷᠡᠰ ᠢ ᠰᠢᠯᠭᠠᠷᠠᠭᠤᠯᠤᠨ ᠬᠥᠬᠢᠭᠦᠯᠦᠨ᠎ᠡ᠃ ᠳᠥᠷᠪᠡ ᠳᠤ᠂ ᠪᠠᠭᠰᠢ ᠶᠢᠨ ᠳᠠᠷᠤᠭᠠᠰᠤ ᠶᠢ ᠦᠨᠡᠨᠬᠦ  ᠬᠦᠩᠭᠡᠷᠡᠭᠦᠯᠦᠨ᠎ᠡ᠃ ᠱᠠᠯᠠᠪᠳᠠᠭᠤᠯᠤᠨ ᠪᠠᠶᠢᠴᠠᠭᠠᠬᠤ᠂ ᠠᠳᠠᠯᠢᠳᠬᠠᠨ ᠰᠢᠯᠭᠠᠷᠠᠭᠤᠯᠵᠤ ᠬᠢᠨᠠᠨ ᠰᠢᠯᠭᠠᠬᠤ᠂ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠂ ᠬᠦᠰᠦᠨᠦᠭ ᠲᠠᠭᠯᠠᠬᠤ ᠵᠡᠷᠭᠡ ᠠᠴᠠ ᠪᠣᠯᠤᠭᠰᠠᠨ ᠳᠠᠷᠤᠭᠠᠰᠤ ᠶᠢ ᠪᠠᠭᠠᠰᠬᠠᠨ᠎ᠠ᠃ ᠲᠠᠪᠤ ᠳᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠦ᠂ ᠪᠠᠭᠰᠢ ᠶᠢᠨ ᠪᠠᠭᠰᠢᠯᠠᠬᠤ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠂ ︽ᠬᠠᠮᠤᠭ ᠤᠨ ᠭᠤᠶᠣ ᠪᠠᠭᠰᠢ︾ ᠶᠢᠨ ᠨᠡᠶᠢᠲᠡᠯᠢᠭ ᠵᠢᠱᠢᠶ᠎ᠡ ᠶᠢ ᠭᠦᠨᠵᠡᠭᠡᠶ ᠠᠭᠤᠳᠠᠯᠵᠤ᠂ ︽ᠠᠤᠬᠠᠨ ᠤ ᠪᠠᠭᠰᠢ ᠶᠢᠨ ᠥᠯᠢᠭᠡᠷ︾ ᠢ ᠰᠠᠶᠢᠲᠤᠷ ᠶᠠᠷᠢᠨ᠎ᠠ᠃      ᠳᠥᠷᠪᠡᠳᠦᠭᠡᠷ ᠭᠤᠤᠯᠳᠠᠯᠭ᠎ᠠ ᠲᠠᠢ ᠡᠭᠦᠷᠭᠡ ᠪᠣᠯ ᠬᠥᠮᠦᠨ ᠬᠥᠮᠦᠵᠢᠭᠦᠯᠬᠦ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠡᠶᠢᠲᠡ ᠨᠠᠢᠮᠠᠨ ᠲᠠᠯ᠎ᠠ ᠶᠢᠨ ᠪᠣᠳᠠᠲᠠᠶ ᠡᠭᠦᠷᠭᠡ ᠶᠢ ᠲᠣᠳᠣᠷᠬᠠᠶᠢᠯᠠᠪᠠ᠄ ᠨᠢᠭᠡ ᠳᠤ ᠂ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠶᠢ  ᠴᠢᠩᠭᠠᠳᠬᠠᠨ᠎ᠠ᠃ ᠵᠢᠯ ᠪᠦᠷᠢ ᠶᠤᠰᠤ ᠮᠤᠷᠠᠯ ᠤᠨ ᠬᠦᠮᠦᠵᠢᠯ ᠤᠨ ᠠᠵᠢᠯ ᠤᠨ ᠨᠡᠶᠢᠳᠡᠯᠢᠭ ᠰᠤᠷᠭᠠᠭᠤᠯᠢ 2᠂ ᠨᠡᠶᠢᠳᠡᠯᠢᠭ ᠵᠢᠱᠢᠶ᠎ᠡ ᠠᠩᠬᠢ 8᠂ ᠨᠡᠶᠢᠳᠡᠯᠢᠭ ᠬᠡᠷᠡᠭ ᠤᠨ ᠵᠢᠱᠢᠶ᠎ᠡ 10 ᠶᠢ ᠪᠠᠶᠢᠭᠤᠯᠤᠨ᠎ᠠ᠃ ᠬᠤᠶᠠᠷ ᠲᠤ᠂ ᠬᠡᠷ ᠪᠦᠯᠢ ᠂ ᠰᠤᠷᠭᠠᠭᠤᠯᠢ ᠪᠠ ᠨᠡᠶᠢᠭᠡᠮ ᠤᠨ ᠬᠠᠮᠲᠤ ᠶᠢᠨ ᠬᠥᠮᠦᠵᠢᠯ ᠤᠨ ᠰᠢᠰᠲ᠋ᠧᠮ ᠢ ᠪᠦᠷᠢᠨᠰᠢᠬᠦᠯᠦᠨ᠎ᠠ᠃ ᠠᠤᠬᠠᠨ ᠬᠤᠰᠢᠭᠤᠨ ᠤ ᠰᠢᠨ᠎ᠡ ᠴᠠᠭ ᠦᠶ᠎ᠡ ᠶᠢᠨ ᠬᠡᠷ ᠪᠦᠯᠢ ᠶᠢᠨ ᠬᠥᠮᠦᠵᠢᠯ ᠤᠨ ᠠᠵᠢᠯ ᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ ᠢ ᠲᠣᠭᠲᠠᠭᠠᠵᠤ᠂ ᠬᠤᠰᠢᠭᠤᠨ ᠲᠠᠰ ᠤᠨ ᠰᠡᠳᠬᠢᠴᠡ ᠶᠢᠨ ᠬᠠᠪᠰᠤᠷᠤᠨ ᠵᠢᠯᠣᠭᠤᠳᠬᠤ ᠥᠷᠲᠡᠭᠡ ᠶᠢ ᠪᠠᠶᠢᠭᠤᠯᠤᠨ᠂ ᠰᠤᠷᠭᠠᠭᠤᠯᠢ ᠪᠠ ᠨᠡᠶᠢᠭᠡᠮ ᠲᠣᠭᠤᠷᠢᠭ ᠤᠨ ᠰᠡᠳᠬᠢᠴᠡ ᠶᠢᠨ ᠡᠷᠡᠭᠦᠯ ᠮᠡᠨᠳᠦ ᠶᠢᠨ ᠴᠢᠳᠠᠮᠵᠢ ᠶᠢᠨ ᠲᠠᠰᠤᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠭᠤᠷᠪᠠ ᠳᠤ᠂ ᠰᠤᠷᠭᠠᠭᠤᠯᠢ ᠶᠢᠨ ᠰᠣᠶᠣᠯ ᠤᠨ ᠬᠥᠮᠦᠨ ᠬᠥᠮᠦᠵᠢᠭᠦᠯᠬᠦ ᠴᠢᠳᠠᠮᠵᠢ ᠶᠢ ᠪᠠᠳᠠᠷᠠᠭᠤᠯᠤᠨ᠎ᠠ᠃ 2025 ᠣᠨ ᠪᠣᠯᠬᠤ ᠳᠤ᠂ ᠬᠤᠲᠠ ᠶᠢᠨ ᠲᠠᠰ ᠤᠨ ᠪᠣᠬᠢᠷᠲᠤᠯ ᠥᠬᠡᠶ ᠰᠤᠷᠭᠠᠭᠤᠯᠢ ᠶᠢᠨ ᠬᠦᠷᠢᠶᠡᠨ ᠳᠤ ᠵᠢᠭᠰᠠᠭᠠᠭᠳᠠᠵᠤ᠂ ᠬᠠᠯᠠᠭᠤᠨ ᠳᠤᠯᠠᠭᠠᠨ ᠰᠤᠷᠭᠠᠭᠤᠯᠢ ᠶᠢᠨ ᠬᠦᠷᠢᠶ᠎ᠡ ᠶᠢ 50% ᠠᠴᠠ ᠳᠡᠭᠡᠭᠰᠢ ᠳᠤ ᠬᠦᠷᠦᠭᠦᠯᠵᠦ᠂ ᠬᠤᠲᠠ ᠶᠢᠨ ᠲᠠᠰ ᠤᠨ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ 5᠂ ᠬᠤᠲᠠ ᠶᠢᠨ ᠲᠠᠰ ᠤᠨ ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠤᠨ᠎ᠠ᠃ ᠳᠥᠷᠪᠡ ᠳᠤ ᠂ ᠬᠢᠴᠢᠶᠡᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠵᠢᠭᠠᠨ ᠰᠤᠷᠭᠠᠬᠤ ᠠᠷᠭ᠎ᠠ ᠮᠠᠶ᠋ᠢᠭ᠂ ᠪᠠᠭᠰᠢ ᠶᠢᠨ ᠦᠰᠦᠨ ᠪᠤᠶᠢᠵᠢᠬᠤ ᠠᠷᠭ᠎ᠠ ᠮᠠᠶ᠋ᠢᠭ᠂ ᠰᠤᠷᠭᠠᠭᠤᠯᠢ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠪᠣᠯᠤᠨ ᠰᠤᠷᠭᠠᠨ ᠬᠥᠮᠦᠵᠢᠯ ᠤᠨ ᠦᠨᠡᠯᠡᠬᠦ ᠠᠷᠭ᠎ᠠ ᠮᠠᠶ᠋ᠢᠭ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠳᠠᠰᠬᠠᠯ ᠤᠨ ᠵᠢᠷᠤᠭ ᠲᠥᠯᠥᠪᠯᠡᠭᠡ᠂ ᠰᠢᠯᠭᠠᠯᠲᠠ ᠶᠢᠨ ᠬᠠᠮᠢᠶᠠᠷᠤᠯᠲᠠ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠠᠮᠢᠶᠠᠷᠤᠯᠲᠠ ᠶᠢ ᠰᠢᠯᠢᠳᠡᠭᠵᠢᠭᠦᠯᠵᠦ᠂ ︽ᠳᠠᠷᠤᠭᠠᠰᠤ ᠶᠢ ᠬᠥᠩᠭᠡᠷᠡᠭᠦᠯᠵᠦ ᠦᠷ᠎ᠡ ᠠᠰᠢᠭ ᠢ ᠨᠡᠮᠡᠭᠳᠡᠭᠦᠯᠬᠦ︾ ᠶᠢ ᠪᠡᠶᠡᠯᠡᠭᠦᠯᠵᠦ᠂ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠤᠨ᠎ᠠ᠃ ᠲᠠᠪᠤ ᠳᠤ ᠂ ᠳᠤᠮᠳᠠᠳᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠪᠠ ᠴᠢᠳᠠᠪᠤᠷᠢᠲᠠᠨ ᠬᠥᠮᠦᠵᠢᠭᠦᠯᠬᠦ ᠵᠠᠭᠪᠤᠷ ᠤᠨ ᠥᠭᠡᠷᠡᠴᠢᠯᠡᠯᠲᠡ ᠶᠢ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠥᠲᠥᠯᠥᠨ ᠳᠠᠭᠠᠭᠤᠯᠵᠤ ᠵᠡᠷᠭᠡᠪᠡᠷ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠵᠦ᠂ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠨᠡᠪᠲᠡᠷᠡᠭᠦᠯᠬᠦ ᠮᠠᠶ᠋ᠢᠭ ᠤᠨ ᠨᠢᠭᠡ ᠴᠣᠭᠴᠠᠵᠢᠭᠤᠯᠤᠨ ᠬᠥᠮᠦᠵᠢᠭᠦᠯᠬᠦ ᠶᠢ ᠪᠡᠶᠡᠯᠡᠭᠦᠯᠦᠨ᠎ᠡ᠃ ᠵᠢᠷᠭᠤᠭ᠎ᠠ ᠳᠤ᠂ ᠪᠡᠶ᠎ᠡ ᠶᠢᠨ ᠲᠠᠮᠢᠷ ᠤᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ  ᠰᠠᠶᠢᠵᠢᠷᠠᠭᠤᠯᠤᠨ᠎ᠠ᠃ 2025 ᠣᠨ ᠪᠣᠯᠬᠤ ᠳᠤ᠂ ᠬᠤᠲᠠ ᠶᠢᠨ ᠳᠡᠰ ᠤᠨ ᠪᠡᠶ᠎ᠡ ᠶᠢᠨ ᠲᠠᠮᠢᠷ ᠤᠨ ᠵᠢᠱᠢᠶ᠎ᠡ ᠦᠵᠡᠭᠦᠯᠬᠦ ᠰᠤᠷᠭᠠᠭᠤᠯᠢ 3᠂ ᠭᠤᠸ᠎ᠠ ᠰᠠᠶᠢᠬᠠᠨ ᠤ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ 3᠂ ᠣᠨᠴᠠᠯᠢᠭᠲᠤ ᠰᠤᠷᠭᠠᠭᠤᠯᠢ 2 ᠢ ᠡᠭᠦᠳᠦᠨ ᠪᠠᠶᠢᠭᠤᠯᠤᠨ᠎ᠠ᠃ ᠳᠣᠯᠤᠭ᠎ᠠ ᠳᠤ᠂ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠤᠨ ᠬᠥᠮᠦᠵᠢᠯ ᠢ ᠴᠢᠩᠭᠠᠳᠬᠠᠨ᠎ᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠲᠠᠰᠤᠭ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ 2025 ᠣᠨ ᠪᠣᠯᠬᠤ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠲᠠᠰᠤᠭ ᠢ 2 ᠠᠴᠠ ᠳᠡᠭᠡᠭᠰᠢ ᠪᠠᠶᠢᠭᠤᠯᠤᠨ᠎ᠠ᠃  ᠨᠠᠢᠮᠠ ᠳᠤ ᠂ ᠬᠥᠳᠡᠯᠮᠦᠷᠢ ᠬᠢᠭᠡᠳ ᠶᠡᠷᠦᠩᠬᠡᠶᠢᠯᠡᠭᠰᠡᠨ ᠦᠢᠯᠡᠳᠦᠯᠭᠡ ᠶᠢᠨ ᠬᠥᠮᠦᠵᠢᠯ ᠢ ᠲᠦᠯᠬᠢᠨ ᠠᠬᠢᠭᠤᠯᠤᠨ᠎ᠠ᠃ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠰᠠᠭᠤᠷᠢᠨ ᠭᠠᠵᠠᠷ ᠪᠠᠶᠢᠭᠤᠯᠬᠤ ᠶᠢ ᠵᠣᠷᠢᠭᠵᠢᠭᠤᠯᠵᠤ᠂ ᠬᠥᠳᠡᠯᠮᠦᠷᠢ ᠪᠠ ᠶᠡᠷᠦᠩᠬᠡᠶᠢᠯᠡᠭᠰᠡᠨ ᠦᠢᠯᠡᠳᠦᠯᠭᠡ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ᠂ ᠰᠣᠳᠣᠨ ᠬᠢᠴᠢᠶᠡᠯ ᠢ ᠰᠢᠯᠭᠠᠷᠠᠭᠤᠯᠬᠤ ᠠᠵᠢᠯᠯᠠᠭ᠎ᠠ ᠥᠷᠨᠢᠭᠦᠯᠦᠨ᠎ᠡ᠃     ᠲᠠᠪᠤᠳᠤᠭᠠᠷ ᠭᠤᠤᠯᠳᠠᠯᠭ᠎ᠠ ᠲᠠᠢ ᠡᠭᠦᠷᠭᠡ ᠪᠣᠯ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠠᠪᠤᠳᠠᠯ ᠪᠣᠯᠤᠨ᠎ᠠ᠂ ᠨᠡᠶᠢᠲᠡ ᠳᠥᠷᠪᠡᠨ ᠲᠠᠯ᠎ᠠ ᠶᠢᠨ ᠪᠣᠳᠠᠲᠠᠶ ᠡᠭᠦᠷᠭᠡ ᠶᠢ ᠲᠣᠳᠣᠷᠬᠠᠶᠢᠯᠠᠪᠠ᠄ ᠨᠢᠭᠡ ᠳᠤ ᠂ ᠰᠤᠷᠭᠠᠨ ᠬᠥᠮᠦᠵᠢᠯ ᠤᠨ ᠣᠷᠣᠭᠤᠯᠤᠯᠲᠠ ᠶᠢ ᠨᠡᠮᠡᠭᠳᠡᠭᠦᠯᠦᠨ᠎ᠡ᠃ ︽ᠬᠤᠶᠠᠷ ᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠳᠤᠯᠠᠭᠠᠯᠠᠬᠤ ᠵᠠᠷᠤᠳᠠᠯ ᠢ ᠡᠳ᠋ ᠤᠨ ᠵᠠᠰᠠᠭ ᠠᠴᠠ ᠨᠢᠭᠡᠳᠦᠯᠲᠡᠶ ᠭᠦᠢᠴᠡᠳ ᠲᠤᠭ᠎ᠠ ᠪᠠᠷ ᠥᠭᠬᠦ ᠳᠦᠷᠢᠮ ᠢ  ᠪᠠᠶᠢᠭᠤᠯᠤᠨ᠎ᠠ᠃ 2025 ᠣᠨ ᠤ ᠰᠡᠭᠦᠯᠴᠢ ᠠᠴᠠ ᠡᠮᠦᠨ᠎ᠡ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠥᠷᠢ ᠥᠭᠴᠡᠭᠡ ᠶᠢ ᠪᠦᠬᠦᠨ ᠢ ᠠᠷᠢᠯᠭᠠᠬᠤ ᠪᠠᠷ ᠴᠢᠷᠮᠠᠶᠢᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠪᠠᠭᠰᠢ ᠶᠢᠨ ᠳᠤᠮᠳᠠᠴᠢ ᠴᠠᠯᠢᠩ ᠤᠨ ᠣᠷᠣᠯᠭ᠎ᠠ ᠶᠢ ᠲᠤᠬᠠᠶ ᠶᠢᠨ ᠭᠠᠵᠠᠷ ᠤᠨ ᠠᠯᠪᠠᠲᠠᠨ ᠤ ᠳᠤᠮᠳᠠᠴᠢ ᠴᠠᠯᠢᠩ ᠤᠨ ᠣᠷᠣᠯᠭ᠎ᠠ ᠶᠢᠨ ᠬᠢᠷᠢ ᠬᠡᠮᠵᠢᠶ᠎ᠡ ᠠᠴᠠ ᠳᠣᠤᠷ᠎ᠠ ᠪᠠᠶᠢᠯᠭᠠᠬᠤ ᠦᠭᠡᠶ ᠪᠠᠶᠢᠬᠤ ᠶᠢ ᠦᠨᠡᠨᠬᠦ ᠪᠠᠲᠤᠯᠠᠨ᠎ᠠ᠃ ᠪᠠᠭ᠎ᠠ ᠬᠡᠪᠴᠢᠶᠡᠨ ᠤ ᠰᠤᠷᠭᠠᠭᠤᠯᠢ ᠶᠢᠨ ᠰᠤᠷᠤᠭᠴᠢ ᠨᠢᠭᠡᠪᠦᠷᠢ ᠶᠢᠨ ᠳᠤᠮᠳᠠᠴᠢ ᠠᠯᠪᠠᠨ ᠵᠠᠷᠤᠳᠠᠯ ᠤᠨ ᠰᠠᠯᠭᠠᠨ ᠥᠭᠬᠦ ᠪᠠᠷᠢᠮᠵᠢᠶ᠎ᠠ ᠶᠢ ᠳᠡᠭᠡᠭᠰᠢᠯᠡᠭᠦᠯᠵᠦ᠂ 300 ᠬᠥᠮᠦᠨ ᠳᠤ ᠬᠦᠷᠬᠦ ᠦᠭᠡᠢ ᠰᠤᠷᠭᠠᠭᠤᠯᠢ ᠶᠢ 300 ᠬᠥᠮᠦᠨ ᠢᠶᠠᠷ ᠲᠣᠭᠠᠴᠠᠭ᠎ᠠ ᠬᠢᠨ᠎ᠡ᠃ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠦᠢᠳᠬᠡᠯ ᠬᠤᠷᠢᠶᠠᠬᠤ ᠶᠢ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠦᠢᠳᠬᠡᠯ ᠬᠤᠷᠢᠶᠠᠬᠤ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ ᠬᠤᠰᠢᠭᠤᠨ ᠤ ᠡᠳ᠋ ᠤᠨ ᠵᠠᠰᠠᠭ ᠠᠴᠠ ᠰᠠᠭᠤᠷᠢ ᠰᠤᠷᠭᠠᠨ ᠬᠥᠮᠦᠵᠢᠯ ᠢ ᠬᠥᠭᠵᠢᠭᠦᠯᠬᠦ ᠲᠤᠰᠬᠠᠶ ᠵᠠᠷᠤᠳᠠᠯ ᠪᠠᠶᠢᠭᠤᠯᠵᠤ᠂ ᠣᠨ ᠤ ᠲᠥᠰᠦᠪ ᠲᠤ ᠣᠷᠣᠭᠤᠯᠤᠨ᠂ ᠠᠵᠢᠯ ᠤᠨ ᠥᠷᠨᠢᠯᠲᠡ ᠶᠢ ᠪᠠᠲᠤᠯᠠᠬᠤ ᠳᠤ ᠬᠡᠷᠡᠭᠯᠡᠨ᠎ᠡ᠃ ᠬᠤᠰᠢᠭᠤᠨ ᠤ  ᠳᠡᠰ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦ ᠶᠢ ᠰᠠᠶᠢᠲᠤᠷ ᠬᠠᠮᠢᠶᠠᠷᠤᠨ ᠬᠡᠷᠡᠭᠯᠡᠵᠦ᠂ ᠰᠢᠯᠢᠳᠡᠭ ᠪᠠᠭᠰᠢ᠂ ᠰᠤᠷᠤᠭᠴᠢᠳ ᠢ ᠱᠠᠩᠨᠠᠨ ᠬᠥᠬᠢᠭᠦᠯᠬᠦ ᠪᠠ ᠠᠤᠬᠠᠨ ᠤ ᠰᠤᠷᠭᠠᠨ ᠬᠥᠮᠦᠵᠢᠯ ᠤᠨ ᠦᠢᠯᠡᠰ ᠢ ᠬᠥᠭᠵᠢᠭᠦᠯᠬᠦ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠥᠮᠦᠨ ᠢ ᠲᠤᠰᠬᠠᠶ ᠵᠦᠢᠯ ᠢᠶᠠᠷ ᠬᠡᠷᠡᠭᠯᠡᠨ᠎ᠡ᠃ ᠬᠤᠶᠠᠷ ᠲᠤ᠂ ᠡᠷᠳᠡᠮ ᠤᠨ ᠴᠣᠯᠠ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ ᠾᠦᠢ ᠠᠷᠪᠠᠳᠤᠭᠠᠷ ᠪᠠᠭ᠎ᠠ ᠰᠤᠷᠭᠠᠭᠤᠯᠢ᠂ ᠰᠢᠨ ᠾᠦᠢ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠰᠢᠨ ᠾᠦᠢ ᠨᠠᠢᠮᠠᠳᠤᠭᠠᠷ ᠬᠡᠦᠬᠡᠳ ᠤᠨ ᠴᠡᠴᠡᠷᠯᠢᠭ᠂ ᠰᠢᠨ ᠾᠦᠢ ᠶᠢᠰᠦᠳᠦᠭᠡᠷ ᠬᠡᠦᠬᠡᠳ ᠤᠨ ᠴᠡᠴᠡᠷᠯᠢᠭ ᠢ ᠰᠢᠨ᠎ᠡ ᠪᠠᠷ  ᠪᠠᠶᠢᠭᠤᠯᠤᠨ᠎ᠠ︔ ᠰᠢᠨ ᠾᠦᠢ ᠶᠢᠰᠦᠳᠦᠭᠡᠷ ᠳᠤᠮᠳᠠᠳᠤ ᠰᠤᠷᠭᠠᠭᠤᠯᠢ᠂ ᠰᠢᠨ ᠾᠦᠢ ᠭᠤᠷᠪᠠᠳᠤᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠪᠣᠯᠤᠨ ᠰᠢᠨ ᠾᠦᠢ ᠳᠣᠯᠣᠳᠤᠭᠠᠷ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠰᠤᠭ ᠢ ᠰᠢᠨ᠎ᠡ ᠪᠠᠷ ᠪᠠᠶᠢᠭᠤᠯᠬᠤ ᠪᠠᠷ ᠲᠥᠯᠥᠪᠵᠢᠭᠦᠯᠵᠦ ᠂ ᠬᠤᠸᠠᠩ ᠶᠠᠩ ᠸᠠ ᠰᠤᠷᠭᠠᠭᠤᠯᠢ ᠶᠢᠨ ᠰᠤᠷᠤᠭᠴᠢᠳ ᠤᠨ ᠬᠤᠭᠤᠯᠠᠨ ᠭᠡᠷ᠂ ᠪᠠᠶᠢᠰᠠ ᠶᠢᠨ  ᠬᠤᠷᠢᠶ᠎ᠠ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠬᠤᠭᠤᠯᠠᠨ ᠭᠡᠷ᠂ ᠴᠠᠩ ᠱᠧᠩ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠪᠣᠯᠤᠨ ᠮᠣᠳᠤᠨ ᠠᠶᠢᠯ ᠰᠢᠶᠠᠩ ᠤᠨ ᠭᠤᠣᠯ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠤᠨ᠎ᠠ︔ ᠰᠢᠨ ᠾᠦᠢ ᠳᠤᠮᠳᠠᠳᠤ ᠰᠤᠷᠭᠠᠭᠤᠯᠢ ᠶᠢᠨ 4500 ᠲᠡᠭᠰᠢ ᠳᠥᠷᠪᠡᠯᠵᠢᠨ ᠮᠧᠲᠷ ᠤᠨ ᠰᠤᠷᠤᠭᠴᠢᠳ ᠤᠨ ᠬᠤᠭᠤᠯᠠᠨ ᠭᠡᠷ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠭᠤᠷᠪᠠ ᠳᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ︽ᠠᠤᠬᠠᠨ ᠬᠤᠰᠢᠭᠤᠨ ᠤ ᠰᠤᠷᠭᠠᠨ ᠬᠥᠮᠦᠵᠢᠯ ᠤᠨ ᠬᠤᠲᠠ ᠶᠢᠨ ᠣᠷᠣᠨ ᠪᠦᠰᠡ ᠶᠢᠨ ᠲᠣᠤᠷ︾ ᠢ ᠪᠥᠬᠦ ᠲᠠᠯ᠎ᠠ ᠪᠠᠷ ᠪᠠᠶᠢᠭᠤᠯᠤᠭᠰᠠᠨ ᠰᠠᠭᠤᠷᠢᠨ ᠳᠡᠭᠡᠷ᠎ᠡ᠂ ᠪᠥᠬᠦ ᠬᠤᠰᠢᠭᠤᠨ ᠤ ᠪᠣᠶ ᠪᠥᠬᠦᠶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠲᠤᠰᠬᠠᠶ ᠱᠤᠭᠤᠮ ᠤᠨ ᠮᠢᠩᠭᠠᠨ ᠮᠧᠭ᠎ᠠ ᠶᠢᠨ ᠬᠡᠷᠡᠯ ᠰᠢᠷᠬᠡᠭ ᠤᠨ ᠰᠦᠯᠵᠢᠶ᠎ᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠢᠳᠡᠪᠬᠢᠲᠡᠶ ᠠᠬᠢᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠤᠰ ᠮᠢᠩᠭᠠᠨ ᠮᠧᠭ᠎ᠠ ᠶᠢᠨ ᠰᠦᠯᠵᠢᠶ᠎ᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ 5G ᠰᠦᠯᠵᠢᠶᠡᠨ ᠤ ᠰᠤᠷᠭᠠᠭᠤᠯᠢ ᠶᠢᠨ ᠬᠦᠷᠢᠶ᠎ᠡ ᠶᠢ ᠨᠡᠶᠢᠳᠡᠮ ᠪᠦᠷᠬᠦᠭᠦᠯᠬᠦ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠵᠤ᠂ ᠢᠨᠲ᠋ᠧᠷ ᠰᠦᠯᠵᠢᠶᠡᠨ ᠤ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠥᠷᠪᠡ ᠳᠤ ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠲᠤᠯᠠᠨ᠎ᠠ᠃ ᠡᠳ᠋ ᠤᠨ ᠵᠠᠰᠠᠭ ᠤᠨ ᠳᠡᠮᠵᠢᠯᠭᠡ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠤᠰᠬᠠᠶ ᠪᠠᠯᠠ ᠮᠥᠩᠭᠦ ᠣᠷᠣᠭᠤᠯᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠳᠤᠲᠠᠭᠤᠳᠠᠯ ᠢ ᠨᠥᠬᠦᠪᠥᠷᠢᠯᠡᠬᠦ ᠳᠤ ᠬᠡᠷᠡᠭᠯᠡᠵᠦ᠂ ᠰᠤᠷᠭᠠᠭᠤᠯᠢ ᠶᠢᠨ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ︽ᠭᠤᠷᠪᠠ ᠶᠢ ᠰᠡᠷᠭᠡᠶᠢᠯᠡᠬᠦ︾ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠠᠭᠤᠷᠢ ᠨᠥᠬᠦᠴᠡᠯ ᠢ ᠪᠠᠬᠢᠵᠢᠭᠦᠯᠦᠨ᠎ᠡ᠃ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠵᠢᠯ ᠪᠦᠷᠢ ᠬᠤᠲᠠ ᠶᠢᠨ ᠲᠠᠰ ᠤᠨ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ 20 ᠪᠠᠶᠢᠭᠤᠯᠵᠤ᠂ ᠬᠤᠰᠢᠭᠤᠨ ᠤ ᠲᠠᠰ ᠤᠨ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ 60 ᠪᠠᠶᠢᠭᠤᠯᠵᠤ᠂ 2025 ᠣᠨ ᠪᠣᠯᠬᠤ ᠳᠤ ᠬᠤᠰᠢᠭᠤᠨ ᠤ ᠲᠠᠰ ᠤᠨ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠨᠡᠶᠢᠳᠡᠮ  ᠪᠦᠷᠬᠦᠭᠦᠯᠦᠨ᠎ᠡ᠃    ᠭᠤᠷᠪᠠᠳᠤᠭᠠᠷ ᠬᠡᠰᠡᠭ ᠨᠢ ︽ᠵᠣᠬᠢᠶᠠᠨ ᠪᠠᠶᠢᠭᠤᠯᠵᠤ ᠬᠡᠷᠡᠭᠵᠢᠭᠦᠯᠬᠦ︾ ᠪᠣᠯᠤᠨ᠎ᠠ᠃ ᠡᠭᠦᠨ ᠳᠤ᠄ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠬᠢᠨᠠᠨ ᠵᠢᠯᠣᠭᠤᠳᠴᠤ ᠬᠢᠨᠠᠨ ᠰᠢᠯᠭᠠᠬᠤ ᠶᠢ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ︽ᠬᠡᠷᠡᠭᠵᠢᠭᠦᠯᠬᠦ ᠲᠥᠰᠦᠯ︾ ᠪᠣᠯ ᠮᠠᠨ ᠤ ᠬᠤᠰᠢᠭᠤᠨ ᠤ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠵᠢᠯᠣᠭᠤᠳᠬᠤ ᠴᠢᠨᠠᠷᠲᠠᠶ ᠪᠢᠴᠢᠭ ᠮᠠᠲ᠋ᠧᠷᠢᠶᠠᠯ ᠮᠥᠨ᠂ ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ ᠡᠷᠬᠡᠪᠰᠢ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠠᠯᠬᠤᠴᠠ ᠶᠢ ᠲᠦᠷᠭᠡᠳᠬᠡᠬᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠶᠢᠨ ᠲᠥᠯᠥᠭᠡ ᠴᠥᠬᠦᠷᠡᠰᠢ ᠥᠬᠡᠶ ᠴᠢᠷᠮᠠᠶᠢᠬᠤ ᠬᠡᠷᠡᠭᠲᠡᠶ︕    ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ  ᠣᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ ︕
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号