︽ᠬᠢᠴᠢᠶᠡᠯ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠭᠤᠯᠬᠤ ᠲᠤᠬᠠᠢ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/8
    ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ 8 ᠰᠠᠯᠠᠭ᠎ᠠ ᠮᠥᠴᠢᠷ ᠬᠠᠮᠲᠤᠷᠠᠨ ︽ᠬᠢᠴᠢᠶᠡᠯ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠭᠤᠯᠬᠤ ᠲᠤᠬᠠᠢ ᠬᠡᠷᠡᠭᠵᠢᠭᠦᠯᠬᠦ ᠲᠥᠰᠦᠯ︾ ︵ᠥᠪᠥᠷ ᠰᠤᠷᠭᠠᠨ ᠬᠢᠨᠠᠯᠲᠠ ᠬᠠᠮᠢᠶᠠᠷᠤᠯᠲᠠ ﹇2023﹈ 100 ᠳ᠋ᠤᠭᠠᠷ ᠲᠣᠭᠠᠲᠤ᠂ ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠳᠦᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃ ︽ᠬᠡᠷᠡᠭᠵᠢᠭᠦᠯᠬᠦ ᠲᠥᠰᠦᠯ︾ ᠤᠨ ᠬᠠᠮᠢᠶ᠎ᠠ ᠪᠥᠬᠦᠶ ᠠᠭᠤᠯᠭ᠎ᠠ ᠶᠢ ᠨᠡᠶᠢᠭᠡᠮ ᠨᠡᠶᠢᠲᠡ ᠪᠠᠷ ᠢᠶᠠᠨ ᠥᠷᠭᠡᠨ ᠢᠶᠠᠷ ᠣᠶᠢᠯᠠᠭᠠᠬᠤ ᠪᠠ ᠵᠥᠪ ᠢᠶᠠᠷ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠥᠯᠦᠭᠡ᠂ ᠡᠳᠦᠭᠡ ᠳᠤᠤᠷᠠᠬᠢ ᠮᠡᠲᠦ ᠲᠠᠶᠢᠯᠤᠮᠵᠢ ᠬᠢᠶ᠎ᠠ᠃          ᠨᠢᠭᠡ᠂ ︽ᠬᠡᠷᠡᠭᠵᠢᠭᠦᠯᠬᠦ ᠲᠥᠰᠦᠯ︾ ᠢ ᠨᠡᠶᠢᠲᠡᠯᠡᠭᠰᠡᠨ ᠠᠬᠤᠶ ᠪᠠᠶᠢᠳᠠᠯ ᠶᠠᠭᠤ ᠪᠣᠶ︖          2022 ᠣᠨ ᠤ 12 ᠰᠠᠷ᠎ᠠ ᠳᠤ᠂ ︽ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠭᠤᠷᠪᠠᠨ ᠰᠠᠯᠠᠭ᠎ᠠ ᠮᠥᠴᠢᠷ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠬᠢᠴᠢᠶᠡᠯ ᠲᠥᠷᠦᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠢ ᠵᠢᠷᠤᠮᠵᠢᠭᠤᠯᠬᠤ ᠲᠤᠬᠠᠶ ᠰᠠᠨᠠᠯ︾ ᠳᠤ ︽ᠬᠢᠴᠢᠶᠡᠯ ᠲᠥᠷᠥᠯ ᠤᠨ ᠪᠤᠰᠤ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ︾ ᠭᠡᠵᠦ ᠳᠤᠷᠠᠳᠪᠠ᠃ ᠡᠯ᠎ᠡ ᠭᠠᠵᠠᠷ ᠤᠨ ᠬᠢᠨ ᠬᠡᠷᠡᠭᠴᠡᠭᠡ ᠪᠠᠨ ᠦᠨᠳᠦᠰᠦᠯᠡᠨ ᠬᠢᠴᠢᠶᠡᠯ ᠲᠥᠷᠦᠯ ᠤᠨ ᠪᠤᠰᠤ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠣᠬᠢᠰᠲᠠᠶ ᠣᠷᠣᠭᠤᠯᠤᠨ ᠠᠪᠴᠢᠷᠠᠵᠤ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠭᠤᠯᠵᠤ ᠪᠣᠯᠤᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠠᠶᠢᠬᠤ ᠵᠠᠷᠴᠢᠮ ᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠥᠭᠵᠢᠭᠦᠯᠦᠯᠲᠡ ᠥᠭᠡᠷᠡᠴᠢᠯᠡᠯᠲᠡ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠬᠠᠤᠯᠢ ᠴᠠᠭᠠᠵᠠ ᠲᠦᠷᠢᠮ ᠲᠣᠭᠲᠠᠭᠠᠯ  ᠶᠣᠰᠤ ᠪᠠᠷ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠨᠡᠷ᠎ᠡ ᠶᠢᠨ ᠴᠠᠭᠠᠨ ᠳᠠᠩᠰᠠᠨ ᠳᠤ ᠣᠷᠣᠭᠤᠯᠤᠨ ᠠᠪᠴᠢᠷᠠᠬᠤ ᠶᠢ ᠵᠥᠪᠰᠢᠶᠡᠷᠡᠬᠦ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠣᠭᠲᠠᠭᠠᠵᠤ᠂ ᠪᠣᠯᠪᠠᠰᠤᠷᠠᠭᠤᠯᠤᠯ ᠤᠨ ᠪᠠᠶᠢᠭᠤᠯᠤᠮᠵᠢ ᠪᠠ ᠦᠢᠯᠡᠴᠢᠯᠡᠭᠡᠨ ᠤ ᠲᠥᠷᠥᠯ ᠵᠦᠢᠯ ᠤᠨ ᠨᠡᠷᠡᠰ ᠵᠢᠴᠢ ᠣᠷᠣᠭᠤᠯᠤᠨ ᠠᠪᠴᠢᠷᠠᠬᠤ ᠵᠠᠷᠤᠳᠠᠯ ᠤᠨ ᠪᠠᠷᠢᠮᠵᠢᠶ᠎ᠠ ᠶᠢ ᠪᠣᠢ ᠪᠣᠯᠭᠠᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠪᠠᠶᠢᠳᠠᠯ ᠢ ᠳᠣᠭᠢᠷᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠤᠯᠤᠰ ᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ 8 ᠰᠠᠯᠠᠭ᠎ᠠ ᠮᠥᠴᠢᠷ ᠬᠠᠮᠲᠤᠷᠠᠨ ᠬᠢᠴᠢᠶᠡᠯ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠬᠤ ᠲᠤᠬᠠᠢ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠤᠨ᠂ ᠰᠤᠷᠤᠭᠴᠢᠳ ᠤᠨ ᠣᠯᠠᠨ  ᠶᠠᠩᠵᠤᠴᠢᠯᠠᠭᠰᠠᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃          ᠬᠤᠶᠠᠷ᠂ ︽ᠬᠡᠷᠡᠭᠵᠢᠭᠦᠯᠬᠦ ᠲᠥᠰᠦᠯ︾ ᠤᠨ ᠭᠤᠤᠯ ᠠᠭᠤᠯᠭ᠎ᠠ ᠶᠠᠭᠤ ᠪᠣᠶ︖           ︽ᠬᠡᠷᠡᠭᠵᠢᠭᠦᠯᠬᠦ ᠲᠥᠰᠦᠯ︾ 7 ᠬᠡᠰᠡᠭ ᠠᠴᠠ ᠪᠦᠷᠢᠯᠳᠦᠵᠦ᠂ ᠲᠤᠰ ᠲᠤᠰ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠡᠶ᠎ᠡ ᠶᠢᠨ ᠲᠠᠮᠢᠷ ᠤᠨ ᠲᠥᠷᠥᠯ᠂ ᠰᠣᠶᠣᠯ ᠤᠷᠠᠯᠢᠭ ᠤᠨ ᠲᠥᠷᠥᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠡᠷᠭᠡ ᠬᠢᠴᠢᠶᠡᠯ ᠲᠥᠷᠦᠯ ᠤᠨ ᠪᠤᠰᠤ ᠪᠠᠶᠢᠭᠤᠯᠤᠮᠵᠢ ᠶᠢᠨ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠰᠣᠩᠭᠤᠯᠲᠠ᠂ ᠡᠳᠦᠷ ᠲᠤᠲᠤᠮ ᠤᠨ ᠬᠠᠮᠢᠶᠠᠷᠤᠯᠲᠠ᠂ ᠪᠠᠶᠢᠳᠠᠯ ᠤᠨ ᠲᠣᠬᠢᠷᠠᠭᠤᠯᠤᠯᠲᠠ ᠵᠢᠴᠢ ᠬᠠᠮᠢᠶ᠎ᠠ ᠪᠥᠬᠦᠶ ᠬᠢᠨᠠᠯᠲᠠ ᠬᠠᠮᠢᠶᠠᠷᠤᠯᠲᠠ ᠶᠢᠨ ᠠᠵᠢᠯᠯᠠᠭ᠎ᠠ ᠳᠤ ᠣᠷᠣᠯᠴᠠᠬᠤ ᠶᠢ ᠵᠢᠷᠤᠮᠵᠢᠭᠤᠯᠤᠨ᠎ᠠ᠃ ᠲᠥᠰᠦᠯ ᠳᠤ ᠰᠢᠨᠵᠢᠯᠡᠬᠦ ᠤᠬᠠᠭᠠᠨᠴᠢ ᠪᠠᠷ ᠬᠥᠮᠦᠨ ᠬᠥᠮᠦᠵᠢᠭᠦᠯᠬᠦ᠂ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ᠂ ᠬᠤᠶᠠᠷ ᠳᠠᠪᠬᠤᠷ ᠰᠣᠩᠭᠤᠯᠲᠠ᠂ ᠪᠠᠶᠢᠳᠠᠯ ᠤᠨ ᠬᠠᠮᠢᠶᠠᠷᠤᠯᠲᠠ ᠵᠡᠷᠭᠡ 6 ᠰᠣᠩᠭᠤᠬᠤ ᠵᠠᠷᠴᠢᠮ ᠢ ᠲᠣᠭᠲᠠᠭᠠᠵᠤ᠂ ᠰᠤᠷᠭᠠᠭᠤᠯᠢ ᠡᠷᠭᠢᠯᠡᠬᠦ ᠬᠢᠷᠢ ᠬᠡᠮ᠂ ᠠᠵᠢᠯᠲᠠᠨ᠂ ᠬᠢᠴᠢᠶᠡᠯ᠂ ᠮᠠᠲ᠋ᠧᠷᠢᠶᠠᠯ᠂ ᠢᠲᠡᠭᠡᠯ ᠬᠦᠨᠳᠦ ᠵᠡᠷᠭᠡ 5 ᠰᠣᠩᠭᠤᠬᠤ ᠨᠥᠬᠦᠴᠡᠯ ᠢ ᠲᠣᠳᠤᠷᠬᠠᠶᠢᠯᠠᠨ᠂ ᠣᠷᠣᠨ ᠪᠦᠰᠡ ᠪᠠ ᠰᠤᠷᠭᠠᠭᠤᠯᠢ ᠲᠤᠰ ᠲᠤᠰ 5 ᠰᠣᠩᠭᠤᠬᠤ ᠵᠢᠷᠤᠮ ᠢ ᠵᠢᠷᠤᠮᠵᠢᠭᠤᠯᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠬᠤ ᠬᠢᠴᠢᠶᠡᠯ ᠲᠥᠷᠦᠯ ᠤᠨ ᠪᠤᠰᠤ ᠪᠠᠶᠢᠭᠤᠯᠤᠮᠵᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ 6 ᠪᠣᠳᠠᠲᠠᠶ ᠡᠭᠦᠷᠭᠡ ᠶᠢ ᠳᠤᠷᠠᠳᠤᠭᠰᠠᠨ ᠪᠥᠭᠡᠳ ᠦᠨᠡᠯᠡᠨ ᠵᠢᠱᠢᠬᠦ ᠪᠠ ᠪᠤᠴᠠᠨ ᠭᠠᠷᠬᠤ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠵᠢᠴᠢ ᠪᠠᠲᠤᠯᠠᠭᠠᠨ ᠤ ᠠᠷᠭ᠎ᠠ ᠬᠡᠮᠵᠢᠶ᠎ᠡ ᠶᠢ ᠴᠢᠩᠭᠠᠳᠬᠠᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠠᠶ᠃           ᠭᠤᠷᠪᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠬᠤ ᠪᠠᠷ ᠮᠡᠳᠡᠭᠦᠯᠬᠦ ᠳᠤ ᠶᠠᠮᠠᠷ ᠨᠥᠬᠦᠴᠡᠯ ᠢ ᠪᠦᠷᠢᠯᠳᠦᠭᠦᠯᠬᠦ ᠴᠢᠬᠤᠯᠠᠲᠠᠶ ᠪᠣᠶ︖          ︽ᠬᠡᠷᠡᠭᠵᠢᠭᠦᠯᠬᠦ ᠲᠥᠰᠦᠯ︾ ᠳᠤ᠂ ᠰᠤᠷᠭᠠᠭᠤᠯᠢ ᠡᠷᠭᠢᠯᠡᠬᠦ ᠬᠢᠷᠢ ᠬᠡᠮ ᠤᠨ ᠲᠠᠯ᠎ᠠ ᠪᠠᠷ᠂ ᠬᠢᠴᠢᠶᠡᠯ ᠲᠥᠷᠦᠯ ᠤᠨ ᠪᠤᠰᠤ ᠪᠠᠶᠢᠭᠤᠯᠤᠮᠵᠢ ᠡᠷᠬᠡᠪᠰᠢ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠰᠤᠷᠭᠠᠭᠤᠯᠢ ᠡᠷᠭᠢᠯᠡᠬᠦ ᠵᠥᠪᠰᠢᠶᠡᠷᠡᠯ ᠢ ᠤᠯᠬᠤ ᠬᠡᠷᠡᠭᠲᠡᠶ ᠪᠥᠭᠡᠳ ᠨᠢᠭᠡᠨᠲᠡ ᠪᠥᠬᠦ ᠤᠯᠤᠰ ᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠬᠢᠨᠠᠯᠲᠠ ᠬᠠᠮᠢᠶᠠᠷᠤᠯᠲᠠ ᠪᠠ ᠦᠢᠡᠯᠴᠢᠯᠡᠭᠡᠨ ᠤ ᠶᠡᠷᠦᠩᠬᠡᠶᠢᠯᠡᠭᠰᠡᠨ ᠲᠠᠪᠴᠠᠩ ᠤᠨ ᠬᠢᠨᠠᠯᠲᠠ ᠬᠠᠮᠢᠶᠠᠷᠤᠯᠲᠠ ᠳᠤ ᠣᠷᠣᠭᠤᠯᠤᠭᠰᠠᠨ ᠪᠠᠶᠢᠬᠤ ᠬᠡᠷᠡᠭᠲᠡᠶ᠃ ᠠᠵᠢᠯᠯᠠᠭᠰᠠᠳ ᠤᠨ ᠲᠠᠯ᠎ᠠ ᠪᠠᠷ᠂ ᠬᠢᠴᠢᠶᠡᠯ ᠲᠥᠷᠦᠯ ᠤᠨ ᠪᠤᠰᠤ ᠪᠠᠶᠢᠭᠤᠯᠤᠮᠵᠢ ᠨᠢ ᠤᠯᠤᠰ ᠤᠨ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠠᠵᠢᠯᠯᠠᠭᠰᠠᠳ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠪᠣᠯᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠠᠶᠢᠷᠢᠯᠠᠭᠤᠯᠬᠤ ᠪᠠᠷᠢᠮᠵᠢᠶ᠎ᠠ ᠳᠠᠬᠢ ᠠᠵᠢᠯᠯᠠᠭᠰᠠᠳ ᠤᠨ ᠲᠤᠬᠠᠶ ᠦᠨᠳᠦᠰᠦᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠪᠣᠯᠪᠠᠰᠤᠷᠠᠭᠤᠯᠤᠯ ᠤᠨ ᠬᠢᠴᠢᠶᠡᠯ ᠤᠨ ᠲᠠᠯ᠎ᠠ ᠪᠠᠷ᠂ ᠬᠢᠴᠢᠶᠡᠯ ᠲᠥᠷᠥᠯ ᠤᠨ ᠪᠤᠰᠤ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠴᠢᠶᠡᠯ ᠲᠥᠷᠥᠯ ᠤᠨ ᠪᠠ ᠬᠢᠴᠢᠶᠡᠯ ᠲᠥᠷᠥᠯ ᠤᠨ ᠪᠤᠰᠤ ᠲᠥᠷᠥᠯ ᠵᠦᠢᠯ ᠢ ᠬᠢᠨᠠᠨ ᠲᠣᠭᠲᠠᠭᠠᠬᠤ ᠵᠢᠯᠣᠭᠤᠳᠤᠮᠵᠢ︾ ᠳᠠᠬᠢ ᠬᠢᠴᠢᠶᠡᠯ ᠲᠥᠷᠥᠯ ᠤᠨ ᠪᠤᠰᠤ ᠪᠣᠯᠪᠠᠰᠤᠷᠠᠭᠤᠯᠤᠯ ᠤᠨ ᠲᠥᠷᠥᠯ ᠵᠦᠢᠯ ᠤᠨ ᠦᠨᠳᠦᠰᠦᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠪᠣᠯᠪᠠᠰᠤᠷᠠᠭᠤᠯᠤᠯ ᠤᠨ ᠮᠠᠲ᠋ᠧᠷᠢᠶᠠᠯ ᠤᠨ ᠲᠠᠯ᠎ᠠ ᠪᠠᠷ᠂ ᠬᠢᠴᠢᠶᠡᠯ ᠲᠥᠷᠦᠯ ᠤᠨ ᠪᠤᠰᠤ ᠪᠠᠶᠢᠭᠤᠯᠤᠮᠵᠢ ︽ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠦᠨᠳᠦᠰᠦᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠢᠲᠡᠭᠡᠯ ᠬᠦᠨᠳᠦ ᠶᠢᠨ ᠪᠣᠳᠠᠲᠤ ᠬᠦᠴᠦᠨ ᠤ ᠲᠠᠯ᠎ᠠ ᠪᠠᠷ᠂ ᠬᠢᠴᠢᠶᠡᠯ ᠲᠥᠷᠦᠯ ᠤᠨ ᠪᠤᠰᠤ ᠪᠠᠶᠢᠭᠤᠯᠤᠮᠵᠢ ᠳᠤ ᠲᠣᠭᠲᠠᠭᠠᠯ ᠢ ᠵᠥᠷᠢᠴᠡᠨ ᠪᠠᠯᠠ ᠮᠥᠩᠭᠦ ᠬᠡᠷᠡᠭᠯᠡᠬᠦ᠂ ᠪᠠᠯᠠ ᠮᠥᠩᠭᠦ ᠶᠢ ᠲᠡᠳᠡᠨ ᠰᠢᠯᠵᠢᠭᠦᠯᠬᠦ᠂ ᠪᠠᠭᠰᠢ ᠠᠵᠢᠯᠲᠠᠨ ᠤ ᠴᠠᠯᠢᠩ ᠢ ᠥᠷᠢᠲᠦᠬᠦ ᠵᠡᠷᠭᠡ ᠪᠠᠶᠢᠳᠠᠯ ᠣᠷᠣᠰᠢᠵᠤ ᠪᠣᠯᠬᠤ ᠥᠬᠡᠶ︔ ᠵᠠᠷᠯᠠᠨ ᠰᠢᠭᠦᠮᠵᠢᠯᠡᠭᠳᠡᠭᠰᠡᠨ ᠪᠤᠶᠤ ᠵᠠᠰᠠᠭ ᠵᠠᠬᠢᠷᠭᠠᠨ ᠤ ᠰᠢᠢᠳᠭᠡᠯ ᠣᠯᠤᠭᠰᠠᠨ ᠵᠡᠷᠭᠡ ᠪᠠᠶᠢᠳᠠᠯ ᠣᠷᠣᠰᠢᠵᠤ ᠪᠣᠯᠬᠤ ᠦᠭᠡᠢ︔ ᠰᠤᠷᠭᠠᠭᠤᠯᠢ ᠡᠷᠬᠢᠯᠡᠬᠦ ᠪᠡᠯᠡ ᠮᠥᠩᠭᠦ ᠭᠦᠢᠴᠡᠳ ᠪᠥᠭᠡᠳ ᠲᠣᠭᠲᠠᠭᠤᠨ ᠪᠠᠶᠢᠬᠤ ᠬᠡᠷᠡᠭᠲᠡᠢ᠃          ᠳᠥᠷᠪᠡ᠂ ᠬᠢᠴᠢᠶᠡᠯ ᠲᠥᠷᠥᠯ ᠤᠨ ᠪᠤᠰᠤ ᠪᠠᠶᠢᠭᠤᠯᠤᠮᠵᠢ ᠶᠢ ᠰᠣᠩᠭᠤᠬᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠲᠠᠰ ᠳᠠᠷᠠᠭᠠᠯᠠᠯ ᠶᠠᠭᠤ ᠪᠣᠶ︖           ᠣᠷᠣᠨ ᠪᠦᠰᠡ ᠶᠢᠨ ᠰᠣᠩᠭᠤᠯᠲᠠ ᠶᠢ 5 ᠠᠯᠬᠤᠮ ᠬᠤᠪᠢᠶᠠᠨ᠎ᠠ᠄          ①ᠰᠣᠩᠭᠤᠬᠤ ᠦᠢᠯᠡᠴᠢᠯᠡᠭᠡᠨ ᠤ ᠵᠠᠷᠯᠠᠯ ᠨᠡᠶᠢᠲᠡᠯᠡᠨ᠎ᠡ᠃          ②ᠪᠠᠶᠢᠭᠤᠯᠤᠮᠵᠢ ᠥᠪᠡᠰᠦᠪᠡᠨ ᠮᠡᠳᠡᠭᠦᠯᠦᠨ᠎ᠡ᠃          ③ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠢᠨᠠᠨ ᠳᠣᠭᠲᠠᠭᠠᠯᠭᠠᠨ᠎ᠠ᠃          ④ᠣᠷᠣᠭᠤᠯᠬᠤ ᠪᠠᠷ ᠪᠠᠶᠢᠭ᠎ᠠ ᠪᠠᠶᠢᠭᠤᠯᠤᠮᠵᠢ ᠶᠢ ᠵᠠᠷᠯᠠᠨ ᠨᠡᠶᠢᠲᠡᠯᠡᠨ᠎ᠡ᠃          ⑤︽ᠨᠡᠷ᠎ᠡ ᠶᠢᠨ ᠴᠠᠭᠠᠨ ᠳᠠᠩᠰᠠ︾ ᠶᠢ ᠨᠡᠶᠢᠲᠡᠯᠡᠨ᠎ᠡ᠃          ᠰᠤᠷᠭᠠᠭᠤᠯᠢ ᠶᠢᠨ ᠡᠯᠰᠡᠯᠲᠡ ᠶᠢ 5 ᠠᠯᠬᠤᠮ ᠬᠤᠪᠢᠶᠠᠨ᠎ᠠ᠄          ①ᠡᠯᠰᠡᠬᠦ ᠵᠠᠷᠯᠠᠯ ᠨᠡᠶᠢᠲᠡᠯᠡᠨ᠎ᠡ᠃          ②ᠲᠥᠷᠥᠯ ᠵᠦᠢᠯ ᠮᠡᠳᠡᠭᠦᠯᠦᠨ᠎ᠡ᠃          ③ᠲᠥᠷᠥᠯ ᠵᠦᠢᠯ ᠢ ᠦᠨᠡᠯᠡᠬᠦ ᠶᠢ ᠵᠣᠬᠢᠶᠠᠨ ᠪᠠᠶᠢᠭᠤᠯᠤᠨ᠎ᠠ᠃          ④ᠣᠷᠣᠭᠤᠯᠬᠤ ᠲᠥᠷᠦᠯ ᠵᠦᠢᠯ ᠢ ᠨᠡᠶᠢᠲᠡᠯᠡᠨ᠎ᠡ᠃          ⑤ᠦᠢᠯᠡᠴᠢᠯᠡᠭᠡᠨ ᠤ ᠭᠡᠷ᠎ᠡ ᠳᠣᠭᠲᠠᠭᠠᠨ᠎ᠠ᠃          ᠲᠠᠪᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠬᠤ ᠬᠢᠴᠢᠶᠡᠯ ᠲᠥᠷᠦᠯ ᠤᠨ ᠪᠤᠰᠤ ᠪᠠᠶᠢᠭᠤᠯᠤᠮᠵᠢ ᠶᠢᠨ ᠰᠦᠢᠳᠭᠡᠯ ᠬᠤᠷᠢᠶᠠᠬᠤ ᠶᠢ ᠶᠠᠭᠠᠬᠢᠵᠤ ᠳᠣᠭᠲᠠᠭᠠᠭᠰᠠᠨ ᠪᠣᠶ︖          ᠬᠢᠴᠢᠶᠡᠯ ᠲᠥᠷᠥᠯ ᠤᠨ ᠪᠤᠰᠤ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠭᠤᠯᠤᠭᠰᠠᠨ ᠭᠠᠵᠠᠷ ᠣᠷᠣᠨ ᠪᠣᠳᠠᠲᠠᠶ ᠪᠠᠶᠢᠳᠠᠯ ᠢᠶᠠᠨ ᠦᠨᠳᠦᠰᠦᠯᠡᠨ᠂ ᠣᠷᠣᠭᠤᠯᠤᠨ ᠠᠪᠴᠢᠷᠠᠭᠰᠠᠨ ᠪᠠᠶᠢᠭᠤᠯᠤᠮᠵᠢ ᠶᠢᠨ ᠬᠡᠷᠡᠭᠰᠡᠬᠦ ᠵᠠᠷᠤᠳᠠᠯ ᠢ ᠲᠣᠭᠲᠠᠭᠠᠯ ᠶᠣᠰᠤ ᠪᠠᠷ ᠲᠤᠬᠠᠶ ᠶᠢᠨ ᠭᠠᠵᠠᠷ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠵᠠᠷᠤᠳᠠᠯ ᠤᠨ ᠪᠠᠲᠤᠯᠠᠭᠠᠨ ᠤ ᠲᠣᠭᠲᠠᠴᠠ ᠳᠤ ᠣᠷᠣᠭᠤᠯᠤᠨ᠎ᠠ︔ ᠠᠰ ᠲᠤ ᠨᠢ ᠰᠦᠢᠳᠭᠡᠯ ᠬᠤᠷᠢᠶᠠᠬᠤ ᠦᠨᠡᠨ ᠬᠦ ᠴᠢᠬᠤᠯᠠ ᠲᠠᠢ ᠪᠣᠯ ᠣᠷᠣᠯᠠᠨ ᠰᠦᠢᠳᠬᠡᠯ ᠬᠤᠷᠢᠶᠠᠬᠤ ᠬᠠᠮᠢᠶᠠᠷᠤᠯᠲᠠ ᠳᠤ ᠣᠷᠣᠭᠤᠯᠵᠤ᠂ ᠳᠠᠪᠬᠤᠷᠳᠠᠭᠤᠯᠤᠨ ᠰᠦᠢᠳᠬᠡᠯ ᠬᠤᠷᠢᠶᠠᠵᠤ ᠪᠣᠯᠬᠤ ᠦᠭᠡᠶ᠃ ᠬᠡᠷᠪᠡ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠵᠠᠷᠤᠳᠠᠯ ᠤᠨ ᠪᠠᠲᠤᠯᠠᠭᠠᠨ ᠤ ᠲᠣᠭᠲᠠᠴᠠ ᠶᠢᠨ ᠬᠡᠪᠴᠢᠶᠡᠨ ᠳᠤ ᠣᠷᠣᠭᠤᠯᠤᠭᠰᠠᠨ  ᠪᠣᠯ ᠣᠷᠣᠭᠤᠯᠤᠨ ᠠᠪᠴᠢᠷᠠᠭᠰᠠᠨ ᠬᠢᠴᠢᠶᠡᠯ ᠲᠥᠷᠦᠯ ᠤᠨ ᠪᠤᠰᠤ ᠪᠠᠶᠢᠭᠤᠯᠤᠮᠵᠢ ᠶᠢᠨ ᠲᠥᠷᠥᠯ ᠵᠦᠢᠯ ᠳᠤ ᠣᠷᠣᠯᠴᠠᠬᠤ ᠬᠥᠮᠦᠰ ᠤᠨ ᠵᠠᠷᠤᠳᠠᠯ ᠢ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠵᠠᠷᠤᠳᠠᠯ ᠳᠤ ᠲᠣᠭᠲᠠᠭᠠᠯ ᠶᠣᠰᠤ ᠪᠠᠷ ᠵᠠᠷᠤᠴᠠᠭᠤᠯᠵᠤ᠂ ᠦᠢᠯᠡᠴᠢᠯᠡᠭᠡ ᠶᠢ ᠬᠤᠳᠠᠯᠳᠤᠨ ᠠᠪᠬᠤ ᠬᠡᠯᠡᠯᠴᠡᠭᠡᠷ ᠲᠤ ᠪᠣᠯᠵᠣᠭᠰᠠᠨ  ᠲᠣᠭᠲᠠᠭᠠᠯ ᠶᠣᠰᠤ ᠪᠠᠷ ᠵᠠᠷᠤᠴᠠᠭᠤᠯᠤᠨ᠂ ᠦᠢᠯᠡᠴᠢᠯᠡᠭᠡ ᠶᠢ ᠬᠤᠳᠠᠯᠳᠤᠨ ᠠᠪᠬᠤ ᠬᠡᠯᠡᠯᠴᠡᠭᠡᠷ ᠲᠤ ᠪᠣᠯᠵᠣᠭᠰᠠᠨ ᠶᠣᠰᠤ ᠪᠠᠷ ᠪᠦᠬᠦᠯᠢ ᠴᠣᠭᠴᠠ ᠪᠠᠷ  ᠳᠠᠭᠠᠭᠠᠴᠢᠯᠠᠭᠤᠯᠤᠨ ᠥᠭᠴᠦ ᠪᠣᠯᠤᠨ᠎ᠠ᠃          ᠣᠷᠣᠭᠤᠯᠤᠨ ᠠᠪᠴᠢᠷᠠᠬᠤ ᠵᠠᠷᠤᠳᠠᠯ ᠤᠨ ᠪᠠᠷᠢᠮᠵᠢᠶ᠎ᠠ ᠶᠢ ᠳᠠᠭᠠᠭᠠᠴᠢᠯᠠᠯᠲᠠ ᠵᠠᠷᠯᠠᠬᠤ ᠵᠡᠷᠭᠡ ᠥᠷᠢᠰᠥᠯᠳᠦᠭᠡᠨ ᠤ ᠴᠢᠨᠠᠷᠲᠠᠶ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠭᠲᠠᠭᠠᠬᠤ ᠶᠢᠨ ᠬᠠᠮᠲᠤ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠭᠠᠭᠤᠯᠢ ᠶᠢᠨ ᠭᠠᠳᠠᠨ᠎ᠠ ᠠᠳᠠᠯᠢ ᠪᠣᠯᠪᠠᠰᠤᠷᠠᠭᠤᠯᠤᠯ ᠬᠠᠩᠭᠠᠬᠤ  ᠦᠢᠯᠡᠴᠢᠯᠡᠭᠡᠨ ᠤ ᠰᠦᠢᠳᠭᠡᠯ ᠬᠤᠷᠢᠶᠠᠬᠤ ᠪᠠᠷᠢᠮᠵᠢᠶ᠎ᠠ ᠠᠴᠠ ᠢᠯᠡᠷᠬᠡᠶ ᠳᠤᠤᠷ᠎ᠠ ᠪᠠᠶᠢᠯᠭᠠᠬᠤ ᠬᠡᠷᠡᠭᠲᠡᠶ᠃ ᠰᠤᠷᠭᠠᠭᠤᠯᠢ ᠪᠣᠳᠠᠲᠠᠶ ᠬᠡᠷᠡᠭᠴᠡᠭᠡ ᠪᠠᠨ ᠦᠨᠳᠦᠰᠦᠯᠡᠨ᠂ ᠨᠡᠷᠡᠰ ᠳᠠᠬᠢ ᠦᠢᠯᠡᠴᠢᠯᠡᠭᠡᠨ ᠤ ᠲᠥᠷᠥᠯ ᠵᠦᠢᠯ ᠪᠠ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠰᠣᠩᠭᠤᠨ ᠬᠡᠷᠡᠭᠯᠡᠬᠦ ᠳᠤ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠢ ᠣᠷᠣᠯᠠᠨ ᠰᠦᠢᠳᠭᠡᠯ ᠬᠤᠷᠢᠶᠠᠬᠤ ᠳᠤ ᠦᠨ᠎ᠡ ᠨᠡᠮᠡᠵᠦ᠂ ᠠᠰᠢᠭ ᠣᠷᠣᠯᠭ᠎ᠠ ᠣᠯᠵᠤ ᠪᠣᠯᠬᠤ ᠥᠬᠡᠶ᠂ ᠠᠩᠭᠢ ᠶᠢᠨ ᠵᠥᠪᠯᠡᠯ᠂ ᠬᠡᠷ ᠪᠦᠯᠢ ᠶᠢᠨ ᠵᠥᠪᠯᠡᠯ ᠵᠡᠷᠭᠡ ᠪᠠᠷ ᠳᠠᠮᠵᠢᠭᠤᠯᠤᠨ ᠬᠡᠯᠪᠡᠷᠢ ᠪᠠᠨ ᠥᠭᠡᠷᠡᠲᠦᠭᠦᠯᠦᠨ ᠬᠠᠮᠢᠶ᠎ᠠ ᠪᠥᠬᠦᠶ ᠰᠦᠢᠳᠭᠡᠯ ᠬᠤᠷᠢᠶᠠᠵᠤ ᠪᠣᠯᠬᠤ ᠥᠬᠡᠶ᠃ ᠬᠢᠴᠢᠶᠡᠯ ᠤᠨ ᠳᠠᠷᠠᠭ᠎ᠠ ᠣᠷᠣᠯᠠᠨ ᠰᠦᠢᠳᠭᠡᠯ ᠬᠤᠷᠢᠶᠠᠬᠤ ᠳᠤ ᠰᠣᠷᠣᠭᠴᠢ ᠪᠤᠶᠤ ᠰᠣᠷᠣᠭᠴᠢ ᠶᠢᠨ ᠬᠡᠷ ᠤᠨ ᠠᠬᠠᠮᠠᠳ ᠤᠨ ᠰᠠᠶᠢᠨ ᠳᠤᠷ᠎ᠠ ᠶᠢᠨ ᠵᠠᠷᠴᠢᠮ ᠢ ᠴᠢᠩᠭ᠎ᠠ ᠵᠢᠷᠤᠮᠯᠠᠬᠤ ᠶᠢᠨ ᠬᠠᠮᠲᠤ ᠬᠡᠷ ᠤᠨ ᠠᠬᠠᠮᠠᠳ ᠲᠤ ᠤᠷᠢᠳ ᠢᠶᠠᠷ ᠮᠡᠳᠡᠭᠳᠡᠬᠦ ᠲᠦᠷᠢᠮ ᠢ ᠪᠠᠶᠢᠭᠤᠯᠵᠤ᠂ ᠰᠣᠷᠣᠭᠴᠢ ᠶᠢᠨ ᠬᠡᠷ ᠤᠨ ᠠᠬᠠᠮᠠᠳ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠬᠡᠷᠡᠭᠵᠢᠭᠦᠯᠵᠦ ᠪᠣᠯᠤᠨ᠎ᠠ᠃ ᠲᠣᠭᠲᠠᠴᠠ ᠶᠢ ᠲᠡᠭᠦᠯᠳᠡᠷᠵᠢᠭᠦᠯᠦᠨ᠂ ᠪᠠᠭᠤᠷᠠᠶ ᠰᠤᠷᠭᠠᠭᠤᠯᠢ᠂ ᠬᠥᠳᠡᠭᠡ ᠲᠣᠰᠬᠤᠨ ᠤ ᠰᠤᠷᠭᠠᠭᠤᠯᠢ ᠲᠡᠶᠢᠰᠢ ᠬᠡᠯᠪᠡᠶᠢᠯᠭᠡᠬᠦ ᠶᠢ ᠳᠡᠮᠵᠢᠬᠦ ᠶᠢᠨ ᠬᠠᠮᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠠᠴᠠ ᠰᠦᠢᠳᠬᠡᠯ ᠬᠤᠷᠢᠶᠠᠬᠤ ᠶᠢ ᠬᠠᠰᠤᠵᠤ ᠬᠡᠯᠲᠦᠷᠢᠭᠦᠯᠬᠦ ᠬᠡᠷᠡᠭᠲᠡᠶ᠃ ᠰᠤᠷᠭᠠᠭᠤᠯᠢ ᠣᠷᠣᠭᠤᠯᠤᠨ ᠠᠪᠴᠢᠷᠠᠭᠰᠠᠨ ᠬᠢᠴᠢᠶᠡᠯ ᠲᠥᠷᠥᠯ ᠤᠨ ᠪᠤᠰᠤ ᠪᠣᠯᠪᠠᠰᠤᠷᠠᠭᠤᠯᠤᠯ ᠤᠨ ᠣᠷᠣᠯᠠᠨ ᠰᠦᠢᠳᠭᠡᠯ ᠬᠤᠷᠢᠶᠠᠬᠤ ᠲᠥᠷᠥᠯ ᠵᠦᠢᠯ᠂ ᠰᠦᠢᠳᠭᠡᠯ ᠬᠤᠷᠢᠶᠠᠬᠤ ᠪᠠᠷᠢᠮᠵᠢᠶ᠎ᠠ᠂ ᠪᠠᠯᠠ ᠮᠥᠩᠭᠦ ᠶᠢᠨ ᠬᠡᠷᠡᠭᠯᠡᠭᠰᠡᠨ ᠪᠠᠶᠢᠳᠠᠯ ᠵᠢᠴᠢ ᠵᠠᠭᠠᠯᠳᠤᠬᠤ ᠤᠲᠠᠰᠤ ᠵᠡᠷᠭᠡ ᠶᠢ ᠢᠯᠡ ᠨᠡᠶᠢᠲᠡᠯᠡᠵᠦ᠂ ᠰᠣᠷᠣᠭᠴᠢ᠂ ᠬᠡᠷ ᠤᠨ ᠠᠬᠠᠮᠠᠳ ᠪᠠ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃ ᠬᠠᠮᠢᠶ᠎ᠠ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠲᠥᠷᠥᠯ ᠵᠦᠢᠯ ᠭᠠᠷᠭᠠᠬᠤ᠂ ᠡᠷᠬᠡ ᠠᠴᠠ ᠪᠠᠨ ᠳᠠᠪᠠᠭᠤᠯᠤᠨ ᠦᠨ᠎ᠡ ᠲᠣᠭᠲᠠᠭᠠᠬᠤ᠂ ᠪᠠᠷᠢᠮᠵᠢᠶ᠎ᠠ ᠠᠴᠠ ᠳᠠᠪᠠᠭᠤᠯᠤᠨ ᠰᠦᠢᠳᠬᠡᠯ ᠬᠤᠷᠢᠶᠠᠬᠤ᠂ ᠰᠦᠢᠳᠬᠡᠯ ᠬᠤᠷᠢᠶᠠᠬᠤ ᠬᠡᠪᠴᠢᠶ᠎ᠡ ᠪᠠᠨ ᠥᠷᠭᠡᠳᠬᠡᠬᠦ᠂ ᠰᠦᠢᠳᠬᠡᠯ ᠬᠤᠷᠢᠶᠠᠬᠤ ᠶᠢ ᠣᠷᠣᠯᠠᠨ ᠬᠤᠷᠢᠶᠠᠬᠤ ᠪᠠᠷ ᠳᠠᠮᠵᠢᠭᠤᠯᠤᠨ ᠦᠨ᠎ᠡ ᠶᠢᠨ ᠵᠥᠷᠢᠶ᠎ᠡ ᠣᠯᠬᠤ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠤ ᠪᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃    
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号