ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠨᠤᠲᠤᠭ ᠤᠨ ᠬᠢᠴᠢᠶᠡᠯ ᠪᠣᠯᠤᠨ ᠰᠤᠷᠭᠠᠭᠤᠯᠢ ᠶᠢᠨ ᠬᠢᠴᠢᠶᠡᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠶᠠᠭᠠᠬᠢᠵᠤ ᠴᠢᠩᠭᠠᠳᠬᠠᠬᠤ ᠪᠤᠢ︖ ᠰᠤᠷᠭᠠᠨ ᠬᠥᠮᠦᠵᠢᠯ ᠤᠨ ᠶᠠᠮᠤᠨ ᠠᠴᠠ ᠨᠠᠷᠢᠯᠢᠭ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2023/11/8
    ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ︽ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠨᠤᠲᠤᠭ ᠤᠨ ᠬᠢᠴᠢᠶᠡᠯ ᠪᠣᠯᠤᠨ ᠰᠤᠷᠭᠠᠭᠤᠯᠢ ᠶᠢᠨ ᠬᠢᠴᠢᠶᠡᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠳᠦᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠰᠤᠷᠭᠠᠨ ᠬᠥᠮᠦᠵᠢᠯ ᠤᠨ ᠶᠠᠮᠤᠨ ᠤ ᠵᠢᠭᠠᠬᠤ ᠮᠠᠲ᠋ᠧᠷᠢᠶᠠᠯ ᠤᠨ ᠳᠣᠪᠴᠢᠶᠠᠨ ᠤ ᠬᠠᠷᠢᠭᠤᠴᠠᠯᠭᠠᠲᠠᠨ ︽ᠰᠠᠨᠠᠯ︾ ᠳᠤ ᠬᠤᠯᠪᠤᠭᠳᠠᠬᠤ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ ᠬᠠᠮᠲᠤ ᠳᠤ ᠪᠠᠨ ᠦᠵᠡᠵᠡᠭᠡᠶ᠎ᠡ︕         1 . ︽ᠰᠠᠨᠠᠯ︾ ᠢ ᠨᠡᠶᠢᠲᠡᠯᠡᠭᠰᠡᠨ ᠠᠬᠤᠶ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖         ᠭᠤᠣᠯᠳᠠᠭᠤ ᠭᠤᠷᠪᠠᠨ ᠲᠠᠯ᠎ᠠ ᠪᠣᠢ᠃ ᠨᠢᠭᠡ ᠳᠤ᠂ ᠲᠥᠪ ᠤᠨ ︽ᠪᠥᠬᠦ ᠠᠵᠢᠯᠲᠠᠨ ᠪᠥᠬᠦ ᠶᠠᠪᠤᠴᠠ ᠳᠤ ᠪᠥᠬᠦ ᠲᠠᠯ᠎ᠠ ᠪᠠᠷ ᠬᠥᠮᠦᠨ ᠬᠥᠮᠦᠵᠢᠭᠦᠯᠬᠦ︾ ᠶᠢ ᠨᠠᠶᠢᠳᠠᠪᠤᠷᠢᠵᠢᠭᠤᠯᠬᠤ ᠱᠠᠭᠠᠷᠳᠠᠯᠭ᠎ᠠ᠃ 2019 ᠣᠨ ᠤ 3 ᠰᠠᠷ᠎ᠠ ᠳᠤ᠂ ᠶᠡᠷᠦᠩᠬᠡᠶ ᠱᠦᠵᠢ ᠰᠢ ᠶᠢᠨ ᠫᠢᠩ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠨᠠᠷ ᠤᠨ ᠶᠠᠷᠢᠯᠴᠠᠬᠤ ᠬᠤᠷᠠᠯ ᠳᠡᠭᠡᠷ᠎ᠡ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠡᠬᠢ ᠪᠠᠶᠠᠯᠢᠭ ᠢ ᠢᠯᠡᠷᠡᠭᠦᠯᠵᠦ᠂ ︽ᠪᠥᠬᠦ ᠠᠵᠢᠯᠲᠠᠨ ᠪᠥᠬᠦ ᠶᠠᠪᠤᠴᠠ ᠳᠤ ᠪᠥᠬᠦ ᠲᠠᠯ᠎ᠠ ᠪᠠᠷ ᠬᠥᠮᠦᠨ ᠬᠥᠮᠦᠵᠢᠭᠦᠯᠬᠦ︾ ᠶᠢ ᠪᠡᠶᠡᠯᠡᠭᠦᠯᠬᠦ ᠬᠡᠷᠡᠭᠲᠡᠶ ᠭᠡᠵᠦ ᠲᠣᠳᠣᠷᠬᠠᠶ ᠳᠤᠷᠠᠳᠤᠨ ᠭᠠᠷᠭᠠᠪᠠ᠃ ᠣᠷᠣᠨ ᠨᠤᠲᠤᠭ ᠤᠨ ᠬᠢᠴᠢᠶᠡᠯ ᠪᠠ ᠰᠤᠷᠭᠠᠭᠤᠯᠢ ᠶᠢᠨ ᠬᠢᠴᠢᠶᠡᠯ ᠪᠣᠯ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠳᠣᠭᠲᠠᠯᠴᠠᠭᠠᠨ ᠤ ᠴᠢᠬᠤᠯᠠ ᠪᠦᠷᠢᠯᠳᠦᠬᠦᠨ ᠬᠡᠰᠡᠭ᠂ ᠤᠯᠤᠰ ᠤᠨ ᠬᠢᠴᠢᠶᠡᠯ ᠢ ᠥᠷᠭᠡᠳᠬᠡᠨ ᠨᠥᠬᠦᠪᠥᠷᠢᠯᠡᠬᠦ ᠶᠠᠪᠤᠳᠠᠯ ᠮᠥᠨ᠃ ᠡᠷᠬᠡᠪᠰᠢ ᠣᠷᠣᠨ ᠨᠤᠲᠤᠭ ᠤᠨ ᠬᠢᠴᠢᠶᠡᠯ ᠪᠣᠯᠤᠨ ᠰᠤᠷᠭᠠᠭᠤᠯᠢ ᠶᠢᠨ ᠬᠢᠴᠢᠶᠡᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ︽ᠪᠥᠬᠦ ᠠᠵᠢᠯᠲᠠᠨ ᠪᠥᠬᠦ ᠶᠠᠪᠤᠴᠠ ᠳᠤ ᠪᠥᠬᠦ ᠲᠠᠯ᠎ᠠ ᠪᠠᠷ︾ ᠬᠥᠮᠦᠨ ᠬᠥᠮᠦᠵᠢᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠢᠴᠢᠶᠡᠯ ᠤᠨ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠴᠢᠳᠠᠮᠵᠢ ᠶᠢ ᠭᠦᠢᠴᠡᠳ ᠪᠠᠳᠠᠷᠠᠭᠤᠯᠬᠤ ᠬᠡᠷᠡᠭᠲᠡᠶ᠃ ᠬᠤᠶᠠᠷ ᠲᠤ᠂ ᠬᠢᠴᠢᠶᠡᠯ ᠤᠨ ᠳᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠴᠡᠭᠡ᠃ 1999 ᠣᠨ ᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ   ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠲᠤᠬᠠᠢ ᠲᠣᠭᠲᠠᠭᠠᠯ︾ ᠳᠤ ︽ᠤᠯᠤᠰ ᠤᠨ ᠬᠢᠴᠢᠶᠡᠯ᠂ ᠣᠷᠣᠨ ᠨᠤᠲᠤᠭ ᠤᠨ ᠬᠢᠴᠢᠶᠡᠯ ᠪᠠ ᠰᠤᠷᠭᠠᠭᠤᠯᠢ ᠶᠢᠨ ᠬᠢᠴᠢᠶᠡᠯ ᠢ ᠲᠤᠷᠰᠢᠨ ᠬᠡᠷᠡᠭᠵᠢᠭᠦᠯᠦᠨ᠎ᠡ︾ ︵ᠳᠣᠷᠣᠭᠰᠢ ︽ᠭᠤᠷᠪᠠᠨ ᠲᠦᠷᠦᠯ ᠤᠨ ᠬᠢᠴᠢᠶᠡᠯ︾ ᠭᠡᠵᠦ ᠳᠦᠭᠦᠮᠴᠢᠯᠡᠨ᠎ᠡ︶ ᠭᠡᠵᠦ ᠳᠤᠷᠠᠳᠴᠠᠢ᠃ ᠬᠤᠷᠢ ᠭᠠᠷᠤᠢ ᠵᠢᠯ ᠤᠨ ᠲᠤᠷᠰᠢ ᠡᠯ᠎ᠡ ᠭᠠᠵᠠᠷ ᠪᠠ ᠡᠯ᠎ᠡ ᠰᠤᠷᠭᠠᠭᠤᠯᠢ ᠣᠷᠣᠨ ᠨᠤᠲᠤᠭ ᠤᠨ ᠬᠢᠴᠢᠶᠡᠯ᠂ ᠰᠤᠷᠭᠠᠭᠤᠯᠢ ᠶᠢᠨ ᠬᠢᠴᠢᠶᠡᠯ ᠢ ᠢᠳᠡᠪᠬᠢᠲᠡᠢ ᠰᠦᠪᠡᠭᠴᠢᠯᠡᠨ᠂ ᠨᠡᠭᠡᠭᠡᠨ ᠬᠥᠭᠵᠢᠭᠦᠯᠦᠭᠰᠡᠨ ᠪᠥᠭᠡᠳ ᠬᠡᠷᠡᠭᠵᠢᠭᠦᠯᠵᠦ᠂ ᠬᠢᠴᠢᠶᠡᠯ ᠢᠶᠠᠷ ᠬᠥᠮᠦᠨ ᠢ ᠬᠥᠮᠦᠵᠢᠭᠦᠯᠬᠦ ᠲᠤᠷᠰᠢᠯᠭ᠎ᠠ ᠶᠢ ᠬᠤᠷᠠᠮᠳᠤᠭᠤᠯᠤᠭᠰᠠᠨ ᠪᠣᠯᠪᠠᠴᠤ ᠪᠠᠰᠠ ᠪᠠᠶᠢᠷᠢ ᠲᠣᠭᠲᠠᠭᠠᠯᠲᠠ ᠣᠨᠣᠪᠴᠢ ᠦᠭᠡᠢ᠂ ᠪᠦᠳᠦᠭᠡᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠵᠢᠭᠳᠡ ᠪᠣᠰᠤ᠂ ᠬᠠᠮᠢᠶᠠᠷᠤᠯᠲᠠ ᠭᠦᠢᠴᠡᠳ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠬᠤ ᠪᠣᠯᠬᠤᠷ ᠡᠷᠬᠡᠪᠰᠢ  ᠬᠠᠨᠳᠤᠯᠭᠠᠲᠠᠢ ᠵᠢᠯᠣᠭᠤᠳᠬᠤ ᠪᠠ ᠵᠢᠷᠤᠮᠵᠢᠭᠤᠯᠬᠤ ᠬᠡᠷᠡᠭᠲᠡᠢ᠃ ᠭᠤᠷᠪᠠ ᠳᠤ᠂ ᠣᠷᠣᠨ ᠨᠤᠲᠤᠭ ᠪᠠ ᠰᠤᠷᠭᠠᠭᠤᠯᠢ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠴᠡᠭᠡ᠃ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠲᠥᠰᠦᠯ ᠨᠢ ᠣᠷᠣᠨ ᠨᠤᠲᠤᠭ᠂ ᠰᠤᠷᠭᠠᠭᠤᠯᠢ ᠶᠢᠨ ᠬᠡᠷᠡᠭᠵᠢᠭᠦᠯᠵᠦ ᠪᠠᠶᠢᠭ᠎ᠠ ᠬᠢᠴᠢᠶᠡᠯ ᠳᠤ ᠵᠣᠬᠢᠬᠤ ᠣᠷᠣᠨ ᠵᠠᠢ ᠦᠯᠡᠳᠡᠭᠡᠵᠦ᠂ ᠬᠢᠴᠢᠶᠡᠯ ᠤᠨ ᠣᠷᠣᠨ ᠨᠤᠲᠤᠭ᠂ ᠰᠤᠷᠭᠠᠭᠤᠯᠢ᠂ ᠰᠤᠷᠤᠭᠴᠢᠳ ᠲᠤ ᠵᠣᠬᠢᠴᠠᠬᠤ ᠴᠢᠨᠠᠷ ᠢ ᠨᠡᠮᠡᠭᠳᠡᠭᠦᠯᠦᠨ᠂ ᠣᠷᠣᠨ ᠨᠤᠲᠤᠭ᠂ ᠰᠤᠷᠭᠠᠭᠤᠯᠢ ᠶᠢᠨ ᠢᠳᠡᠪᠬᠢᠵᠢᠯ ᠪᠠ ᠪᠦᠲᠦᠭᠡᠯᠴᠢ ᠴᠢᠨᠠᠷ ᠢ ᠬᠥᠭᠵᠢᠭᠡᠬᠦ ᠪᠠ ᠳᠠᠶᠢᠴᠢᠯᠠᠬᠤ ᠪᠠᠷ ᠵᠣᠷᠢᠯᠭ᠎ᠠ  ᠪᠣᠯᠭᠠᠵᠠᠢ᠃ ᠬᠢᠴᠢᠶᠡᠯ ᠤᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢᠨ ᠵᠢᠯᠣᠭᠤᠳᠣᠯᠭ᠎ᠠ ᠶᠢ ᠴᠢᠩᠭᠠᠳᠬᠠᠬᠤ ᠪᠣᠯ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ ᠨᠤᠲᠤᠭ᠂ ᠰᠤᠷᠭᠠᠭᠤᠯᠢ ᠶᠢᠨ ᠬᠢᠴᠢᠶᠡᠯ ᠤᠨ ᠪᠠᠶᠢᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠶ ᠶᠤᠮ᠃         2 . ︽ᠰᠠᠨᠠᠯ︾ ᠢ ᠰᠤᠳᠤᠯᠤᠨ ᠲᠣᠭᠲᠠᠭᠠᠭᠰᠠᠨ ᠰᠡᠳᠬᠢᠮᠵᠢ ᠶᠢ ᠲᠠᠨᠢᠯᠴᠠᠭᠤᠯᠤᠭᠠᠳ ᠥᠭᠭᠦᠨ᠎ᠡ ᠦᠦ︖         ᠭᠤᠤᠯᠳᠠᠭᠤ ᠭᠤᠷᠪᠠᠨ ᠲᠠᠯ᠎ᠠ ᠶᠢᠨ ᠪᠣᠳᠤᠯᠬᠢᠯᠠᠯ ᠪᠣᠢ᠃ ᠨᠢᠭᠡ ᠳᠤ᠂ ᠪᠦᠬᠦᠯᠢ ᠴᠣᠭᠴᠠ ᠶᠢᠨ ᠲᠥᠯᠥᠪᠵᠢᠭᠦᠯᠭᠡ ᠃ ᠤᠯᠤᠰ ᠤᠨ ᠬᠢᠴᠢᠶᠡᠯ ᠤᠨ ᠲᠥᠰᠦᠯ ᠤᠨ ᠶᠡᠷᠦᠩᠬᠡᠶ ᠲᠥᠰᠦᠪ ᠲᠤ ᠣᠷᠣᠨ ᠨᠤᠲᠤᠭ ᠤᠨ ᠬᠢᠴᠢᠶᠡᠯ ᠪᠣᠯᠤᠨ ᠰᠤᠷᠭᠠᠭᠤᠯᠢ ᠶᠢᠨ ᠬᠢᠴᠢᠶᠡᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠰᠠᠭᠤᠳᠠᠯ ᠢ ᠪᠣᠳᠣᠯᠬᠢᠯᠠᠵᠤ᠂ ᠭᠤᠷᠪᠠᠨ ᠲᠥᠷᠥᠯ ᠤᠨ ᠬᠢᠴᠢᠶᠡᠯ ᠢ ᠨᠢᠭᠡ ᠴᠣᠭᠴᠠᠵᠢᠭᠤᠯᠤᠨ ᠲᠥᠯᠥᠪᠯᠡᠬᠦ᠂ ᠬᠠᠮᠵᠢᠯᠴᠠᠨ ᠬᠥᠮᠦᠨ ᠬᠥᠮᠦᠵᠢᠭᠦᠯᠬᠦ᠂ ᠣᠨᠴᠠᠭᠠᠶᠢᠯᠠᠨ ᠭᠤᠷᠪᠠᠨ ᠲᠥᠷᠥᠯ ᠤᠨ ᠬᠢᠴᠢᠶᠡᠯ ᠤᠨ ᠬᠥᠮᠦᠨ ᠬᠥᠮᠦᠵᠢᠭᠦᠯᠬᠦ ᠴᠢᠳᠠᠮᠵᠢ᠂ ᠬᠥᠮᠦᠵᠢᠭᠦᠯᠬᠦ ᠬᠠᠷᠠᠯᠲᠠ ᠶᠢᠨ ᠨᠡᠪᠲᠡᠷᠡᠨ ᠨᠢᠭᠡᠳᠬᠦ ᠶᠢ ᠦᠨᠡᠨ ᠬᠦ ᠪᠠᠲᠤᠯᠠᠪᠠ᠃ ᠬᠤᠶᠠᠷ ᠲᠤ᠂ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠪᠠ᠃ ᠭᠤᠷᠪᠠᠨ ᠲᠥᠷᠥᠯ ᠤᠨ ᠬᠢᠴᠢᠶᠡᠯ ᠪᠣᠯ ᠪᠥᠲᠥᠭᠡᠨ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠠᠳᠠᠯᠢ ᠪᠤᠰᠤ ᠠᠴᠠ ᠪᠣᠯᠵᠣ ᠵᠥᠷᠢᠶ᠎ᠡ ᠲᠠᠢ ᠪᠠᠶᠢᠳᠠᠭ᠃ ᠣᠷᠣᠨ ᠨᠤᠲᠤᠭ ᠤᠨ ᠬᠢᠴᠢᠶᠡᠯ ᠪᠣᠯᠤᠨ ᠰᠤᠷᠭᠠᠭᠤᠯᠢ ᠶᠢᠨ ᠬᠢᠴᠢᠶᠡᠯ ᠤᠨ ᠪᠠᠶᠢᠭᠤᠯᠤᠯᠲᠠ ᠶᠢᠨ ᠵᠢᠯᠣᠭᠤᠳᠣᠯᠭ᠎ᠠ ᠶᠢ ᠴᠢᠬᠤᠯᠠᠴᠢᠯᠠᠨ ᠴᠢᠩᠭᠠᠳᠬᠠᠬᠤ ᠬᠡᠷᠡᠭᠲᠡᠶ︔ ᠡᠭᠦᠨ ᠤ ᠬᠠᠮᠲᠤ ᠪᠥᠲᠥᠭᠡᠨ ᠪᠠᠶᠢᠭᠤᠯᠤᠯᠲᠠ ᠶᠢᠨ ᠶᠠᠪᠤᠴᠠ ᠶᠢ ᠵᠢᠷᠤᠮᠵᠢᠭᠤᠯᠵᠤ᠂ ᠵᠠᠩᠭᠢᠯᠠᠭ᠎ᠠ ᠶᠢᠨ ᠭᠤᠭᠴᠤᠭᠠᠨ ᠤ ᠬᠠᠮᠢᠶᠠᠷᠤᠯᠲᠠ ᠶᠢ ᠴᠢᠩᠭᠠᠳᠬᠠᠨ᠂ ᠬᠠᠮᠢᠶᠠᠷᠤᠯᠲᠠ ᠪᠠᠷ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢ ᠴᠢᠬᠤᠯᠠᠴᠢᠯᠠᠵᠤ᠂ ᠣᠳᠣᠬᠠᠨ ᠤ ᠣᠷᠣᠨ ᠨᠤᠲᠤᠭ ᠤᠨ ᠬᠢᠴᠢᠶᠡᠯ ᠪᠠ ᠰᠤᠷᠭᠠᠭᠤᠯᠢ ᠶᠢᠨ ᠬᠢᠴᠢᠶᠡᠯ ᠳᠤ ᠣᠷᠣᠰᠢᠵᠤ ᠪᠠᠶᠢᠭ᠎ᠠ ᠠᠰᠠᠭᠤᠳᠠᠯ ᠳᠤ ᠬᠠᠨᠳᠤᠯᠭᠠᠲᠠᠢ ᠬᠠᠷᠢᠭᠤᠯᠲᠠ ᠥᠭᠪᠡ᠃ ᠭᠤᠷᠪᠠ ᠳᠤ᠂ ᠶᠡᠷᠦᠩᠬᠡᠶ ᠪᠠ ᠬᠤᠪᠢᠶᠠᠷᠢ ᠶᠢ ᠵᠣᠬᠢᠴᠠᠭᠤᠯᠪᠠ᠃ ︽ᠶᠡᠷᠦᠩᠬᠡᠶ - ᠬᠤᠪᠢᠶᠠᠷᠢ - ᠶᠡᠷᠦᠩᠬᠡᠶ︾ ᠭᠡᠬᠦ ᠯᠣᠭᠢᠭ ᠤᠨ ᠪᠦᠲᠦᠴᠡ ᠶᠢ ᠬᠡᠷᠡᠭᠯᠡᠨ᠂ ᠣᠷᠣᠨ ᠨᠤᠲᠤᠭ ᠤᠨ ᠬᠢᠴᠢᠶᠡᠯ᠂ ᠰᠤᠷᠭᠠᠭᠤᠯᠢ ᠶᠢᠨ ᠬᠢᠴᠢᠶᠡᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠨᠡᠶᠢᠲᠡᠯᠢᠭ ᠴᠢᠨᠠᠷᠲᠠᠶ ᠠᠰᠠᠭᠤᠳᠠᠯ ᠢ ᠡᠵᠡᠮᠰᠢᠵᠦ᠂ ᠶᠡᠷᠦᠩᠬᠡᠶ ᠱᠠᠭᠠᠷᠳᠠᠯᠭ᠎ᠠ ᠶᠢ ᠰᠤᠳᠤᠯᠤᠨ ᠳᠤᠷᠠᠳᠬᠤ ᠮᠥᠷᠲᠡᠭᠡᠨ ᠪᠠᠰᠠ ᠲᠣᠰ ᠲᠣᠰ ᠤᠨ ᠣᠨᠴᠠᠯᠢᠭ ᠲᠤ ᠴᠢᠭᠯᠡᠭᠦᠯᠦᠨ ᠲᠣᠰ ᠲᠣᠰ ᠤᠨ ᠱᠠᠭᠠᠷᠳᠠᠯᠭ᠎ᠠ ᠳᠤᠷᠠᠳᠪᠠ᠃ ︽ᠰᠠᠨᠠᠯ︾ ᠤᠨ ᠨᠢᠭᠡᠳᠦᠭᠡᠷ ᠬᠡᠰᠡᠭ ᠠᠴᠠ ᠭᠤᠷᠪᠠᠳᠤᠭᠠᠷ ᠬᠡᠰᠡᠭ ᠬᠦᠷᠲᠡᠯᠡᠬᠢ ᠪᠣᠯ ᠶᠡᠷᠦᠩᠬᠡᠶ ᠱᠠᠭᠠᠷᠳᠠᠯᠭ᠎ᠠ ᠪᠣᠯᠤᠨ᠎ᠠ︔ ᠳᠥᠷᠪᠡ᠂ ᠲᠠᠪᠤᠳᠤᠭᠠᠷ ᠬᠡᠰᠡᠭ ᠲᠤ ᠲᠤᠰ ᠲᠤᠰ ᠣᠷᠣᠨ ᠨᠤᠲᠤᠭ ᠤᠨ ᠬᠢᠴᠢᠶᠡᠯ ᠪᠠ ᠰᠤᠷᠭᠠᠭᠤᠯᠢ ᠶᠢᠨ ᠬᠢᠴᠢᠶᠡᠯ ᠤᠨ ᠲᠤᠬᠠᠢ ᠱᠠᠭᠠᠷᠳᠠᠯᠭ᠎ᠠ ᠳᠤᠷᠠᠳᠴᠠᠢ︔ ᠵᠢᠷᠭᠤᠭ᠎ᠠ᠂ ᠳᠣᠯᠣᠳᠤᠭᠠᠷ ᠬᠡᠰᠡᠭ ᠲᠤ ᠶᠡᠷᠦᠩᠬᠡᠢ ᠲᠠᠯ᠎ᠠ ᠠᠴᠠ ᠣᠷᠣᠨ ᠨᠤᠲᠤᠭ ᠤᠨ ᠬᠢᠴᠢᠶᠡᠯ ᠪᠠ ᠰᠤᠷᠭᠠᠭᠤᠯᠢ ᠶᠢᠨ ᠬᠢᠴᠢᠶᠡᠯ ᠤᠨ ᠬᠠᠮᠢᠶᠠᠷᠤᠯᠲᠠ ᠳᠤ ᠳᠠᠬᠢᠨᠲᠠ ᠱᠠᠭᠠᠷᠳᠠᠯᠭ᠎ᠠ ᠳᠤᠷᠠᠳᠪᠠ᠃          3 . ᠶᠠᠭᠤᠨ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠣᠷᠣᠨ ᠨᠤᠲᠤᠭ ᠤᠨ ᠬᠢᠴᠢᠶᠡᠯ ᠢ ᠲᠣᠬᠢᠷᠠᠭᠤᠯᠬᠤ ᠪᠣᠶ︖ ︽ᠰᠠᠨᠠᠯ︾ ᠳᠤ ᠣᠷᠣᠨ ᠨᠤᠲᠤᠭ ᠤᠨ ᠬᠢᠴᠢᠶᠡᠯ ᠤᠨ ᠪᠠᠶᠢᠭᠤᠯᠤᠯᠲᠠ ᠳᠤ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠶ︖         ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠣᠷᠣᠨ ᠨᠤᠲᠤᠭ ᠤᠨ ᠬᠢᠴᠢᠶᠡᠯ ᠢ ᠲᠣᠬᠢᠷᠠᠭᠤᠯᠬᠤ ᠪᠣᠯ ᠭᠤᠤᠯᠳᠠᠭᠤ ᠬᠢᠴᠢᠶᠡᠯ ᠤᠨ ᠣᠷᠣᠨ ᠨᠤᠲᠤᠭ ᠲᠤ ᠵᠣᠬᠢᠴᠠᠬᠤ ᠴᠢᠨᠠᠷ ᠢ ᠴᠢᠩᠭᠠᠳᠬᠠᠬᠤ ᠶᠢᠨ ᠲᠥᠯᠥᠭᠡ ᠶᠤᠮ᠃ ᠡᠯ᠎ᠡ ᠭᠠᠵᠠᠷ ᠤᠨ ᠪᠠᠶᠢᠭᠠᠯᠢ ᠶᠢᠨ ᠳᠦᠷᠰᠦ ᠪᠠᠶᠢᠳᠠᠯ᠂ ᠣᠷᠣᠨ ᠪᠦᠰᠡ ᠶᠢᠨ ᠠᠵᠤ ᠠᠬᠤᠢ᠂ ᠳᠠᠪᠠᠭᠤᠯᠢᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠤᠨᠴᠠᠯᠢᠬᠳᠤ ᠰᠣᠶᠣᠯ ᠵᠢᠴᠢ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ᠂ ᠪᠠᠭᠤᠷᠢ᠂ ᠳᠤᠷᠠᠰᠬᠠᠯ ᠤᠨ ᠲᠠᠯᠠᠪᠠᠢ ᠣᠷᠳᠣᠨ ᠵᠡᠷᠭᠡ ᠲᠠᠯ᠎ᠠ ᠶᠢᠨ ᠡᠬᠢ ᠪᠠᠶᠠᠯᠢᠭ ᠨᠢ ᠬᠥᠮᠦᠨ ᠬᠥᠮᠦᠵᠢᠭᠦᠯᠬᠦ ᠴᠢᠬᠤᠯᠠ ᠦᠨ᠎ᠡ ᠦᠷᠳᠡᠭ ᠲᠠᠢ ᠶᠤᠮ᠃ ᠣᠷᠣᠨ ᠨᠤᠲᠤᠭ ᠤᠨ ᠬᠢᠴᠢᠶᠡᠯ ᠢ ᠲᠤᠬᠢᠷᠠᠭᠤᠯᠬᠤ ᠪᠣᠯ ᠡᠳᠡᠭᠡᠷ ᠡᠬᠢ ᠪᠠᠶᠠᠯᠢᠭ ᠤᠨ ᠬᠥᠮᠦᠨ ᠬᠥᠮᠦᠵᠢᠭᠦᠯᠬᠦ ᠦᠷᠳᠡᠭ ᠢ ᠭᠦᠢᠴᠡᠳ ᠢᠯᠡᠷᠡᠭᠦᠯᠦᠨ᠂ ᠰᠤᠷᠤᠭᠴᠢᠳ ᠤᠨ ᠨᠤᠲᠤᠭ ᠤᠰᠤ ᠪᠠᠨ ᠲᠠᠨᠢᠬᠤ᠂ ᠣᠶᠢᠯᠠᠭᠠᠯᠲᠠ ᠪᠠᠨ ᠪᠠᠶᠠᠯᠢᠭᠵᠢᠭᠤᠯᠬᠤ᠂ ᠬᠠᠷᠠᠭᠠᠰᠤ ᠪᠠᠨ ᠥᠷᠭᠡᠳᠬᠡᠬᠦ᠂ ᠶᠡᠷᠦᠩᠬᠡᠶᠢᠯᠡᠭᠰᠡᠨ ᠬᠡᠪ ᠴᠢᠨᠠᠷ ᠢᠶᠠᠨ ᠴᠢᠩᠭᠠᠳᠬᠠᠬᠤ ᠶᠢ ᠠᠬᠢᠭᠤᠯᠤᠨ᠎ᠠ᠃         ︽ᠰᠠᠨᠠᠯ︾ ᠳᠤ ᠣᠳᠣᠬᠠᠨ ᠤ ᠣᠷᠣᠨ ᠨᠤᠲᠤᠭ ᠤᠨ ᠬᠢᠴᠢᠶᠡᠯ ᠳᠤ ᠣᠷᠣᠰᠢᠵᠤ ᠪᠠᠶᠢᠭ᠎ᠠ ᠵᠠᠷᠢᠮ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠣᠷᠣᠨ ᠨᠤᠲᠤᠭ ᠤᠨ ᠬᠢᠴᠢᠶᠡᠯ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠰᠤᠷᠤᠭᠴᠢᠳ ᠤᠨ ᠤᠯᠤᠰ ᠬᠡᠷ ᠤᠨ ᠬᠠᠶᠢᠷ᠎ᠠ ᠰᠡᠳᠬᠢᠯᠭᠡ ᠶᠢ ᠬᠠᠳᠠᠭᠠᠯᠠᠬᠤ ᠶᠢ ᠴᠢᠬᠤᠯᠠᠴᠢᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠣᠷᠣᠨ ᠨᠤᠲᠤᠭ ᠢ ᠤᠯᠤᠰ ᠣᠷᠣᠨ ᠠᠴᠠ ᠰᠠᠯᠭᠠᠬᠤ᠂ ᠣᠷᠣᠨ ᠨᠤᠲᠤᠭ ᠤᠨ ᠰᠣᠶᠣᠯ ᠪᠣᠯ ᠳᠤᠮᠳᠠᠳᠤ ᠶᠢᠨ ᠰᠣᠶᠣᠯ ᠤᠨ ᠰᠠᠯᠵᠤ ᠪᠣᠯᠤᠰᠢ ᠥᠬᠡᠶ ᠨᠢᠭᠡ ᠬᠡᠰᠡᠭ ᠪᠣᠯᠬᠤ ᠶᠢ ᠮᠠᠷᠲᠠᠬᠤ ᠠᠴᠠ ᠰᠡᠷᠭᠡᠶᠢᠯᠡᠪᠡ︔ ᠬᠢᠴᠢᠶᠡᠯ ᠤᠨ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠵᠠᠷᠴᠢᠮ ᠳᠡᠭᠡᠷ᠎ᠡ ᠪᠠᠨ ᠬᠡᠰᠡᠭ ᠣᠨ ᠳᠤ ᠨᠡᠭᠡᠭᠡᠵᠦ᠂ ᠨᠢᠭᠡ ᠣᠨ ᠳᠤ ᠬᠠᠮᠤᠭ ᠤᠨ ᠣᠯᠠᠨ ᠳᠤ ᠪᠠᠨ ᠨᠢᠭᠡ ᠬᠢᠴᠢᠶᠡᠯ ᠨᠡᠭᠡᠭᠡᠵᠦ᠂ ᠣᠷᠣᠨ ᠨᠤᠲᠤᠭ ᠤᠨ ᠬᠢᠴᠢᠶᠡᠯ ᠨᠢ ᠰᠤᠷᠭᠠᠭᠤᠯᠢ ᠶᠢᠨ ᠬᠢᠴᠢᠶᠡᠯ ᠢ ᠰᠢᠬᠠᠨ ᠡᠵᠡᠯᠡᠬᠦ ᠴᠠᠭᠠᠰᠢᠯᠠᠪᠠᠯ ᠣᠷᠣᠯᠠᠬᠤ ᠶᠢ ᠰᠡᠷᠭᠡᠶᠢᠯᠡᠪᠡ︔ ᠰᠢᠨᠵᠢᠯᠡᠬᠦ ᠤᠬᠠᠭᠠᠨᠴᠢ ᠲᠥᠯᠥᠪᠯᠡᠭᠡ ᠪᠠ ᠲᠤᠰᠬᠠᠶ ᠮᠡᠷᠭᠡᠵᠢᠯ ᠤᠨ ᠨᠤᠲᠠᠯᠠᠯᠲᠠ ᠶᠢ ᠴᠢᠩᠭᠠᠳᠬᠠᠵᠤ᠂ ᠬᠢᠴᠢᠶᠡᠯ ᠤᠨ ᠬᠥᠲᠥᠯᠪᠦᠷᠢ ᠶᠢ ᠰᠤᠳᠤᠯᠤᠨ ᠦᠢᠯᠡᠳᠬᠦ ᠶᠢ ᠵᠣᠬᠢᠶᠠᠨ ᠪᠠᠶᠢᠭᠤᠯᠵᠤ᠂ ᠶᠡᠷᠦᠩᠬᠡᠶᠢᠯᠡᠭᠰᠡᠨ ᠴᠢᠨᠠᠷ᠂ ᠦᠢᠯᠡᠳᠦᠯᠭᠡᠲᠦ ᠴᠢᠨᠠᠷ ᠢ ᠴᠢᠩᠭᠠᠷᠠᠭᠤᠯᠬᠤ ᠶᠢᠨ ᠬᠠᠮᠲᠤ ᠬᠢᠴᠢᠶᠡᠯ ᠤᠨ ᠠᠴᠢᠶᠠᠯᠠᠪᠤᠷᠢ ᠶᠢᠨ ᠬᠡᠯᠪᠡᠷᠢ ᠶᠢ ᠪᠠᠶᠠᠯᠢᠭᠵᠢᠭᠤᠯᠵᠤ᠂ ᠣᠨᠴᠠᠭᠠᠶᠢᠯᠠᠨ ᠣᠷᠣᠨ ᠨᠤᠲᠤᠭ ᠤᠨ ᠬᠢᠴᠢᠶᠡᠯ ᠤᠨ ᠴᠢᠬᠤᠯᠠ ᠴᠢᠨᠠᠷ ᠤᠨ ᠨᠤᠲᠠᠯᠠᠯᠲᠠ ᠶᠢ ᠴᠢᠩᠭᠠᠳᠬᠠᠵᠤ᠂ ᠤᠯᠤᠰ ᠤᠨ ᠬᠢᠴᠢᠶᠡᠯ ᠤᠨ ᠠᠭᠤᠯᠭ᠎ᠠ ᠲᠠᠢ ᠳᠥᠭᠦᠮᠬᠡᠨ ᠳᠠᠪᠬᠤᠷᠳᠠᠬᠤ ᠶᠢ ᠰᠡᠷᠭᠡᠶᠢᠯᠡᠪᠡ᠃         4 . ᠶᠠᠭᠤᠨ ᠳᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ ᠣᠷᠣᠨ ᠨᠤᠲᠤᠭ ᠤᠨ ᠬᠢᠴᠢᠶᠡᠯ ᠢ ᠲᠤᠬᠢᠷᠠᠭᠤᠯᠬᠤ ᠦᠭᠡᠢ ᠪᠤᠢ︖         ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠣᠷᠣᠨ ᠨᠤᠲᠤᠭ ᠤᠨ ᠬᠢᠴᠢᠶᠡᠯ ᠲᠣᠬᠢᠷᠠᠭᠤᠯᠬᠤ ᠦᠭᠡᠶ ᠭᠡᠳᠡᠭ ᠢ ᠲᠤᠰ ᠵᠠᠭᠤᠨ ᠤ ᠡᠬᠢ ᠪᠠᠷ ᠤᠯᠤᠰ ᠠᠴᠠ ᠰᠢᠨ᠎ᠡ ᠡᠭᠡᠯᠵᠢ ᠶᠢᠨ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢ ᠡᠬᠢᠯᠡᠭᠦᠯᠬᠦ ᠦᠶ᠎ᠡ ᠳᠤ ᠨᠢᠭᠡᠨᠲᠡ ᠲᠣᠳᠣᠷᠬᠠᠶᠢᠯᠠᠭᠰᠠᠨ ᠶᠤᠮ᠃ ᠰᠤᠷᠭᠠᠨ ᠬᠥᠮᠦᠵᠢᠯ ᠤᠨ ᠶᠠᠮᠤᠨ ᠤ 2003 ᠣᠨ ᠳᠤ ᠳᠠᠷᠤᠮᠠᠯᠯᠠᠨ ᠲᠠᠷᠬᠠᠭᠠᠭᠰᠠᠨ ︽ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠲᠥᠰᠦᠯ ︵ᠲᠤᠷᠰᠢᠯᠲᠠ︶︾ ᠳᠤ ᠰᠤᠷᠭᠠᠭᠤᠯᠢ ᠳᠤ ᠵᠦᠶ ᠵᠣᠬᠢᠰᠲᠠᠶ ᠪᠥᠭᠡᠳ ᠭᠦᠢᠴᠡᠳ ᠬᠢᠴᠢᠶᠡᠯ ᠢ ᠡᠵᠡᠨ ᠮᠡᠳᠡᠬᠦ ᠡᠷᠬᠡ ᠶᠢ ᠣᠯᠭᠤᠵᠤ᠂ ᠨᠡᠶᠢᠭᠡᠮ ᠤᠨ ᠬᠡᠷᠡᠭᠴᠡᠭᠡᠨ ᠤ ᠣᠯᠠᠨ ᠶᠠᠩᠵᠤᠲᠤ ᠴᠢᠨᠠᠷ ᠪᠠ ᠰᠤᠷᠤᠭᠴᠢᠳ ᠤᠨ ᠪᠥᠬᠦ ᠲᠠᠯ᠎ᠠ ᠶᠢᠨ ᠪᠥᠭᠡᠳ ᠥᠪᠡᠷᠮᠢᠴᠡ ᠬᠥᠭᠵᠢᠯᠲᠡ ᠳᠤ ᠵᠣᠬᠢᠴᠠᠭᠤᠯᠤᠨ᠎ᠠ ᠭᠡᠵᠦ ᠴᠢᠬᠤᠯᠠᠴᠢᠯᠠᠪᠠ᠃ ᠬᠠᠮᠢᠶ᠎ᠠ ᠪᠦᠬᠦᠢ ᠰᠤᠷᠭᠠᠨ ᠬᠥᠮᠦᠵᠢᠯ ᠤᠨ ᠬᠡᠷᠡᠭᠴᠡᠭᠡ ᠱᠠᠭᠠᠷᠳᠠᠯᠭ᠎ᠠ ᠶᠢ ᠰᠤᠷᠭᠠᠭᠤᠯᠢ ᠶᠢᠨ ᠬᠢᠴᠢᠶᠡᠯ ᠢᠶᠠᠷ ᠳᠠᠮᠵᠢᠨ ᠨᠠᠶᠢᠳᠠᠪᠤᠷᠢᠵᠢᠭᠤᠯᠪᠠ᠃         5 . ︽ᠰᠠᠨᠠᠯ︾ ᠳᠤ ᠰᠤᠷᠭᠠᠭᠤᠯᠢ ᠶᠢᠨ ᠬᠢᠴᠢᠶᠡᠯ ᠤᠨ ᠪᠠᠶᠢᠭᠤᠯᠤᠯᠲᠠ ᠳᠤ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠶ︖         ᠠᠯᠪᠠᠨ ᠵᠢᠷᠤᠮ ᠤᠨ ᠰᠤᠷᠭᠠᠨ ᠬᠥᠮᠦᠵᠢᠯ ᠪᠠ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ ᠰᠤᠷᠭᠠᠭᠤᠯᠢ ᠶᠢᠨ ᠬᠢᠴᠢᠶᠡᠯ ᠢ ᠲᠣᠬᠢᠷᠠᠭᠤᠯᠬᠤ ᠨᠢ ᠭᠤᠤᠯᠳᠠᠭᠤ ᠬᠢᠴᠢᠶᠡᠯ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠬᠢᠴᠢᠶᠡᠯ ᠤᠨ ᠰᠣᠷᠣᠭᠴᠢ ᠪᠠ ᠰᠤᠷᠭᠠᠭᠤᠯᠢ ᠳᠤ ᠵᠣᠬᠢᠴᠠᠬᠤ ᠴᠢᠨᠠᠷ ᠢ ᠨᠡᠮᠡᠭᠳᠡᠭᠦᠯᠬᠦ ᠶᠢᠨ ᠲᠥᠯᠥᠭᠡ ᠶᠤᠮ᠃ ᠤᠯᠤᠰ ᠤᠨ ᠬᠢᠴᠢᠶᠡᠯ ᠬᠠᠮᠲᠤ ᠶᠢᠨ ᠰᠠᠭᠤᠷᠢ ᠶᠢ ᠰᠠᠶᠢᠲᠤᠷ ᠲᠠᠯᠪᠢᠬᠤ ᠶᠢ ᠴᠢᠬᠤᠯᠠᠴᠢᠯᠠᠵᠤ᠂ ᠵᠣᠬᠢᠬᠤ ᠰᠣᠩᠭᠤᠯᠲᠠ ᠶᠢᠨ ᠴᠢᠨᠠᠷ ᠢ ᠢᠯᠡᠷᠡᠭᠦᠯᠦᠭᠰᠡᠨ ᠪᠣᠯᠪᠠᠴᠤ ᠰᠤᠷᠤᠭᠴᠢᠳ ᠤᠨ ᠥᠪᠡᠷᠮᠢᠴᠡ ᠰᠤᠷᠤᠯᠴᠠᠬᠤ ᠬᠡᠷᠡᠭᠴᠡᠭᠡ ᠶᠢ ᠭᠦᠢᠴᠡᠳ ᠬᠠᠩᠭᠠᠵᠤ ᠴᠢᠳᠠᠬᠤ ᠥᠬᠡᠶ ᠪᠠᠶᠢᠨ᠎ᠠ᠃ ᠵᠣᠬᠢᠬᠤ ᠰᠤᠷᠭᠠᠭᠤᠯᠢ ᠶᠢᠨ ᠬᠢᠴᠢᠶᠡᠯ ᠢ ᠲᠣᠬᠢᠷᠠᠭᠤᠯᠬᠤ ᠪᠣᠯ ᠰᠤᠷᠤᠭᠴᠢᠳ ᠤᠨ ᠳᠤᠷ᠎ᠠ ᠰᠣᠨᠢᠷᠬᠠᠯ᠂ ᠬᠥᠭᠵᠢᠯᠲᠡ ᠶᠢᠨ ᠣᠨᠴᠠᠯᠢᠭ ᠢ ᠬᠥᠮᠦᠵᠢᠭᠦᠯᠬᠦ ᠳᠤ ᠤᠯᠠᠮ ᠨᠢᠭᠡ ᠠᠯᠬᠤᠮ ᠳᠡᠮᠵᠢᠯᠭᠡ ᠬᠠᠩᠭᠠᠵᠤ ᠪᠣᠯᠤᠨ᠎ᠠ︔ ᠡᠭᠦᠨ ᠤ ᠬᠠᠮᠲᠤ ᠪᠠᠰᠠ ᠰᠤᠷᠭᠠᠭᠤᠯᠢ ᠶᠢᠨ ᠰᠣᠶᠣᠯ ᠢ ᠢᠯᠡᠷᠡᠭᠦᠯᠵᠦ᠂ ᠪᠠᠭᠰᠢ ᠶᠢᠨ ᠲᠤᠰᠬᠠᠶ ᠮᠡᠷᠭᠡᠵᠢᠯ ᠤᠨ ᠬᠥᠭᠵᠢᠯᠲᠡ ᠶᠢ ᠠᠬᠢᠭᠤᠯᠵᠤ ᠪᠣᠯᠤᠨ᠎ᠠ᠃         ᠰᠤᠷᠭᠠᠭᠤᠯᠢ ᠶᠢᠨ ᠬᠢᠴᠢᠶᠡᠯ ᠤᠨ ᠪᠠᠶᠢᠭᠤᠯᠤᠯᠲᠠ ᠶᠢᠨ ᠲᠠᠯ᠎ᠠ ᠪᠠᠷ ︽ᠰᠠᠨᠠᠯ︾ ᠳᠤ᠂ ᠪᠠᠭᠰᠢ᠂ ᠨᠡᠶᠢᠭᠡᠮ ᠤᠨ  ᠬᠢᠨ ᠪᠣᠯᠤᠨ ᠬᠡᠷ ᠤᠨ ᠠᠬᠠᠮᠠᠳ ᠵᠡᠷᠭᠡ ᠣᠯᠠᠨ ᠲᠠᠯ᠎ᠠ ᠶᠢᠨ ᠣᠷᠣᠯᠴᠠᠭᠰᠠᠨ ᠰᠤᠷᠭᠠᠭᠤᠯᠢ ᠶᠢᠨ ᠬᠢᠴᠢᠶᠡᠯ ᠢ ᠨᠡᠭᠡᠭᠡᠨ ᠬᠥᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠴᠥᠭᠡᠨ ᠲᠣᠭᠠᠨ ᠤ ᠭᠤᠤᠯᠯᠠᠭᠴᠢ ᠪᠠᠭᠰᠢ ᠭᠠᠭᠴᠠᠭᠠᠷ ᠡᠵᠡᠮᠳᠡᠵᠦ ᠪᠣᠯᠬᠤ ᠥᠬᠡᠶ︔ ᠰᠤᠷᠭᠠᠭᠤᠯᠢ ᠶᠢᠨ ᠬᠢᠴᠢᠶᠡᠯ ᠢ ᠨᠡᠭᠡᠭᠡᠬᠦ ᠴᠤᠪᠤᠷᠠᠯ ᠢ ᠵᠢᠷᠤᠮᠵᠢᠭᠤᠯᠵᠤ᠂ ᠰᠤᠷᠤᠭᠴᠢ ᠶᠢᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠴᠠᠭᠠᠯᠲᠠ᠂ ᠲᠤᠰᠬᠠᠶ ᠮᠡᠷᠭᠡᠵᠢᠯ ᠤᠨ ᠨᠤᠲᠠᠯᠠᠯᠲᠠ ᠪᠠ ᠬᠡᠷᠡᠭᠵᠢᠭᠦᠯᠦᠯᠲᠡ ᠶᠢᠨ ᠦᠨᠡᠯᠡᠨ ᠵᠢᠱᠢᠯᠲᠡ ᠶᠢ ᠴᠢᠩᠭᠠᠳᠬᠠᠨ᠂ ᠶᠡᠷᠦᠩᠬᠡᠶᠢᠯᠡᠭᠰᠡᠨ ᠴᠢᠨᠠᠷ᠂ ᠦᠢᠯᠡᠳᠦᠯᠭᠡᠲᠦ ᠴᠢᠨᠠᠷ ᠪᠠ  ᠰᠣᠩᠭᠤᠬᠤ ᠴᠢᠨᠠᠷ ᠢ ᠴᠢᠩᠭᠠᠷᠠᠭᠤᠯᠬᠤ ᠬᠡᠷᠡᠭᠲᠡᠶ︔ ᠣᠯᠠᠨ ᠵᠦᠢᠯ ᠤᠨ ᠬᠡᠯᠪᠡᠷᠢ ᠮᠠᠶ᠋ᠢᠭ ᠤᠨ ᠬᠢᠴᠢᠶᠡᠯ ᠤᠨ ᠡᠬᠢ ᠪᠠᠶᠠᠯᠢᠭ ᠢ ᠨᠡᠭᠡᠭᠡᠨ ᠬᠡᠷᠡᠭᠯᠡᠬᠦ ᠶᠢ ᠵᠣᠷᠢᠭᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ︽ᠰᠠᠨᠠᠯ︾ ᠳᠤ ︽ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ᠳᠤ ᠵᠠᠷᠴᠢᠮ ᠳᠡᠭᠡᠷ᠎ᠡ ᠪᠠᠨ ᠰᠤᠷᠭᠠᠭᠤᠯᠢ ᠶᠢᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠬᠡᠪᠯᠡᠬᠦ ᠥᠬᠡᠶ ᠭᠡᠬᠦ ᠲᠣᠭᠲᠠᠭᠠᠯ ᠢ ᠳᠠᠬᠢᠨᠲᠠ ᠲᠣᠳᠣᠷᠬᠠᠶᠢᠯᠠᠪᠠ᠃             6 . ᠶᠠᠭᠤᠨ ᠳᠤ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠬᠤ ᠬᠡᠷᠡᠭᠲᠡᠢ ᠪᠤᠢ︖ ︽ᠰᠠᠨᠠᠯ︾ ᠳᠤ ᠭᠤᠷᠪᠠᠨ ᠲᠥᠷᠥᠯ ᠤᠨ ᠬᠢᠴᠢᠶᠡᠯ ᠢ ᠨᠢᠭᠡᠳᠦᠯᠲᠡᠶ ᠲᠥᠯᠥᠪᠵᠢᠭᠦᠯᠬᠦ ᠳᠤ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠶ︖         ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠭᠤᠷᠪᠠᠨ ᠲᠥᠷᠥᠯ ᠤᠨ ᠬᠢᠴᠢᠶᠡᠯ ᠭᠡᠳᠡᠭ ᠨᠢ ᠤᠯᠤᠰ ᠤᠨ ᠬᠢᠴᠢᠶᠡᠯ᠂ ᠣᠷᠣᠨ ᠨᠤᠲᠤᠭ ᠤᠨ ᠬᠢᠴᠢᠶᠡᠯ ᠪᠠ ᠰᠤᠷᠭᠠᠭᠤᠯᠢ ᠶᠢᠨ ᠬᠢᠴᠢᠶᠡᠯ ᠪᠣᠯᠤᠨ᠎ᠠ︔ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠭᠤᠷᠪᠠᠨ ᠲᠥᠷᠥᠯ ᠤᠨ ᠬᠢᠴᠢᠶᠡᠯ ᠪᠣᠯ ᠵᠠᠪᠠᠯ ᠰᠤᠷᠬᠤ ᠬᠢᠴᠢᠶᠡᠯ᠂ ᠰᠣᠩᠭᠤᠨ ᠵᠠᠪᠠᠯ ᠰᠤᠷᠬᠤ ᠬᠢᠴᠢᠶᠡᠯ ᠪᠠ ᠰᠣᠩᠭᠤᠨ ᠰᠤᠷᠬᠤ ᠬᠢᠴᠢᠶᠡᠯ ᠢ ᠵᠢᠭᠠᠨ᠎ᠠ᠂ ᠡᠭᠦᠨ ᠳᠤ ᠵᠠᠪᠠᠯ ᠰᠤᠷᠬᠤ ᠬᠢᠴᠢᠶᠡᠯ ᠪᠠ ᠰᠣᠩᠭᠤᠨ ᠵᠠᠪᠠᠯ ᠰᠤᠷᠬᠤ ᠬᠢᠴᠢᠶᠡᠯ ᠪᠣᠯ ᠴᠥᠮ ᠤᠯᠤᠰ ᠤᠨ ᠬᠢᠴᠢᠶᠡᠯ ᠪᠠᠶᠢᠵᠤ᠂ ᠰᠣᠩᠭᠤᠨ ᠰᠤᠷᠬᠤ ᠬᠢᠴᠢᠶᠡᠯ ᠪᠣᠯ ᠰᠤᠷᠭᠠᠭᠤᠯᠢ ᠶᠢᠨ ᠬᠢᠴᠢᠶᠡᠯ ᠪᠣᠯᠤᠨ᠎ᠠ᠃ ᠬᠡᠳᠦ᠋ᠢᠪᠡᠷ ᠭᠤᠷᠪᠠᠨ ᠲᠥᠷᠥᠯ ᠤᠨ ᠬᠢᠴᠢᠶᠡᠯ ᠤᠨ ᠪᠣᠳᠠᠲᠠᠶ ᠴᠢᠳᠠᠮᠵᠢ ᠶᠢᠨ ᠪᠠᠶᠢᠷᠢ ᠲᠣᠭᠲᠠᠭᠠᠯᠲᠠ᠂ ᠭᠤᠤᠯ ᠰᠡᠳᠦᠪ ᠠᠭᠤᠯᠭ᠎ᠠ ᠵᠢᠴᠢ ᠨᠡᠭᠡᠭᠡᠨ ᠬᠥᠭᠵᠢᠭᠦᠯᠬᠦ ᠭᠤᠤᠯ ᠴᠣᠭᠴᠠ ᠶᠢᠨ ᠲᠠᠯ᠎ᠠ ᠪᠠᠷ ᠵᠥᠷᠢᠶ᠎ᠡ ᠲᠠᠢ ᠪᠣᠯᠪᠠᠴᠤ ᠲᠡᠳᠡᠭᠡᠷ ᠨᠢ ᠬᠦᠰᠡᠯᠡᠩ ᠲᠠᠢ᠂ ᠴᠢᠳᠠᠪᠤᠷᠢ ᠲᠠᠢ᠂ ᠬᠠᠷᠢᠭᠤᠴᠠᠯᠭ᠎ᠠ ᠲᠠᠢ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠬᠡᠷᠡᠭᠴᠡᠭᠡ ᠶᠢ ᠳᠠᠭᠠᠬᠤ ᠶᠢᠨ ᠬᠠᠮᠲᠤ ᠲᠡᠭᠦᠨ ᠳᠤ ᠦᠢᠯᠡᠴᠢᠯᠡᠳᠡᠭ᠂ ᠡᠶᠢᠮᠦ ᠠᠴᠠ ᠡᠷᠬᠡᠪᠰᠢ ᠨᠢᠭᠡᠳᠦᠯᠲᠡᠶ ᠲᠥᠯᠥᠪᠵᠢᠭᠦᠯᠬᠦ ᠶᠢ ᠴᠢᠩᠭᠠᠳᠬᠠᠵᠤ᠂ ᠣᠨᠴᠠᠭᠠᠶᠢᠯᠠᠨ ᠣᠷᠣᠨ ᠨᠤᠲᠤᠭ ᠤᠨ ᠬᠢᠴᠢᠶᠡᠯ᠂ ᠰᠤᠷᠭᠠᠭᠤᠯᠢ ᠶᠢᠨ ᠬᠢᠴᠢᠶᠡᠯ ᠪᠣᠯᠤᠨ ᠤᠯᠤᠰ ᠤᠨ ᠬᠢᠴᠢᠶᠡᠯ ᠤᠨ ᠪᠦᠲᠦᠮᠵᠢᠲᠡᠶ ᠬᠠᠮᠵᠢᠯᠴᠠᠭ᠎ᠠ ᠶᠢ ᠴᠢᠩᠭᠠᠳᠬᠠᠵᠤ᠂ ᠬᠢᠴᠢᠶᠡᠯ ᠢᠶᠠᠷ ᠬᠥᠮᠦᠨ ᠢ ᠬᠥᠮᠦᠵᠢᠭᠦᠯᠬᠦ ᠬᠠᠮ ᠬᠦᠴᠦᠨ ᠢ ᠪᠦᠷᠢᠯᠳᠦᠭᠦᠯᠬᠦ ᠬᠡᠷᠡᠭᠲᠡᠶ᠃ ︽ᠰᠠᠨᠠᠯ︾ ᠳᠤ ᠭᠤᠷᠪᠠᠨ ᠲᠥᠷᠥᠯ ᠤᠨ ᠬᠢᠴᠢᠶᠡᠯ ᠤᠨ ᠬᠠᠷᠢᠴᠠᠭ᠎ᠠ ᠶᠢ ᠲᠣᠳᠤᠷᠬᠠᠶᠢᠯᠠᠬᠤ ᠬᠡᠷᠡᠭᠲᠡᠶ ᠭᠡᠵᠦ ᠱᠠᠭᠠᠷᠳᠠᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠤᠯᠤᠰ ᠤᠨ ᠬᠢᠴᠢᠶᠡᠯ ᠢᠶᠠᠷ ᠭᠤᠤᠯ ᠴᠣᠭᠴᠠ ᠪᠣᠯᠭᠠᠭᠰᠠᠨ᠂ ᠣᠷᠣᠨ ᠨᠤᠲᠤᠭ ᠤᠨ ᠬᠢᠴᠢᠶᠡᠯ ᠪᠣᠯᠤᠨ ᠰᠤᠷᠭᠠᠭᠤᠯᠢ ᠶᠢᠨ ᠬᠢᠴᠢᠶᠡᠯ ᠢᠶᠠᠷ ᠴᠢᠬᠤᠯᠠ ᠥᠷᠭᠡᠳᠬᠡᠯ ᠪᠠ ᠠᠰᠢᠭᠲᠠᠶ ᠨᠥᠬᠦᠪᠥᠷᠢ ᠪᠣᠯᠭᠠᠭᠰᠠᠨ ᠬᠢᠴᠢᠶᠡᠯ ᠤᠨ ᠳᠣᠭᠲᠠᠯᠴᠠᠭ᠎ᠠ ᠶᠢ ᠪᠠᠶᠢᠭᠤᠯᠤᠨ᠎ᠠ︔ ᠡᠩ ᠤᠨ ᠳᠡᠭᠡᠳᠦ ᠵᠡᠷᠭᠡ ᠶᠢᠨ ᠡᠯ᠎ᠡ ᠳᠤᠮᠳᠠᠳᠤ ᠰᠤᠷᠭᠠᠭᠤᠯᠢ ᠰᠠᠭᠤᠷᠢ ᠴᠢᠨᠠᠷᠲᠠᠶ ᠪᠠᠶᠢᠬᠤ ᠶᠢ ᠪᠠᠲᠤᠯᠠᠨ᠂ ᠰᠣᠩᠭᠤᠯᠲᠠᠲᠤ ᠴᠢᠨᠠᠷ ᠢ ᠨᠠᠶᠢᠳᠠᠪᠤᠷᠢᠵᠢᠭᠤᠯᠵᠤ᠂ ᠨᠡᠭᠡᠭᠡᠯᠲᠡᠲᠦ ᠴᠢᠨᠠᠷ ᠢ ᠨᠡᠮᠡᠭᠳᠡᠭᠦᠯᠬᠦ ᠬᠡᠷᠡᠭᠲᠡᠶ᠂ ᠰᠣᠩᠭᠤᠨ ᠰᠤᠷᠬᠤ ᠬᠢᠴᠢᠶᠡᠯ ᠤᠨ ᠠᠭᠤᠯᠭ᠎ᠠ ᠨᠢ ᠬᠢᠴᠢᠶᠡᠯ ᠤᠨ ᠲᠥᠰᠦᠯ ᠳᠤ ᠲᠣᠭᠲᠠᠭᠠᠭᠰᠠᠨ ᠬᠢᠴᠢᠶᠡᠯ ᠳᠤ ᠬᠢᠵᠠᠭᠠᠷᠯᠠᠭᠳᠠᠬᠤ ᠦᠭᠡᠶ ᠪᠠᠶᠢᠵᠤ᠂ ᠬᠦᠷᠢᠶ᠎ᠡ ᠬᠡᠪᠴᠢᠶ᠎ᠡ ᠪᠠᠨ ᠥᠷᠭᠡᠳᠬᠡᠬᠦ ᠶᠢ ᠴᠢᠬᠤᠯᠠᠴᠢᠯᠠᠨ᠂ ᠶᠠᠩᠵᠤ ᠬᠡᠯᠪᠡᠷᠢ ᠪᠠᠨ ᠪᠠᠶᠠᠯᠢᠭᠵᠢᠭᠤᠯᠬᠤ ᠬᠡᠷᠡᠭᠲᠡᠶ᠃ ᠡᠭᠦᠨ ᠤ ᠬᠠᠮᠲᠤ ᠮᠤᠵᠢ ᠶᠢᠨ ᠱᠠᠲᠤ ᠪᠠ ᠰᠤᠷᠭᠠᠭᠤᠯᠢ ᠬᠤᠶᠠᠷ ᠲᠠᠯ᠎ᠠ ᠠᠴᠠ ᠨᠢᠭᠡᠳᠦᠯᠲᠡᠶ ᠲᠥᠯᠥᠪᠵᠢᠭᠦᠯᠬᠦ ᠶᠢ ᠴᠢᠩᠭᠠᠳᠬᠠᠨ᠎ᠠ ᠭᠡᠵᠦ ᠳᠤᠷᠠᠳᠪᠠ᠃ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯ ᠲᠣᠰ ᠭᠠᠵᠠᠷ ᠣᠷᠣᠨ ᠤ ᠤᠯᠤᠰ ᠤᠨ ᠬᠢᠴᠢᠶᠡᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠭᠤᠤᠯ ᠴᠣᠭᠴᠠ ᠮᠥᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠬᠡᠷᠡᠭᠵᠢᠭᠦᠯᠬᠦ ᠠᠷᠭ᠎ᠠ ᠪᠠ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠬᠡᠷᠡᠭᠵᠢᠭᠦᠯᠬᠦ ᠵᠢᠯᠣᠭᠤᠳᠬᠤ ᠰᠠᠨᠠᠯ ᠢ ᠲᠣᠭᠲᠠᠭᠠᠨ ᠬᠡᠷᠡᠭᠵᠢᠭᠦᠯᠬᠦ ᠪᠠᠷ ᠳᠠᠮᠵᠢᠭᠤᠯᠤᠨ᠂ ᠭᠤᠷᠪᠠᠨ ᠲᠥᠷᠥᠯ ᠤᠨ ᠬᠢᠴᠢᠶᠡᠯ ᠤᠨ ᠬᠠᠮᠵᠢᠯᠴᠠᠨ ᠬᠥᠮᠦᠨ ᠬᠥᠮᠦᠵᠢᠭᠦᠯᠬᠦ ᠶᠢ ᠠᠬᠢᠭᠤᠯᠬᠤ ᠬᠡᠷᠡᠭᠲᠡᠶ᠃ ᠰᠤᠷᠭᠠᠭᠤᠯᠢ ᠪᠣᠯ ᠲᠤᠰ ᠰᠤᠷᠭᠠᠭᠤᠯᠢ ᠶᠢᠨ ᠤᠯᠤᠰ ᠤᠨ ᠬᠢᠴᠢᠶᠡᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠬᠤᠷ ᠬᠢᠴᠢᠶᠡᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠬᠤ ᠶᠢᠨ ᠬᠠᠮᠲᠤ ᠬᠡᠷᠡᠭᠵᠢᠭᠦᠯᠬᠦ ᠪᠠᠷ ᠳᠠᠮᠵᠢᠭᠤᠯᠤᠨ᠂ ᠤᠯᠤᠰ ᠤᠨ ᠬᠢᠴᠢᠶᠡᠯ ᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠬᠢᠴᠢᠶᠡᠯ ᠢ ᠨᠡᠭᠡᠭᠡᠬᠦ ᠶᠢ ᠵᠢᠷᠤᠮᠵᠢᠭᠤᠯᠤᠨ᠂ ᠰᠤᠷᠭᠠᠭᠤᠯᠢ ᠶᠢᠨ ᠬᠢᠴᠢᠶᠡᠯ ᠢ ᠵᠦᠢ ᠵᠣᠬᠢᠰᠲᠠᠶ ᠨᠡᠭᠡᠭᠡᠵᠦ᠂ ᠬᠠᠮᠢᠶ᠎ᠠ ᠪᠦᠬᠦᠢ ᠠᠭᠤᠯᠭ᠎ᠠ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠰᠠᠶᠢᠲᠤᠷ ᠬᠢᠵᠦ᠂ ᠡᠮᠬᠢᠯᠡᠨ ᠨᠡᠶᠢᠯᠡᠭᠦᠯᠵᠦ ᠬᠡᠷᠡᠭᠵᠢᠭᠦᠯᠦᠨ᠎ᠡ᠃         7 . ᠡᠯ᠎ᠡ ᠲᠦᠷᠦᠯ ᠤᠨ ᠲᠤᠰᠬᠠᠢ ᠰᠡᠳᠦᠪᠲᠦ ᠰᠤᠷᠭᠠᠨ ᠬᠥᠮᠦᠵᠢᠯ ᠡᠩ ᠤᠨ ᠪᠠᠶᠢᠳᠠᠯ ᠳᠤ ᠶᠠᠭᠠᠬᠢᠭᠠᠳ ᠲᠤᠰᠠᠭᠠᠷ ᠬᠢᠴᠢᠶᠡᠯ ᠲᠤᠬᠢᠷᠠᠭᠤᠯᠬᠤ ᠦᠭᠡᠢ ᠪᠤᠢ︖         ︽ᠰᠠᠨᠠᠯ︾ ᠳᠤ᠂ ᠡᠯ᠎ᠡ ᠲᠥᠷᠥᠯ ᠤᠨ ᠲᠤᠰᠬᠠᠶ ᠰᠡᠳᠦᠪᠲᠦ ᠬᠥᠮᠦᠵᠢᠯ ᠢ ᠠᠭᠤᠰᠤᠯᠴᠠᠭᠤᠯᠬᠤ ᠪᠠᠷ ᠭᠤᠤᠯ ᠪᠣᠯᠭᠠᠵᠤ᠂ ᠵᠠᠷᠴᠢᠮ ᠳᠡᠭᠡᠷ᠎ᠡ ᠪᠠᠨ ᠲᠤᠰᠠᠭᠠᠷ ᠬᠢᠴᠢᠶᠡᠯ ᠲᠣᠬᠢᠷᠠᠭᠤᠯᠬᠤ ᠥᠬᠡᠶ᠃ ᠤᠢᠢᠷ᠎ᠠ ᠶᠢᠨ ᠵᠢᠯ᠂ ᠰᠤᠷᠭᠠᠨ ᠬᠥᠮᠦᠵᠢᠯ ᠤᠨ ᠶᠠᠮᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠶᠢ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ ᠠᠵᠢᠯ ᠢ ᠪᠠᠶᠢᠷᠢᠯᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯ ᠤᠨ ᠤᠯᠠᠮᠵᠢᠯᠠᠯ᠂ ᠬᠥᠳᠡᠯᠮᠦᠷᠢ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ᠂ ᠤᠯᠤᠰ ᠤᠨ ᠪᠠᠲᠤᠯᠠᠨ ᠬᠠᠮᠠᠭᠠᠯᠠᠯᠲᠠ᠂ ᠠᠮᠢ ᠨᠠᠰᠤᠨ ᠤ ᠠᠮᠤᠷ ᠲᠦᠪᠰᠢᠨ ᠪᠣᠯᠤᠨ ᠡᠷᠡᠭᠦᠯ ᠮᠡᠨᠳᠦ ᠵᠡᠷᠭᠡ ᠴᠢᠬᠤᠯᠠ ᠶᠡᠭᠡ ᠭᠤᠣᠯ ᠰᠡᠳᠦᠪᠲᠦ ᠬᠥᠮᠦᠵᠢᠯ ᠢ ᠵᠢᠭᠠᠬᠤ ᠮᠠᠲ᠋ᠧᠷᠢᠶᠠᠯ ᠳᠤ ᠰᠢᠰᠲ᠋ᠧᠮ ᠲᠠᠢ ᠲᠥᠯᠦᠪᠯᠡᠬᠦ ᠪᠠ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠠᠯᠢ ᠤᠯᠠᠨ ᠵᠦᠭᠯᠡᠭᠦᠷ ᠪᠤᠶᠤ ᠵᠢᠯᠣᠭᠤᠳᠬᠤ ᠬᠥᠲᠥᠯᠪᠦᠷᠢ ᠶᠢ ᠳᠠᠷᠤᠮᠠᠯᠯᠠᠨ ᠲᠠᠷᠬᠠᠭᠠᠵᠤ᠂ ︽ᠶᠠᠭᠤ ᠶᠢ ᠣᠷᠣᠭᠤᠯᠬᠤ︾᠂ ︽ᠶᠠᠭᠠᠬᠢᠵᠤ ᠣᠷᠣᠭᠤᠯᠬᠤ︾᠂ ︽ᠶᠠᠭᠠᠬᠢᠵᠤ ᠵᠢᠭᠠᠬᠤ︾ ᠵᠡᠷᠭᠡ ᠶᠢ ᠲᠣᠳᠣᠷᠬᠠᠶᠢᠯᠠᠪᠠ᠃ ᠰᠠᠭᠤᠷᠢ ᠰᠤᠷᠭᠠᠨ ᠬᠥᠮᠦᠵᠢᠯ ᠨᠢ ᠰᠠᠭᠤᠷᠢ ᠴᠢᠨᠠᠷᠲᠠᠢ᠂ ᠶᠡᠷᠦᠩᠬᠡᠶᠢᠯᠡᠭᠰᠡᠨ ᠣᠨᠴᠠᠯᠢᠭ ᠲᠠᠢ ᠪᠠᠶᠢᠵᠤ᠂ ᠢᠩᠭᠢᠵᠦ ᠲᠤᠬᠢᠷᠠᠭᠤᠯᠬᠤ ᠨᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠵᠢᠮ᠎ᠡ ᠶᠣᠰᠣᠨ ᠳᠤ ᠨᠡᠶᠢᠴᠡᠵᠦ᠂ ᠬᠥᠮᠦᠨ ᠬᠥᠮᠦᠵᠢᠭᠦᠯᠬᠦ ᠬᠠᠷᠠᠯᠲᠠ᠂ ᠰᠤᠷᠭᠠᠨ ᠬᠥᠮᠦᠵᠢᠯ ᠤᠨ ᠠᠭᠤᠯᠭ᠎ᠠ ᠶᠢᠨ ᠱᠠᠭᠠᠷᠳᠠᠯᠭ᠎ᠠ᠂ ᠵᠢᠭᠠᠨ ᠰᠤᠷᠭᠠᠯᠲᠠ ᠶᠢᠨ ᠲᠤᠬᠢᠷᠠᠭᠤᠯᠤᠯᠳᠠ ᠵᠡᠷᠭᠡ ᠶᠢ ᠨᠢᠭᠡᠳᠦᠯᠲᠡᠢ ᠲᠥᠯᠥᠪᠵᠢᠭᠦᠯᠬᠦ ᠳᠤ ᠠᠰᠢᠭᠲᠠᠢ ᠪᠠᠶᠢᠵᠤ᠂ ᠤᠯᠤᠰ ᠤᠨ ᠬᠢᠴᠢᠶᠡᠯ ᠲᠠᠢ ᠰᠠᠯᠤᠩᠭᠢᠷᠠᠬᠤ ᠪᠤᠶᠤ ᠳᠥᠭᠦᠮᠬᠡᠨ ᠢᠶᠠᠷ ᠳᠠᠪᠬᠤᠷᠳᠠᠬᠤ ᠠᠴᠠ ᠵᠠᠶᠢᠯᠠᠰᠬᠢᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠡᠳᠤ ᠬᠦᠨᠳᠦ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠬᠥᠩᠭᠡᠷᠡᠭᠦᠯᠵᠦ ᠪᠣᠯᠤᠨ᠎ᠠ᠃ ᠤᠯᠤᠰ ᠤᠨ ᠬᠢᠴᠢᠶᠡᠯ ᠪᠠ ᠵᠢᠭᠠᠬᠤ ᠮᠠᠲ᠋ᠧᠷᠢᠶᠠᠯ ᠳᠤ ᠵᠠᠰᠠᠪᠤᠷᠢ ᠣᠷᠣᠭᠤᠯᠬᠤ ᠦᠶ᠎ᠡ ᠳᠤ ᠨᠢᠭᠡᠨᠲᠡ ᠬᠤᠯᠪᠣᠭᠳᠠᠯ ᠪᠦᠬᠦᠢ ᠱᠠᠭᠠᠷᠳᠠᠯᠭ᠎ᠠ ᠶᠢ ᠣᠷᠣᠭᠤᠯᠤᠭᠰᠠᠨ ᠪᠠᠶᠢᠨ᠎ᠠ᠃ ᠳᠠᠷᠠᠭ᠎ᠠ ᠠᠯᠬᠤᠮ ᠳᠤ ᠤᠯᠤᠰ ᠤᠨ ᠬᠢᠴᠢᠶᠡᠯ ᠢᠶᠠᠷ ᠭᠤᠤᠯ ᠪᠣᠯᠭᠠᠵᠤ᠂ ᠲᠤᠰᠬᠠᠶ ᠰᠡᠳᠦᠪᠲᠦ ᠰᠤᠷᠭᠠᠨ ᠬᠥᠮᠦᠵᠢᠯ ᠤᠨ ᠱᠠᠭᠠᠷᠳᠠᠯᠭ᠎ᠠ ᠶᠢ ᠡᠳᠦᠷ ᠲᠤᠲᠤᠮ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭᠠᠨ ᠳᠤ ᠨᠠᠶᠢᠳᠠᠪᠤᠷᠢᠵᠢᠭᠤᠯᠵᠤ᠂ ᠬᠥᠮᠦᠨ ᠬᠥᠮᠦᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃         8 . ︽ᠰᠠᠨᠠᠯ︾ ᠳᠤ ᠣᠷᠣᠨ ᠨᠤᠲᠤᠭ ᠪᠠ ᠰᠤᠷᠭᠠᠭᠤᠯᠢ ᠶᠢᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠬᠢᠨᠠᠨ ᠵᠥᠪᠯᠡᠵᠦ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠬᠤ ᠲᠤᠬᠠᠶ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠶ︖         ︽ᠰᠠᠨᠠᠯ︾ ᠳᠤ᠂ ᠡᠯ᠎ᠡ ᠭᠠᠵᠠᠷ ᠤᠨ ᠬᠢᠨ ᠣᠷᠣᠨ ᠨᠤᠲᠤᠭ ᠤᠨ ᠬᠢᠴᠢᠶᠡᠯ ᠪᠠ ᠰᠤᠷᠭᠠᠭᠤᠯᠢ ᠶᠢᠨ ᠬᠢᠴᠢᠶᠡᠯ ᠢ ᠬᠢᠨᠠᠨ ᠵᠥᠪᠯᠡᠵᠦ ᠬᠢᠨᠠᠨ ᠪᠠᠶᠢᠴᠠᠭᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠨᠢᠭᠡ ᠳᠤ᠂ ︽ᠪᠠᠶᠢᠭᠤᠯᠬᠤ ᠳᠤ ᠵᠠᠪᠠᠯ ᠬᠢᠨᠠᠬᠤ︾᠂ ︽ᠬᠡᠷᠡᠭᠯᠡᠬᠦ ᠳᠤ ᠵᠠᠪᠠᠯ ᠬᠢᠨᠠᠬᠤ︾ ᠵᠠᠷᠴᠢᠮ ᠢ ᠪᠠᠷᠢᠮᠲᠠᠯᠠᠵᠤ᠂ ᠮᠤᠵᠢ ᠶᠢᠨ ᠱᠠᠲᠤ᠂ ᠰᠤᠷᠭᠠᠭᠤᠯᠢ ᠶᠢᠨ ᠬᠢᠨᠠᠨ ᠵᠥᠪᠯᠡᠵᠦ ᠬᠢᠨᠠᠨ ᠪᠠᠶᠢᠴᠠᠭᠠᠬᠤ ᠭᠤᠤᠯᠳᠠᠯᠭ᠎ᠠ ᠶᠢ ᠲᠣᠳᠣᠷᠬᠠᠶᠢᠯᠠᠬᠤ ᠬᠡᠷᠡᠭᠲᠡᠶ︔ ᠬᠤᠶᠠᠷ ᠲᠤ᠂ ᠬᠢᠨᠠᠨ ᠵᠥᠪᠯᠡᠵᠦ ᠬᠢᠨᠠᠨ ᠪᠠᠶᠢᠴᠠᠭᠠᠬᠤ ᠪᠠᠷᠢᠮᠵᠢᠶ᠎ᠠ ᠶᠢ ᠴᠢᠩᠳᠠᠯᠠᠵᠤ᠂ ︽ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠭᠤᠤᠯᠳᠠᠭᠤ ᠦᠵᠡᠯ ᠰᠠᠨᠠᠭᠠᠴᠢ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠴᠠᠭ ᠦᠶᠡᠴᠢ ᠴᠢᠨᠠᠷ᠂ ᠵᠢᠷᠤᠮᠵᠢᠯᠳᠤ ᠴᠢᠨᠠᠷ᠂ ᠬᠠᠮᠵᠢᠯᠴᠠᠬᠤ ᠴᠢᠨᠠᠷ ᠵᠡᠷᠭᠡ ᠲᠠᠯ᠎ᠠ ᠪᠠᠷ ᠬᠢᠨᠠᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ︔ ᠭᠤᠷᠪᠠ ᠳᠤ᠂ ᠬᠢᠨᠠᠨ ᠵᠥᠪᠯᠡᠵᠦ ᠬᠢᠨᠠᠨ ᠪᠠᠶᠢᠴᠠᠭᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠲᠤᠰᠬᠠᠢ ᠣᠷᠣᠨ ᠬᠤᠳᠠ ᠶᠢᠨ ᠱᠠᠳᠤ᠂ ᠰᠢᠶᠠᠨ ᠲᠣᠭᠤᠷᠢᠭ ᠤᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠰᠤᠷᠭᠠᠭᠤᠯᠢ ᠶᠢᠨ ᠵᠣᠬᠢᠶᠠᠨ ᠪᠠᠶᠢᠭᠤᠯᠵᠤ ᠤᠳᠤᠷᠢᠳᠬᠤ ᠲᠤᠰᠢᠶᠠᠯ ᠬᠠᠷᠢᠭᠤᠴᠠᠯᠭ᠎ᠠ ᠶᠢ ᠲᠣᠳᠤᠷᠬᠠᠶᠢᠯᠠᠵᠤ᠂ ᠤᠯᠤᠰ ᠲᠦᠷᠦᠴᠢ ᠴᠢᠨᠠᠷ ᠪᠠ ᠲᠤᠰᠬᠠᠢ ᠮᠡᠷᠭᠡᠵᠢᠯ ᠤᠨ ᠴᠢᠨᠠᠷ ᠢ ᠠᠳᠬᠤᠬᠤ ᠶᠢ ᠴᠢᠬᠤᠯᠠᠴᠢᠯᠠᠬᠤ ᠬᠡᠷᠡᠭᠲᠡᠢ᠃         9 . ︽ᠰᠠᠨᠠᠯ︾ ᠳᠤ ᠬᠢᠨᠠᠨ ᠵᠥᠪᠯᠡᠵᠦ ᠬᠢᠨᠠᠨ ᠪᠠᠶᠢᠴᠠᠭᠠᠬᠤ ᠲᠦᠷᠢᠮ ᠢ ᠴᠢᠬᠤᠯᠠᠴᠢᠯᠠᠭᠰᠠᠨ ᠰᠠᠭᠤᠷᠢᠨ ᠳᠡᠭᠡᠷ᠎ᠡ ᠪᠠᠰᠠ ᠶᠠᠮᠠᠷ ᠬᠠᠮᠢᠶᠠᠷᠤᠯᠲᠠ ᠶᠢᠨ ᠱᠠᠭᠠᠷᠳᠠᠯᠭ᠎ᠠ ᠳᠤᠷᠠᠳᠤᠭᠰᠠᠨ ᠪᠣᠶ︖          ︽ᠰᠠᠨᠠᠯ︾ ᠳᠤ᠂ ᠣᠷᠣᠨ ᠨᠤᠲᠤᠭ ᠤᠨ ᠬᠢᠴᠢᠶᠡᠯ ᠪᠠ ᠰᠤᠷᠭᠠᠭᠤᠯᠢ ᠶᠢᠨ ᠬᠢᠴᠢᠶᠡᠯ ᠢ ᠬᠢᠨᠠᠨ ᠵᠥᠪᠯᠡᠵᠦ ᠬᠢᠨᠠᠨ ᠪᠠᠶᠢᠴᠠᠭᠠᠬᠤ ᠲᠦᠷᠢᠮ᠂ ᠳᠠᠩᠰᠠᠯᠠᠬᠤ ᠲᠦᠷᠢᠮ᠂ ᠬᠢᠴᠢᠶᠡᠯ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠲᠦᠷᠢᠮ᠂ ᠲᠤᠰᠬᠠᠶ ᠮᠡᠷᠭᠡᠵᠢᠯ ᠤᠨ ᠳᠡᠮᠵᠢᠯᠭᠡ ᠶᠢᠨ ᠲᠦᠷᠢᠮ ᠪᠠ ᠬᠢᠴᠢᠶᠡᠯ ᠢ ᠬᠢᠨᠠᠨ ᠰᠢᠯᠭᠠᠵᠤ ᠵᠠᠰᠠᠪᠤᠷᠢ ᠣᠷᠣᠭᠤᠯᠬᠤ ᠲᠦᠷᠢᠮ ᠢ ᠪᠠᠶᠢᠭᠤᠯᠵᠤ᠂ ᠬᠠᠮᠢᠶᠠᠷᠤᠯᠲᠠ ᠶᠢᠨ ᠬᠡᠯᠬᠢᠶ᠎ᠡ ᠶᠢ ᠪᠦᠷᠢᠯᠳᠦᠭᠦᠯᠬᠦ ᠬᠡᠷᠡᠭᠲᠡᠶ᠃ ᠡᠭᠦᠨ ᠤ ᠬᠠᠮᠲᠤ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠠᠮ ᠤᠨ ᠬᠤᠷᠢᠶᠠᠨ ᠤ ᠨᠢᠭᠡᠳᠦᠯᠲᠡᠶ ᠤᠳᠤᠷᠢᠳᠤᠯᠭ᠎ᠠ ᠳᠤᠤᠷ᠎ᠠ ︽ᠬᠡᠨ ᠲᠣᠬᠢᠷᠠᠭᠤᠯᠤᠭᠰᠠᠨ ᠪᠣᠯ ᠬᠡᠨ ᠬᠠᠷᠢᠭᠤᠴᠠᠬᠤ︾᠂ ︽ᠬᠡᠨ ᠨᠡᠭᠡᠭᠡᠨ ᠬᠥᠭᠵᠢᠭᠦᠯᠦᠭᠰᠡᠨ ᠪᠣᠯ ᠬᠡᠨ ᠬᠠᠷᠢᠭᠤᠴᠠᠬᠤ︾ ᠵᠠᠷᠴᠢᠮ ᠶᠣᠰᠤ ᠪᠠᠷ ᠤᠯᠤᠰ ᠲᠥᠷᠥ ᠶᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠢᠨ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠡᠳᠦᠯᠲᠡᠶ ᠤᠳᠤᠷᠢᠳᠤᠯᠭ᠎ᠠ  ᠪᠠᠷ ᠰᠤᠷᠭᠠᠭᠤᠯᠢ ᠶᠢᠨ ᠬᠢᠴᠢᠶᠡᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠭᠦᠢᠴᠡᠳᠭᠡᠵᠦ᠂ ᠭᠤᠷᠪᠠᠨ ᠲᠥᠷᠥᠯ ᠤᠨ ᠬᠢᠴᠢᠶᠡᠯ ᠤᠨ ᠬᠠᠮᠵᠢᠯᠴᠠᠨ ᠬᠥᠮᠦᠨ ᠬᠥᠮᠦᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃         10 . ᠡᠯ᠎ᠡ ᠭᠠᠵᠠᠷ ᠪᠠ ᠡᠯ᠎ᠡ ᠰᠤᠷᠭᠠᠭᠤᠯᠢ ︽ᠰᠠᠨᠠᠯ︾ ᠢ ᠨᠠᠶᠢᠳᠠᠪᠤᠷᠢᠵᠢᠭᠤᠯᠬᠤ ᠳᠤ ᠲᠠ ᠶᠠᠭᠤ ᠶᠢ ᠰᠠᠨᠠᠭᠤᠯᠬᠤ ᠪᠣᠶ︖         ᠣᠷᠣᠨ ᠨᠤᠲᠤᠭ ᠤᠨ ᠬᠢᠴᠢᠶᠡᠯ ᠪᠣᠯᠤᠨ ᠰᠤᠷᠭᠠᠭᠤᠯᠢ ᠶᠢᠨ ᠬᠢᠴᠢᠶᠡᠯ ᠤᠨ ᠬᠥᠮᠦᠨ ᠬᠥᠮᠦᠵᠢᠭᠦᠯᠬᠦ ᠴᠢᠳᠠᠮᠵᠢ ᠶᠢ ᠭᠦᠢᠴᠡᠳ ᠪᠠᠳᠠᠷᠠᠭᠤᠯᠬᠤ ᠶᠢᠨ ᠲᠥᠯᠦᠭᠡ᠂ ᠡᠯ᠎ᠡ ᠭᠠᠵᠠᠷ ᠪᠣᠯᠤᠨ ᠡᠯ᠎ᠡ ᠰᠤᠷᠭᠠᠭᠤᠯᠢ ᠭᠤᠷᠪᠠᠨ ᠲᠠᠯ᠎ᠠ ᠠᠴᠠ ᠭᠠᠷᠳᠠᠵᠤ᠂ ︽ᠰᠠᠨᠠᠯ︾ ᠤᠨ ᠡᠯ᠎ᠡ ᠵᠦᠢᠯ ᠤᠨ ᠱᠠᠭᠠᠷᠳᠠᠯᠭ᠎ᠠ ᠶᠢ ᠦᠨᠡᠨ ᠬᠦ ᠪᠣᠳᠠᠲᠠᠶᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠶ᠃ ᠨᠢᠭᠡ ᠳᠤ᠂ ᠪᠣᠯᠪᠠᠰᠤᠷᠠᠭᠤᠯᠤᠯ ᠪᠠ ᠲᠠᠶᠢᠯᠤᠮᠵᠢ ᠶᠢ ᠪᠥᠬᠦ ᠲᠠᠯ᠎ᠠ ᠪᠠᠷ ᠴᠢᠩᠭᠠᠳᠬᠠᠨ᠎ᠠ᠃ ︽ᠰᠠᠨᠠᠯ︾ ᠤᠨ ᠲᠥᠷᠥ ᠶᠢᠨ ᠪᠣᠳᠣᠯᠭ᠎ᠠ ᠶᠢᠨ ᠭᠤᠤᠯᠳᠠᠯᠭ᠎ᠠ ᠪᠣᠯᠤᠨ ᠰᠤᠳᠤᠯᠤᠨ ᠦᠢᠯᠡᠳᠬᠦ ᠰᠡᠳᠬᠢᠮᠵᠢ ᠶᠢ ᠭᠦᠨᠵᠡᠭᠡᠶ ᠲᠣᠳᠣᠷᠬᠠᠶᠢᠯᠠᠨ ᠲᠠᠶᠢᠯᠪᠤᠷᠢᠯᠠᠵᠤ᠂ ᠣᠷᠣᠨ ᠨᠤᠲᠤᠭ ᠤᠨ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠰᠤᠷᠭᠠᠭᠤᠯᠢ ᠶᠢᠨ ᠬᠢᠴᠢᠶᠡᠯ ᠤᠨ ᠦᠵᠡᠯ ᠤᠬᠠᠮᠰᠠᠷ᠂ ᠵᠢᠷᠤᠮᠵᠢᠯ ᠤᠨ ᠦᠵᠡᠯ ᠤᠬᠠᠮᠰᠠᠷ ᠪᠣᠯᠤᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠤᠨ᠎ᠠ᠃ ᠬᠤᠶᠠᠷ ᠲᠤ᠂ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠡᠯ᠎ᠡ ᠭᠠᠵᠠᠷ ᠤᠨ ᠬᠢᠨ ᠭᠦᠢᠴᠡᠳ ᠪᠠᠶᠢᠴᠠᠭᠠᠨ ᠰᠤᠳᠤᠯᠵᠤ ᠨᠣᠲᠠᠯᠠᠨ᠂ ᠬᠡᠷᠡᠭᠵᠢᠭᠦᠯᠬᠦ ᠠᠬᠢᠴᠠ ᠶᠢᠨ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠶ᠃ ᠭᠤᠷᠪᠠᠨ ᠵᠢᠯ ᠤᠨ ᠵᠠᠪᠰᠠᠷ ᠤᠨ ᠬᠤᠭᠤᠴᠠᠭ᠎ᠠ ᠭᠠᠷᠭᠠᠵᠤ᠂ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠠᠬᠢᠭᠤᠯᠤᠨ᠎ᠠ᠃ ᠭᠤᠷᠪᠠ ᠳᠤ᠂ ᠪᠠᠶᠢᠴᠠᠭᠠᠵᠤ ᠵᠢᠯᠣᠭᠤᠳᠬᠤ ᠪᠠᠨ ᠴᠢᠩᠭᠠᠳᠬᠠᠨ᠎ᠠ᠃ ︽ᠰᠠᠨᠠᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠶᠠᠪᠤᠴᠠ ᠶᠢᠨ ᠵᠢᠯᠣᠭᠤᠳᠣᠯᠭ᠎ᠠ ᠪᠠ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠷᠠᠭᠤᠯᠵᠤ᠂ ᠣᠷᠣᠨ ᠨᠤᠲᠤᠭ ᠪᠠ ᠰᠤᠷᠭᠠᠭᠤᠯᠢ ᠶᠢ ᠬᠥᠲᠥᠯᠦᠨ ᠵᠢᠯᠣᠭᠤᠳᠴᠤ ᠬᠢᠴᠢᠶᠡᠯ ᠤᠨ ᠪᠥᠲᠥᠭᠡᠨ ᠪᠠᠶᠢᠭᠤᠯᠤᠯᠲᠠ ᠶᠢᠨ ᠵᠥᠪ ᠴᠢᠭᠯᠡᠯ ᠢ ᠣᠨᠣᠪᠴᠢᠲᠠᠶ ᠡᠵᠡᠮᠳᠡᠬᠦ ᠬᠡᠷᠡᠭᠲᠡᠶ᠃    
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号