︽ᠠᠤᠬᠠᠨ ᠬᠤᠰᠢᠭᠤᠨ ᠤ 2022 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2023 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠲᠤᠬᠠᠶ ᠮᠡᠳᠡᠭᠦᠯᠦᠯᠲᠡ︾ ᠶᠢᠨ ᠲᠤᠬᠠᠶ ᠲᠣᠳᠣᠷᠬᠠᠶᠢᠯᠠᠯᠲᠠ
ᠨᠡᠶᠢᠲᠡᠯᠡᠭᠰᠡᠨ ᠴᠠᠭ᠄
2023/11/8
    ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 2022 ᠣᠨ ᠤ 11 ᠰᠠᠷ᠎ᠠ ᠶᠢᠨ ᠰᠡᠭᠦᠯᠴᠢ ᠪᠠᠷ ︽ᠮᠡᠳᠡᠭᠦᠯᠦᠯᠲᠡ ᠶᠢᠨ ᠲᠥᠰᠦᠯ︾ ᠢ ᠲᠤᠭᠤᠷᠪᠢᠬᠤ ᠠᠵᠢᠯ ᠢ ᠡᠬᠢᠯᠡᠭᠦᠯᠵᠦ᠂ ᠡᠯ᠎ᠡ ᠬᠠᠮᠢᠶ᠎ᠠ ᠪᠥᠬᠦᠶ ᠨᠢᠭᠡᠴᠢ ᠶᠢᠨ ᠠᠵᠢᠯ ᠤᠨ ᠳ᠋ᠦᠩᠨᠡᠯᠲᠡ ᠶᠢ ᠬᠢᠨᠠᠨ ᠵᠥᠪᠯᠡᠬᠦ ᠪᠠᠷ ᠳᠡᠮᠵᠢᠨ᠂ ᠲᠤᠭᠤᠷᠪᠢᠨ ᠪᠢᠴᠢᠬᠦ ᠳᠤᠭᠤᠶᠢᠯᠠᠩ ᠣᠯᠠᠨ ᠤᠳᠠᠭ᠎ᠠ ᠰᠤᠳᠤᠯᠤᠨ ᠶᠠᠷᠢᠯᠴᠠᠵᠤ᠂ ᠳᠠᠬᠢᠨ ᠳᠠᠪᠲᠠᠨ ᠵᠠᠰᠠᠪᠤᠷᠢ ᠣᠷᠣᠭᠤᠯᠵᠤ᠂ ᠮᠡᠳᠡᠭᠦᠯᠦᠯᠲᠡ ᠶᠢᠨ ᠲᠥᠰᠦᠯ ᠢ ᠪᠣᠶ ᠪᠣᠯᠭᠠᠬᠤ ᠶᠢᠨ ᠬᠠᠮᠲᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠣᠲᠣ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ︵ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠶᠢᠨ ᠬᠤᠷᠠᠯ︶ ᠳᠤ ᠳᠡᠪᠰᠢᠭᠦᠯᠵᠦ ᠬᠢᠨᠠᠨ ᠵᠥᠪᠯᠡᠭᠦᠯᠪᠡ᠃    ᠨᠢᠭᠡ᠂ ᠲᠤᠭᠤᠷᠪᠢᠨ ᠪᠢᠴᠢᠭᠰᠡᠨ ᠦᠨᠳᠦᠰᠦᠯᠡᠯ    ᠤᠯᠠᠭᠠᠨᠬᠠᠳᠠ ᠬᠤᠲᠠ ᠶᠢᠨ ᠪᠦᠬᠦ ᠭᠡᠰᠢᠭᠦᠳ ᠤᠨ ᠬᠤᠷᠠᠯ ᠠᠴᠠ ᠲᠣᠭᠲᠠᠭᠠᠭᠰᠠᠨ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠡᠭᠦᠷᠭᠡ ᠶᠢ ᠪᠦᠬᠦ ᠲᠠᠯ᠎ᠠ ᠪᠠᠷ  ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠤᠬᠠᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠮᠡᠳᠡᠭᠦᠯᠦᠯᠲᠡ ᠶᠢᠨ ᠲᠥᠰᠥᠯ︾ ᠤᠨ ᠬᠠᠮᠢᠶ᠎ᠠ ᠪᠦᠬᠦᠢ ᠠᠭᠤᠯᠭ᠎ᠠ ᠶᠢ ᠲᠣᠭᠲᠠᠭᠠᠪᠠ᠃    ᠬᠤᠶᠠᠷ᠂ ᠭᠤᠣᠯ ᠠᠭᠤᠯᠭ᠎ᠠ    ᠮᠡᠳᠡᠭᠦᠯᠦᠯᠲᠡ ᠶᠢᠨ ᠪᠦᠬᠦ ᠠᠭᠤᠯᠭ᠎ᠠ ᠨᠢ 8839 ᠦᠰᠦᠭ ᠪᠠᠶᠢᠵᠤ᠂ ᠪᠦᠲᠦᠴᠡ ᠶᠢᠨ ᠲᠠᠯ᠎ᠠ ᠪᠠᠷ ᠭᠤᠣᠯᠳᠠᠭᠤ ᠬᠤᠶᠠᠷ ᠬᠡᠰᠡᠭ ᠬᠤᠪᠢᠶᠠᠨ᠎ᠠ᠂ ᠲᠤᠬᠠᠶᠢᠯᠠᠪᠠᠯ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠪᠠ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠭᠤᠣᠯ ᠡᠭᠦᠷᠭᠡ ᠪᠣᠯᠤᠨ᠎ᠠ᠃    ︵ᠨᠢᠭᠡ︶ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ    2022 ᠣᠨ ᠳᠤ᠂ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 173 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4% ᠪᠠᠷ ᠨᠡᠮᠡᠭᠳᠡᠪᠡ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 41.8 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 9.7% ᠪᠠᠷ ᠪᠠᠭᠤᠷᠠᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 4.66 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 38.7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.5% ᠪᠠᠷ ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 35798 ᠲᠥᠭᠦᠷᠢᠭ ᠪᠠ 16305 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.5% ᠪᠠ 7.5% ᠪᠠᠷ ᠨᠡᠮᠡᠭᠳᠡᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 236.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.5% ᠪᠠᠷ ᠨᠡᠮᠡᠭᠳᠡᠨ᠂ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 133.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.4% ᠪᠠᠷ ᠨᠡᠮᠡᠭᠳᠡᠵᠦ᠂ ᠬᠠᠳᠠᠭᠠᠯᠠᠮᠵᠢ ᠵᠢᠭᠡᠯᠡᠯᠭᠡ ᠶᠢᠨ ᠬᠠᠷᠢᠴᠠᠯ 56.56% ᠪᠠᠷ ᠰᠢᠯᠢᠳᠡᠭᠵᠢᠪᠡ᠃    ᠭᠤᠤᠯᠳᠠᠭᠤ ᠠᠵᠤ ᠦᠢᠯᠡᠰ ᠤᠨ ᠬᠥᠭᠵᠢᠯᠲᠡ ᠲᠣᠭᠲᠠᠭᠤᠨ ᠢᠶᠠᠷ ᠠᠭᠢᠵᠤ᠂ ᠲᠥᠷᠥᠯ ᠵᠦᠢᠯ ᠤᠨ ᠪᠠᠯᠠ ᠮᠥᠩᠭᠦ ᠲᠡᠮᠡᠴᠡᠨ ᠣᠯᠵᠤ ᠰᠢᠨ᠎ᠡ ᠲᠡᠮᠳᠡᠭᠯᠡᠯ ᠢ ᠡᠭᠦᠳᠬᠦ᠂ ᠨᠡᠶᠢᠭᠡᠮ ᠠᠷᠠᠳ ᠤᠨ ᠠᠮᠢᠳᠤᠷᠠᠯ ᠤᠨ ᠦᠢᠯᠡᠰ ᠥᠷᠨᠢᠨ ᠬᠥᠭᠵᠢᠬᠦ ᠭᠤᠷᠪᠠᠨ ᠲᠠᠯ᠎ᠠ ᠪᠠᠷ 2022 ᠣᠨ ᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠶᠢ ᠳ᠋ᠦᠩᠨᠡᠪᠡ᠃      ︵ᠬᠤᠶᠠᠷ︶ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠭᠤᠣᠯ ᠡᠭᠦᠷᠭᠡ    ᠣᠳᠣᠬᠠᠨ ᠤ ᠠᠵᠤ ᠠᠬᠤᠶ ᠶᠢᠨ ᠪᠠᠶᠢᠳᠠᠯ ᠪᠠ ᠬᠤᠲᠠ ᠶᠢᠨ ᠵᠢᠱᠢᠭᠰᠡᠨ ᠬᠠᠷᠠᠯᠲᠠ ᠶᠢᠨ ᠲᠣᠬᠢᠷᠠᠭᠤᠯᠤᠯᠲᠠ ᠶᠢ ᠦᠨᠳᠦᠰᠦᠯᠡᠨ᠂ ᠪᠥᠬᠦ ᠬᠤᠰᠢᠭᠤᠨ ᠤ ᠪᠣᠳᠠᠲᠠᠶ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠵᠠᠷᠴᠢᠮ ᠢ ᠢᠯᠡᠷᠡᠭᠦᠯᠦᠨ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠪᠠᠷ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 5% ᠪᠠᠷ ᠨᠡᠮᠡᠭᠳᠡᠭᠦᠯᠬᠦ ᠪᠠᠷ ᠰᠠᠨᠠᠭᠤᠯᠪᠠ᠃    ᠳᠡᠭᠡᠷ᠎ᠡ ᠳᠤᠷᠠᠳᠤᠭᠰᠠᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠡᠷᠬᠡᠪᠰᠢ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄ ᠨᠢᠭᠡ ᠳᠤ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠦᠨ᠎ᠡ︔ ᠬᠤᠶᠠᠷ ᠲᠤ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ︔ ᠭᠤᠷᠪᠠ ᠳᠤ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ︔ ᠳᠥᠷᠪᠡ ᠳᠤ ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ︔ ᠲᠠᠪᠤ ᠳᠤ᠂ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ︔ ᠵᠢᠷᠭᠤᠭ᠎ᠠ ᠳᠤ᠂ ᠠᠵᠤ ᠠᠬᠤᠢ ᠶᠢᠨ ᠬᠥᠭᠵᠢᠯᠲᠡ ᠶᠢᠨ ᠨᠥᠬᠦᠴᠡᠯ ᠢ ᠰᠠᠶᠢᠵᠢᠷᠠᠭᠤᠯᠤᠨ᠎ᠠ︔ ᠳᠣᠯᠤᠭ᠎ᠠ ᠳᠤ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ︔ ᠨᠠᠢᠮᠠ ᠳᠤ᠂ ᠠᠷᠠᠳ ᠤᠨ ᠠᠮᠢᠳᠤᠷᠠᠯ ᠤᠨ  ᠠᠵᠠ ᠵᠢᠷᠭᠠᠯ ᠤᠨ ᠳᠡᠭᠡᠭᠰᠢᠯᠡᠯᠲᠡ ᠶᠢ ᠠᠬᠢᠭᠤᠯᠤᠨ᠎ᠠ᠃    ︽ᠮᠡᠳᠡᠭᠦᠯᠦᠯᠲᠡ ᠶᠢᠨ ᠲᠥᠰᠦᠯ︾ ᠳᠤ ᠬᠤᠯᠪᠣᠭᠳᠠᠬᠤ ᠰᠠᠯᠠᠭ᠎ᠠ ᠮᠥᠴᠢᠷ ᠥᠷᠭᠡᠨ᠂ ᠠᠭᠤᠯᠭ᠎ᠠ ᠣᠯᠠᠨ ᠪᠣᠯᠬᠤᠷ ᠪᠠᠰᠠ ᠵᠠᠷᠢᠮ ᠲᠤᠭ᠎ᠠ ᠨᠢ ᠣᠨᠣᠪᠴᠢ  ᠪᠠᠷ ᠬᠦᠷᠦᠯᠴᠡᠬᠦ ᠦᠭᠡᠢ᠂ ᠠᠷᠭ᠎ᠠ ᠬᠡᠮᠵᠢᠶ᠎ᠡ ᠨᠢ ᠪᠣᠳᠠᠲᠠᠶ ᠪᠢᠰᠢ᠂ ᠪᠠᠶᠢᠷᠢᠯᠠᠭᠤᠯᠤᠯᠲᠠ ᠨᠢ  ᠪᠦᠷᠢᠨ  ᠪᠣᠰᠤ  ᠪᠠᠶᠢᠬᠤ ᠲᠠᠯ᠎ᠠ ᠪᠠᠰᠠ ᠣᠷᠤᠰᠢᠵᠤ ᠪᠠᠶᠢᠭ᠎ᠠ ᠮᠠᠭᠠᠳ᠃  ᠤᠳᠤᠷᠢᠳᠤᠯᠭ᠎ᠠ ᠨᠠᠷ ᠤᠨ  ᠰᠢᠭᠦᠮᠵᠢᠯᠡᠨ ᠵᠠᠯᠠᠷᠠᠭᠤᠯᠬᠤ ᠪᠣᠯᠪᠠᠤ᠃    ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ ︕
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号