ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠡᠨᠡ 3 ᠵᠢᠯ ᠳᠤ ᠶᠠᠮᠠᠷ ᠶᠠᠮᠠᠷ ᠬᠤᠪᠢᠷᠠᠯᠲᠠ ᠭᠠᠷᠭᠠᠭᠰᠠᠨ ᠪᠤᠢ︖
ᠨᠡᠶᠢᠲᠡᠯᠡᠭᠰᠡᠨ ᠴᠠᠭ᠄
2023/11/8
    ᠰᠤᠷᠭᠠᠨ ᠬᠥᠮᠦᠵᠢᠯ ᠤᠨ ᠦᠨᠡᠯᠡᠯᠲᠡ ᠪᠣᠯ ᠰᠤᠷᠭᠠᠨ ᠬᠥᠮᠦᠵᠢᠯ ᠤᠨ ᠬᠥᠭᠵᠢᠯᠲᠡ ᠶᠢᠨ ᠴᠢᠭᠯᠡᠯ ᠳᠤ ᠬᠤᠯᠪᠣᠭᠳᠠᠨ᠎ᠠ᠃ 2020 ᠣᠨ ᠤ 9 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠡᠷᠦᠩᠬᠡᠢ ᠲᠥᠰᠦᠯ︾ ᠢ ᠳᠠᠷᠤᠮᠠᠯᠯᠠᠨ ᠲᠠᠷᠬᠠᠭᠠᠪᠠ᠃ 3 ᠵᠢᠯ ᠤᠨ ᠲᠤᠷᠰᠢ᠂ ᠳᠦᠪ ᠤᠨ ᠰᠤᠷᠭᠠᠨ ᠬᠥᠮᠥᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭᠡᠴᠢ ᠶᠢᠨ ᠳᠤᠭᠤᠶᠢᠯᠠᠩ᠂ ᠰᠤᠷᠭᠠᠨ ᠬᠥᠮᠥᠵᠢᠯ ᠤᠨ ᠶᠠᠮᠤᠨ ᠬᠤᠯᠪᠣᠭᠳᠠᠯ ᠪᠦᠭᠦᠢ ᠡᠲᠡᠭᠡᠳ ᠤᠨ ᠬᠢᠨ ᠲᠠᠢ ᠬᠠᠮᠲᠤᠷᠠᠨ ᠢᠲᠠᠪᠭᠢᠲᠠᠢ ᠨᠠᠶᠢᠳᠠᠪᠤᠷᠢᠵᠢᠭᠤᠯᠵᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠣᠢᠭᠡᠷᠠᠴᠢᠯᠠᠯᠲᠠ ᠪᠠ ᠰᠢᠨ᠎ᠡ ᠶᠢ ᠡᠭᠦᠳᠬᠦ ᠶᠢ ᠭᠦᠨᠵᠡᠭᠡᠢ ᠠᠬᠢᠭᠤᠯᠵᠤ᠂ ᠰᠤᠷᠭᠠᠨ ᠬᠦᠢᠮᠣᠵᠢᠯ ᠤᠨ ᠣᠢᠨᠠᠯᠠᠯᠲᠠ ᠶᠢᠨ ᠣᠢᠭᠡᠷᠠᠴᠢᠯᠠᠯᠲᠠ ᠶᠢᠨ ᠠᠵᠢᠯ ᠱᠠᠲᠤᠴᠢ ᠴᠢᠨᠠᠷᠲᠠᠢ ᠣᠢᠷ᠎ᠠ ᠪᠥᠲᠦᠮᠵᠢ ᠣᠯᠪᠠ᠃ ᠬᠠᠮᠲᠤ ᠳᠤ ᠪᠠᠨ ᠣᠶᠢᠯᠠᠭᠠᠵᠠᠭᠠᠶ᠎ᠠ -          ᠰᠤᠷᠭᠠᠨ ᠬᠥᠮᠦᠵᠢᠯ ᠤᠨ ᠦᠨᠡᠯᠡᠯᠲᠡ ᠨᠢ ᠰᠤᠷᠭᠠᠨ ᠬᠥᠮᠦᠵᠢᠯ ᠤᠨ ᠬᠥᠭᠵᠢᠯᠲᠡ ᠶᠢᠨ ᠴᠢᠭᠯᠡᠯ ᠳᠤ ᠬᠤᠯᠪᠣᠭᠳᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠲᠠᠢ ᠬᠤᠯᠪᠣᠭᠳᠠᠨ᠎ᠠ᠃ ᠶᠠᠮᠠᠷ ᠦᠨᠡᠯᠡᠯᠲᠡ ᠶᠢᠨ ᠵᠢᠯᠣᠭᠤᠳᠤᠯᠭ᠎ᠠ ᠲᠠᠢ ᠪᠣᠯ ᠶᠠᠮᠠᠷ ᠰᠤᠷᠭᠠᠭᠤᠯᠢ ᠡᠷᠬᠢᠯᠡᠬᠦ ᠤᠳᠤᠷᠢᠳᠤᠮᠵᠢ ᠪᠤᠢ᠃ ᠡᠭᠦᠨ ᠤ ᠬᠠᠮᠲᠤ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠪᠣᠯ ᠪᠠᠰᠠ ᠴᠤ ᠨᠢᠭᠡ ᠵᠦᠢᠯ ᠤᠨ ᠳᠡᠯᠡᠬᠡᠢ ᠶᠢᠨ ᠴᠢᠨᠠᠷᠲᠠᠢ᠂ ᠲᠡᠦᠬᠡᠲᠦ ᠴᠢᠨᠠᠷᠲᠠᠢ᠂ ᠦᠢᠯᠡᠳᠦᠯᠭᠡ ᠶᠢᠨ ᠴᠢᠨᠠᠷᠲᠠᠢ ᠪᠡᠷᠬᠡ ᠠᠰᠠᠭᠤᠳᠠᠯ ᠮᠥᠨ᠃          ᠬᠦᠴᠢᠷ ᠪᠡᠷᠬᠡᠰᠢᠶᠡᠯ ᠤᠨ ᠡᠮᠦᠨ᠎ᠡ ᠬᠠᠳᠠᠨ ᠵᠣᠷᠢᠭ ᠢᠶᠠᠨ ᠢᠯᠡᠷᠡᠭᠦᠯᠪᠡ          ᠶᠡᠷᠦᠩᠬᠡᠢ ᠱᠦᠵᠢ ᠰᠢ ᠶᠢᠨ ᠫᠢᠩ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠠᠢ᠃ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷ᠎ᠡ᠂ ᠲᠡᠷᠡ᠂ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠰᠢᠨᠵᠢᠯᠡᠬᠦ ᠤᠬᠠᠭᠠᠨᠴᠢ ᠪᠤᠰᠤ ᠰᠤᠷᠭᠠᠨ ᠬᠥᠮᠦᠵᠢᠯ ᠤᠨ ᠦᠨᠡᠯᠡᠯᠲᠡ ᠶᠢᠨ ᠤᠳᠤᠷᠢᠳᠤᠮᠵᠢ ᠶᠢ ᠬᠤᠪᠢᠷᠠᠭᠤᠯᠵᠤ᠂ ᠬᠤᠪᠢ ᠶᠢ ᠯᠡ ᠬᠥᠭᠡᠭᠡᠴᠡᠯᠳᠦᠬᠦ᠂ ᠰᠤᠷᠭᠠᠭᠤᠯᠢ ᠳᠡᠪᠰᠢᠬᠦ ᠶᠢ ᠯᠠ ᠬᠥᠭᠡᠭᠡᠴᠡᠯᠳᠦᠬᠦ᠂ ᠦᠨᠡᠮᠯᠡᠯ ᠢ ᠯᠠ ᠬᠥᠭᠡᠭᠡᠴᠡᠯᠳᠦᠬᠦ᠂ ᠥᠭᠦᠯᠡᠯ ᠢ ᠯᠠ ᠬᠥᠭᠡᠭᠡᠴᠡᠯᠳᠦᠬᠦ᠂ ᠢᠷᠠᠭᠤ ᠠᠯᠳᠠᠷ ᠢ ᠯᠠ ᠬᠥᠭᠡᠭᠡᠴᠡᠯᠳᠦᠬᠦ ᠠᠷᠬᠠᠭ ᠭᠡᠮ ᠢ ᠡᠷᠡᠰ ᠲᠡᠪᠴᠢᠵᠦ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠳᠣᠬᠢᠭᠤᠷ ᠤᠨ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ  ᠬᠡᠷᠡᠭᠲᠡᠢ᠃ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠲᠠᠢ ᠨᠢᠭᠲᠠ ᠤᠶᠠᠯᠳᠤᠭᠤᠯᠤᠨ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠯᠠᠨ ᠡᠰᠢᠵᠢᠭᠦᠯᠦᠭᠰᠡᠨ ᠪᠡᠶᠡᠴᠢ ᠴᠣᠭᠴᠠ ᠣᠷᠣᠯᠴᠠᠭᠰᠠᠨ᠂ ᠮᠠᠨ ᠤ ᠤᠯᠤᠰ ᠤᠨ ᠪᠣᠳᠠᠲᠤ ᠪᠠᠶᠢᠳᠠᠯ ᠳᠤ ᠨᠡᠶᠢᠴᠡᠭᠰᠡᠨ᠂ ᠳᠡᠯᠡᠬᠡᠢ ᠶᠢᠨ ᠬᠢᠷᠢ ᠲᠦᠪᠰᠢᠨ ᠪᠥᠬᠦᠢ ᠰᠤᠷᠭᠠᠨ ᠬᠥᠮᠦᠵᠢᠯ ᠤᠨ ᠦᠨᠡᠯᠡᠯᠲᠡ ᠶᠢᠨ ᠳᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ ᠭᠡᠵᠦ ᠭᠦᠨᠵᠡᠭᠡᠢ ᠵᠢᠭᠠᠵᠤ ᠭᠠᠷᠭᠠᠪᠠ᠃          2020 ᠣᠨ ᠤ 9 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ  ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠡᠷᠦᠩᠬᠡᠢ ᠲᠥᠰᠦᠯ︾ ︵ᠳᠣᠷᠣᠭᠰᠢ ︽ᠶᠡᠷᠦᠩᠬᠡᠢ ᠲᠥᠰᠦᠯ︾ ᠭᠡᠵᠦ  ᠳᠦᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ︽ᠲᠠᠪᠤ ᠶᠢ ᠬᠥᠭᠡᠭᠡᠴᠡᠯᠳᠦᠬᠦ︾ ᠠᠷᠬᠠᠭ ᠭᠡᠮ ᠢ ᠢᠯᠠᠨ ᠳᠠᠪᠠᠭ᠋ᠤ ᠶᠢ ᠰᠢᠰᠲ᠋ᠧᠮ ᠲᠠᠢ ᠪᠠᠶᠢᠷᠢᠯᠠᠭᠤᠯᠪᠠ᠃ ᠡᠨᠡ ᠪᠣᠯ ᠰᠢᠨ᠎ᠡ ᠳᠤᠮᠳᠠᠳᠤ ᠤᠯᠤᠰ ᠤᠨ ᠠᠩᠬᠠᠳᠠᠭᠴᠢ ᠰᠤᠷᠭᠠᠨ ᠬᠥᠮᠦᠵᠢᠯ ᠤᠨ ᠦᠨᠡᠯᠡᠯᠲᠡ ᠶᠢ ᠰᠢᠰᠲ᠋ᠧᠮᠲᠡᠢ ᠥᠭᠡᠷᠡᠴᠢᠯᠡᠬᠦ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠮᠥᠨ᠃          3 ᠵᠢᠯ ᠤᠨ ᠲᠤᠷᠰᠢ᠂ ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ᠂ ᠰᠤᠷᠭᠠᠨ ᠬᠥᠮᠦᠵᠢᠯ ᠤᠨ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠰᠢᠷᠢᠰ ︽ᠬᠠᠮ ᠨᠢᠳᠤᠷᠭ᠎ᠠ︾ ᠭᠠᠷᠭᠠᠵᠤ᠂ ︽ᠶᠡᠷᠦᠩᠬᠡᠢ ᠲᠥᠰᠦᠯ︾ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠪᠠ᠃ ᠲᠥᠪ ᠠᠴᠠ ᠣᠷᠣᠨ ᠨᠤᠲᠤᠭ᠂ ᠰᠤᠷᠤᠭᠴᠢ ᠠᠴᠠ ᠪᠠᠭᠰᠢ᠂ ᠰᠤᠷᠭᠠᠭᠤᠯᠢ ᠠᠴᠠ ᠨᠡᠶᠢᠭᠡᠮ ᠬᠦᠷᠲᠡᠯ᠎ᠡ ︽ᠲᠠᠪᠤ ᠶᠢ ᠬᠥᠭᠡᠭᠡᠴᠡᠯᠳᠦᠬᠦ︾ ᠶᠢ ᠡᠪᠳᠡᠬᠦ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ︽ᠬᠠᠲᠠᠭᠤ ᠳᠠᠶᠢᠯᠠᠯᠳᠤᠭᠠᠨ︾ ᠢ ᠪᠦᠬᠦ ᠲᠠᠯ᠎ᠠ ᠪᠠᠷ ᠡᠬᠢᠯᠡᠭᠦᠯᠪᠡ᠃          ︽ᠲᠠᠪᠤ ᠶᠢ ᠬᠥᠭᠡᠭᠡᠴᠡᠯᠳᠦᠬᠦ︾ ᠶᠢ ᠠᠷᠢᠯᠭᠠᠵᠤ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠭᠠᠪᠠ          ︽ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠳᠤ ᠲᠠᠯᠠᠷᠬᠠᠵᠤ ᠪᠠᠶᠢᠨ᠎ᠠ᠂ ᠪᠢ ᠰᠢᠶᠠᠨ ᠤ ᠱᠠᠩᠨᠠᠯ ᠠᠪᠬᠤ ᠲᠠᠪᠴᠠᠩ ᠳᠡᠭᠡᠷ᠎ᠡ ᠵᠣᠭᠰᠣᠬᠤ ᠲᠣᠬᠢᠶᠠᠯ ᠲᠠᠢ ᠪᠣᠯᠵᠠᠢ︕︾ ᠬᠤᠨᠠᠨ ᠮᠤᠵᠢ ᠶᠢᠨ ᠶᠤᠸᠡᠢ ᠶᠠᠩ ᠬᠤᠲᠠ ᠶᠢᠨ ᠫᠢᠩ ᠵᠢᠶᠠᠩ ᠰᠢᠶᠠᠨ ᠤ 2022 ᠣᠨ ᠤ ᠰᠠᠭᠤᠷᠢ ᠰᠤᠷᠭᠠᠨ ᠬᠥᠮᠦᠵᠢᠯ ᠤᠨ ᠠᠵᠢᠯ ᠤᠨ ᠬᠤᠷᠠᠯ ᠳᠡᠭᠡᠷ᠎ᠡ᠂ ᠲᠤᠰ ᠰᠢᠶᠠᠨ ᠤ ᠶᠢᠨ ᠫᠢᠩ ᠳᠤᠮᠳᠠᠳᠤ ᠰᠤᠷᠭᠠᠭᠤᠯᠢ ᠶᠢᠨ ᠵᠠᠬᠢᠷᠤᠯ ᠹᠠᠩ ᠱᠧᠩ ᠪᠢᠨ ᠰᠢᠯᠢᠳᠡᠭ ᠨᠡᠶᠢᠲᠡᠯᠢᠭ ᠵᠢᠱᠢᠶᠡᠴᠢ ᠶᠢᠨ ᠬᠤᠪᠢ ᠪᠠᠷ ᠦᠭᠡ ᠬᠡᠯᠡᠪᠡ᠃ ᠡᠨᠡ ᠬᠦ ᠰᠤᠷᠭᠠᠭᠤᠯᠢ ᠡᠷᠬᠢᠯᠡᠬᠦ ᠨᠥᠬᠦᠴᠡᠯ᠂ ᠪᠠᠭᠰᠢ᠂ ᠰᠤᠷᠤᠭᠴᠢ ᠶᠢᠨ ᠢᠷᠡᠯᠲᠡ ᠨᠢ ᠴᠥᠮ ᠬᠢᠵᠠᠭᠠᠷᠯᠠᠭᠳᠠᠭᠰᠠᠨ ᠬᠥᠳᠡᠭᠡ ᠲᠣᠰᠬᠤᠨ ᠤ ᠪᠤᠶᠢᠳᠠ ᠪᠥᠭᠯᠡᠭᠦᠦ ᠰᠤᠷᠭᠠᠭᠤᠯᠢ ᠶᠠᠭᠠᠬᠢᠭᠠᠳ ︽ᠰᠢᠯᠢᠳᠡᠭ︾ ᠢᠶᠠᠷ ᠦᠨᠡᠯᠡᠭᠳᠡᠭᠰᠡᠨ ᠪᠥᠭᠡᠳ ᠱᠠᠩᠨᠠᠯ ᠣᠯᠭᠤᠬᠤ ᠲᠠᠪᠴᠠᠩ ᠳᠤ ᠭᠠᠷᠴᠤ ᠴᠢᠳᠠᠭᠰᠠᠨ ᠪᠤᠢ︖          ︽ᠥᠨᠥᠳᠦᠷ ᠤᠨ ᠫᠢᠩ ᠵᠢᠶᠠᠩ ᠳᠤ ᠬᠤᠪᠢ ᠶᠢ ᠯᠡ ᠬᠥᠭᠡᠭᠡᠴᠡᠯᠳᠦᠬᠦ ᠦᠵᠡᠭᠳᠡᠯ ᠦᠭᠡᠢ ᠪᠣᠯᠵᠠᠢ︾᠃ ᠫᠢᠩ ᠵᠢᠶᠠᠩ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᡁᠢ ᠰᠢᠨ᠂ 2021 ᠣᠨ ᠠᠴᠠ ᠡᠬᠢᠯᠡᠨ᠂ ᠫᠢᠩ ᠵᠢᠶᠠᠩ ᠰᠢᠶᠠᠨ ᠤ ᠨᠡᠶᠢᠭᠡᠮ ᠤᠨ ᠡᠯ᠎ᠡ ᠡᠲᠡᠭᠡᠳ ᠤᠨ ᠬᠢᠨ ᠢ ᠬᠥᠲᠥᠯᠥᠨ ᠵᠢᠯᠣᠭᠤᠳᠴᠤ ᠤᠯᠠᠮᠵᠢᠯᠠᠯᠲᠤ ᠵᠥᠪᠬᠡᠨ ︽ᠴᠢᠨᠠᠷ ᠴᠢᠨᠰᠠᠭ᠎ᠠ ᠪᠠᠷ ᠬᠠᠮᠤᠭ ᠤᠨ ᠰᠠᠶᠢᠨ ᠰᠤᠷᠭᠠᠭᠤᠯᠢ ᠳᠤ ᠣᠷᠣᠬᠤ︾ ᠳᠤ ᠠᠩᠬᠠᠷᠤᠯ ᠬᠠᠨᠳᠤᠭᠤᠯᠵᠤ ᠪᠠᠶᠢᠭᠰᠠᠨ ᠠᠴᠠ ︽ᠬᠠᠮᠤᠭ ᠤᠨ ᠶᠡᠭᠡ ᠳᠠᠪᠰᠢᠯᠲᠠ ᠲᠠᠢ ᠰᠤᠷᠭᠠᠭᠤᠯᠢ ᠳᠤ ᠣᠷᠣᠬᠤ︾ ᠲᠡᠶᠢᠰᠢ ᠠᠩᠬᠠᠷᠤᠯ ᠢᠶᠠᠨ ᠬᠠᠨᠳᠤᠭᠤᠯᠬᠤ ᠪᠣᠯᠪᠠ᠃ ᠶᠢᠨ ᠫᠢᠩ ᠳᠤᠮᠳᠠᠳᠤ ᠰᠤᠷᠭᠠᠭᠤᠯᠢ ᠦᠢᠯᠡᠳᠦᠯᠭᠡ ᠶᠢᠨ ᠠᠵᠢᠯᠯᠠᠭᠠᠨ ᠤ ᠶᠠᠪᠤᠴᠠ ᠳᠤ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠬᠥᠭᠵᠢᠭᠦᠯᠵᠦ᠂ ᠰᠤᠷᠤᠭᠴᠢᠳ ︽ᠨᠢᠳᠦᠨ ᠳᠤ ᠦᠵᠡᠭᠳᠡᠬᠦ︾ ᠪᠣᠶᠢᠵᠢᠯᠲᠠ ᠪᠠᠷ ᠣᠯᠠᠨ᠋ ᠤ ᠮᠠᠭᠲᠠᠭᠠᠯ ᠢ ᠣᠯᠪᠠ᠃          ᠲᠥᠪ  ᠬᠤᠷᠢᠶ᠎ᠠ ᠠᠴᠠ ︽ᠶᠡᠷᠦᠩᠬᠡᠢ ᠳᠦᠰᠣᠯ︾ ᠢ ᠨᠡᠶᠢᠲᠡᠯᠡᠨ᠂ ᠳᠦᠷᠤ ᠶᠢᠨ ᠪᠣᠳᠣᠯᠭ᠎ᠠ ᠶᠢᠨ ᠦᠷ᠎ᠡ ᠪᠥᠲᠦᠮᠵᠢ ᠶᠢ ᠬᠠᠮᠤᠭ ᠤᠨ ᠡᠴᠦᠰ ᠲᠤ ᠶᠢᠨ ᠫᠢᠩ ᠮᠡᠲᠦ ᠶᠢᠨ ᠡᠶᠢᠮᠦᠷᠬᠦᠦ ᠦᠨᠳᠦᠰᠦᠨ ᠱᠠᠲᠤᠨ ᠤ ᠳᠤᠮᠳᠠᠳᠤ ᠰᠤᠷᠭᠠᠭᠤᠯᠢ ᠳᠤ ᠪᠡᠶᠡᠯᠡᠭᠦᠯᠦᠭᠰᠡᠨ ᠨᠢ ︽ᠶᠡᠷᠦᠩᠬᠡᠢ ᠳᠦᠰᠣᠯ︾ ᠪᠣᠯ ᠨᠢᠭᠡᠨ ᠤᠳᠠᠭᠠᠨ ᠤ ᠪᠣᠭᠤᠮᠲᠠ ᠰᠢᠪᠲᠤᠯᠬᠤ ᠲᠠᠶᠢᠯᠠᠯᠳᠤᠭᠠᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠯ ᠨᠢᠭᠡ ᠤᠳᠠᠭᠠᠨ ᠤ ᠨᠠᠩ ᠬᠦᠴᠢᠷ ᠪᠡᠷᠬᠡᠰᠢᠶᠡᠯᠲᠦ ᠬᠠᠲᠠᠭᠤ ᠳᠠᠶᠢᠯᠠᠯᠳᠤᠭᠠᠨ ᠭᠡᠳᠡᠭ ᠢ ᠮᠡᠳᠡᠷᠡᠭᠦᠯᠪᠡ᠃          ᠡᠨᠡ ᠪᠣᠯ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠤ ︽ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠨᠢ ᠡᠷᠴᠢᠮ ᠦᠭᠡᠢ᠂ ᠬᠡᠷᠡᠭᠵᠢᠭᠦᠯᠬᠦ ᠡᠷᠴᠢᠮ ᠳᠡᠰ ᠳᠡᠰ ᠪᠠᠷ ᠪᠠᠭᠤᠷᠠᠬᠤ ᠦᠵᠡᠭᠳᠡᠯ︾ ᠢ ᠪᠦᠲᠦᠮᠵᠢᠲᠡᠢ ᠢᠯᠠᠨ ᠳᠠᠪᠠᠭ᠋ᠤ ︽ᠳᠠᠭᠠᠭᠤᠯᠤᠭᠴᠢ ᠳᠠᠶᠢᠯᠠᠯᠳᠤᠭᠠᠨ︾ ᠪᠣᠯᠪᠠ -          ᠠᠬᠢᠭᠤᠯᠬᠤ ᠬᠤᠷᠠᠯ ᠬᠢᠪᠡ᠃ ︽ᠶᠡᠷᠦᠩᠬᠡᠢ ᠲᠥᠰᠦᠯ︾ ᠢ ᠳᠠᠷᠤᠮᠠᠯᠯᠠᠨ ᠲᠠᠷᠬᠠᠭᠠᠭᠰᠠᠨ ᠠᠴᠠ ᠨᠠᠭᠠᠰᠢ᠂ ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ᠂ ᠰᠤᠷᠭᠠᠨ ᠬᠥᠮᠦᠵᠢᠯ ᠤᠨ ᠶᠠᠮᠤᠨ ᠬᠠᠮᠲᠤᠷᠠᠨ ᠪᠦᠬᠦ ᠤᠯᠤᠰ ᠤᠨ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠠᠯᠬᠤᠮ ᠳᠠᠷᠠᠭ᠎ᠠ ᠲᠠᠢ ᠠᠬᠢᠭᠤᠯᠬᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠤᠬᠠᠭᠤᠯᠵᠤ ᠬᠥᠲᠥᠯᠥᠨ ᠵᠢᠯᠣᠭᠤᠳᠬᠤ ᠪᠠ ᠰᠢᠪᠠᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠪᠠ᠃          ᠪᠣᠯᠪᠠᠰᠤᠷᠠᠭᠤᠯᠵᠤ ᠰᠤᠳᠤᠯᠤᠨ ᠶᠠᠷᠢᠯᠴᠠᠬᠤ ᠠᠩᠭᠢ ᠡᠷᠬᠢᠯᠡᠪᠡ᠃ ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ᠂ ᠰᠤᠷᠭᠠᠨ ᠬᠥᠮᠦᠵᠢᠯ ᠤᠨ ᠶᠠᠮᠤᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ᠪᠦᠬᠦ ᠤᠯᠤᠰ ᠤᠨ ᠪᠣᠯᠪᠠᠰᠤᠷᠠᠭᠤᠯᠵᠤ ᠰᠤᠳᠤᠯᠤᠨ ᠶᠠᠷᠢᠯᠴᠠᠬᠤ ᠠᠩᠭᠢ ᠶᠢ 3 ᠤᠳᠠᠭ᠎ᠠ ᠡᠷᠬᠢᠯᠡᠵᠦ᠂ ᠲᠥᠷᠥ ᠶᠢᠨ ᠪᠣᠳᠣᠯᠭ᠎ᠠ ᠶᠢ 160 ᠭᠠᠷᠤᠢ ᠲᠠᠯᠠᠪᠤᠷ ᠤᠬᠠᠭᠤᠯᠤᠨ ᠲᠠᠶᠢᠯᠪᠤᠷᠢᠯᠠᠵᠠᠢ᠃          ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠪᠡ᠃ ᠰᠤᠷᠭᠠᠨ ᠬᠥᠮᠦᠵᠢᠯ ᠤᠨ ᠶᠠᠮᠤᠨ 6 ᠮᠤᠵᠢ ᠣᠷᠣᠨ ᠪᠠ 10 ᠶᠡᠭᠡ ᠳᠡᠭᠡᠳᠦ ᠰᠤᠷᠭᠠᠭᠤᠯᠢ ᠳᠤ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠨᠡᠭᠡᠭᠡᠵᠦ᠂ ᠤᠷᠢᠳ ᠬᠤᠵᠢᠳ 4 ᠤᠳᠠᠭ᠎ᠠ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ 2023 ᠣᠨ ᠳᠤ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ 16 ᠲᠤᠷᠰᠢᠯᠲᠠ ᠶᠢᠨ ᠴᠡᠭ ᠤᠨ ᠨᠢᠭᠡᠴᠢ ᠶᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠣᠳᠤᠯᠵᠤ᠂ ᠶᠠᠪᠤᠴᠠ ᠶᠢ ᠮᠥᠷᠳᠡᠬᠦ ᠪᠠ ᠵᠢᠯᠣᠭᠤᠳᠤᠨ ᠰᠢᠪᠠᠳᠠᠭᠤᠯᠬᠤ ᠶᠢ  ᠴᠢᠩᠭᠠᠳᠬᠠᠨ᠂ ᠦᠨᠳᠦᠰᠦᠨ ᠱᠠᠲᠤᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ︽ᠡᠬᠢ ᠡᠭᠦᠰᠦᠯ ᠠᠴᠠ ᠨᠢ ᠠᠮᠢᠳᠤᠯᠢᠭ ᠪᠣᠯᠭᠠᠬᠤ︾ ᠦᠢᠯᠡᠳᠦᠯ ᠢ ᠬᠦᠴᠦᠯᠡᠨ ᠪᠠᠳᠠᠷᠠᠭᠤᠯᠪᠠ᠃          ᠳᠡᠭᠡᠳᠦ ᠱᠠᠲᠤᠨ ᠤ ᠠᠬᠢᠭᠤᠯᠤᠯ ᠳᠣᠣᠷ᠎ᠠ᠂ ᠡᠯ᠎ᠡ ᠭᠠᠵᠠᠷ ᠤᠨ ᠬᠢᠨ ᠬᠤᠶᠢᠨ᠎ᠠ ᠬᠤᠶᠢᠨ᠎ᠠ ᠠᠴᠠ ᠪᠠᠨ ᠬᠥᠳᠡᠯᠦᠯᠴᠡᠵᠦ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠪᠠ ᠪᠣᠯᠪᠠᠰᠤᠷᠠᠯ ᠤᠨ ᠠᠭᠤᠯᠭ᠎ᠠ ᠳᠤ ᠣᠷᠣᠭᠤᠯᠪᠠ᠃          ᠭᠤᠸᠠᠩᠳᠦ᠋ᠩ᠂ ᠱᠠᠨᠰᠢ ᠵᠡᠷᠭᠡ ᠭᠠᠵᠠᠷ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠮᠤᠵᠢ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠭᠤᠣᠯᠳᠠᠯᠭ᠎ᠠ ᠲᠠᠢ ᠡᠭᠦᠷᠭᠡ ᠪᠣᠯᠭᠠᠵᠤ᠂ ᠡᠯ᠎ᠡ ᠬᠤᠲᠠ ᠰᠢᠶᠠᠨ ᠤ ᠬᠠᠷᠠᠯᠲᠠ ᠪᠠ ᠬᠠᠷᠢᠭᠤᠴᠠᠯᠭ᠎ᠠ ᠶᠢ ᠬᠢᠨᠠᠨ ᠰᠢᠯᠭᠠᠵᠤ᠂ ᠰᠤᠷᠭᠠᠨ ᠬᠥᠮᠦᠵᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠢ ᠦᠨᠡᠯᠡᠯᠲᠡ ᠳᠤ ᠣᠷᠣᠭᠤᠯᠤᠨ᠂ ᠥᠭᠡᠷᠡᠴᠢᠯᠡᠯᠲᠡ ᠶᠢ ᠪᠣᠳᠠᠲᠠᠶᠢᠵᠢᠭᠤᠯᠬᠤ ᠶᠢ ᠠᠬᠢᠭᠤᠯᠪᠠ᠃          ᠬᠤᠨᠠᠨ᠂ ᠶᠦᠨᠨᠠᠨ ᠵᠡᠷᠭᠡ ᠭᠠᠵᠠᠷ ᠣᠷᠣᠨ ᠶᠡᠷᠦᠩᠬᠡᠢ ᠲᠥᠰᠦᠯ ᠢ ᠰᠤᠷᠤᠯᠴᠠᠨ ᠲᠤᠭᠤᠰᠢᠯᠠᠭᠤᠯᠬᠤ ᠶᠠᠪᠤᠳᠠᠯ ᠢ ᠡᠯ᠎ᠡ ᠱᠠᠲᠤᠨ ᠤ ᠨᠠᠮ ᠤᠨ ᠰᠤᠷᠭᠠᠭᠤᠯᠢ ᠶᠢᠨ ᠺᠠᠳ᠋ᠷᠴᠤᠳ ᠢ ᠪᠣᠯᠪᠠᠰᠤᠷᠠᠭᠤᠯᠬᠤ ᠠᠭᠤᠯᠭ᠎ᠠ ᠳᠤ ᠣᠷᠣᠭᠤᠯᠵᠤ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ 4 ᠲᠦᠮᠡ ᠰᠢᠬᠠᠮ ᠬᠥᠮᠦᠨ ᠣᠷᠣᠯᠴᠠᠭᠰᠠᠨ ᠰᠦᠯᠵᠢᠶᠡᠨ ᠤ ᠪᠣᠯᠪᠠᠰᠤᠷᠠᠯ ᠢ ᠡᠷᠬᠢᠯᠡᠪᠡ᠃          ᠯᠢᠶᠣᠤᠨᠢᠩ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠪᠣᠯᠪᠠᠰᠤᠷᠠᠯ ᠢᠶᠠᠷ ᠳᠠᠮᠵᠢᠭᠤᠯᠤᠨ᠂ ᠮᠤᠵᠢ ᠶᠢᠨ ᠳᠣᠲᠣᠭᠠᠳᠤ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠬᠦ ᠪᠦᠷᠢᠯᠳᠦᠬᠦᠨ ᠨᠢᠭᠡᠴᠢ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠪᠦᠬᠦ ᠺᠠᠳ᠋ᠷ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠪᠦᠬᠦ ᠺᠠᠳ᠋ᠷ ᠪᠠᠭᠰᠢ ᠶᠢᠨ ︽ᠭᠤᠷᠪᠠ ᠶᠢ ᠪᠦᠬᠦᠨ ᠢ ᠬᠠᠮᠤᠷᠬᠤ︾ ᠶᠢ ᠪᠡᠶᠡᠯᠡᠭᠦᠯᠵᠦ᠂ 59 ᠲᠦᠮᠡᠨ ᠬᠥᠮᠦᠨ ᠢ ᠪᠣᠯᠪᠠᠰᠤᠷᠠᠭᠤᠯᠪᠠ᠃          ᠡᠨᠡ ᠪᠣᠯ ᠠᠵᠢᠯ ᠤᠨ ᠨᠠᠷᠢᠨ ᠳᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ᠵᠢᠷᠤᠭ ᠲᠥᠯᠥᠪᠯᠡᠭᠡ ᠶᠢ ᠪᠠᠷᠢᠯᠭ᠎ᠠ ᠶᠢᠨ ᠵᠢᠷᠤᠭ ᠪᠣᠯᠭᠠᠨ ᠬᠤᠪᠢᠷᠠᠭᠤᠯᠬᠤ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠮᠥᠨ᠃          ︽ᠶᠡᠷᠦᠩᠬᠡᠢ ᠲᠥᠰᠦᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ᠂ ᠰᠤᠷᠭᠠᠨ ᠬᠥᠮᠦᠵᠢᠯ ᠤᠨ ᠶᠠᠮᠤᠨ ᠭᠤᠣᠯᠳᠠᠯᠭ᠎ᠠ ᠳᠤ ᠠᠩᠬᠠᠷᠤᠯ ᠢᠶᠠᠨ ᠬᠠᠨᠳᠤᠭᠤᠯᠵᠤ᠂ ᠵᠠᠩᠭᠢᠯᠠᠭ᠎ᠠ ᠳᠤ ᠬᠦᠴᠦ ᠪᠠᠨ ᠲᠥᠪᠯᠡᠷᠡᠭᠦᠯᠦᠨ᠂ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠬᠠᠮᠢᠶ᠎ᠠ ᠪᠦᠬᠦᠢ ᠶᠠᠮᠤᠨ ᠵᠥᠪᠯᠡᠯ᠂ ᠰᠤᠷᠭᠠᠨ ᠬᠥᠮᠦᠵᠢᠯ ᠤᠨ ᠶᠠᠮᠤᠨ ᠤ ᠡᠯ᠎ᠡ ᠵᠤᠷᠭᠠᠨ ᠲᠣᠪᠴᠢᠶ᠎ᠠ᠂ ᠣᠷᠣᠨ ᠨᠤᠲᠤᠭ ᠪᠠ ᠶᠡᠭᠡ ᠳᠡᠭᠡᠳᠦ ᠰᠤᠷᠭᠠᠭᠤᠯᠢ ᠵᠡᠷᠭᠡ 4 ᠢᠵᠢ ᠠᠵᠢᠯ ᠤᠨ ᠨᠠᠷᠢᠨ ᠳᠠᠩᠰᠠ ᠶᠢ ᠲᠣᠭᠲᠠᠭᠠᠨ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠲᠣᠬᠢᠷᠠᠭᠤᠯᠤᠨ᠂ ᠲᠥᠯᠦᠪᠯᠡᠭᠡ᠂ ᠬᠠᠷᠠᠯᠲᠠ᠂ ᠠᠬᠢᠴᠠ ᠪᠣᠯᠤᠨ ᠱᠠᠭᠠᠷᠳᠠᠯᠭ᠎ᠠ ᠶᠣᠰᠤ ᠪᠠᠷ ᠬᠡᠷᠡᠭᠵᠢᠭᠦᠯᠪᠡ᠃          ᠡᠭᠦᠨ ᠤ ᠬᠠᠮᠲᠤ᠂ 31 ᠮᠤᠵᠢ ᠣᠷᠣᠨ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠪᠦᠬᠦᠨ ᠢᠶᠠᠷ ᠢᠶᠠᠨ ᠠᠵᠢᠯ ᠤᠨ ᠨᠠᠷᠢᠨ ᠳᠠᠩᠰᠠ ᠶᠢ ᠳᠠᠷᠤᠮᠠᠯᠯᠠᠨ ᠲᠠᠷᠬᠠᠭᠠᠵᠤ᠂ ᠲᠥᠪ ᠤᠨ ᠥᠭᠡᠷᠡᠴᠢᠯᠡᠯᠲᠡ ᠶᠢᠨ ︽ᠵᠢᠷᠤᠭ ᠲᠥᠯᠥᠪᠯᠡᠭᠡ︾ ᠶᠢ ᠲᠤᠰ ᠭᠠᠵᠠᠷ ᠤᠨ ︽ᠪᠠᠷᠢᠯᠭ᠎ᠠ ᠶᠢᠨ ᠵᠢᠷᠤᠭ︾ ᠪᠣᠯᠭᠠᠨ ᠬᠤᠪᠢᠷᠠᠭᠤᠯᠪᠠ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠤᠷᠭᠠᠨ ᠬᠥᠮᠦᠵᠢᠯ ᠤᠨ ᠦᠨᠡᠯᠡᠯᠲᠡ ᠶᠢᠨ ᠳᠣᠭᠲᠠᠯᠴᠠᠭ᠎ᠠ ᠶᠢ ᠲᠡᠭᠦᠯᠳᠡᠷᠵᠢᠭᠦᠯᠬᠦ ᠲᠤᠬᠠᠢ ᠰᠢᠨ᠎ᠡ ᠱᠠᠭᠠᠷᠳᠠᠯᠭ᠎ᠠ ᠳᠤᠷᠠᠳᠴᠤ᠂ ᠰᠤᠷᠭᠠᠨ ᠬᠥᠮᠦᠵᠢᠯ ᠤᠨ ᠶᠠᠮᠤᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠠᠬᠢᠭᠤᠯᠬᠤ ᠵᠦᠢᠯ ᠢ ᠴᠠᠭ ᠲᠤᠬᠠᠢ ᠳᠤ ᠨᠢ ᠰᠤᠳᠤᠯᠤᠨ ᠲᠣᠭᠲᠠᠭᠠᠪᠠ᠃          ︽︿ᠲᠠᠪᠤ ᠶᠢ ᠬᠥᠭᠡᠭᠡᠴᠡᠯᠳᠦᠬᠦ﹀ ᠶᠢ ᠠᠷᠢᠯᠭᠠᠭᠰᠠᠨ ᠤ ᠳᠠᠷᠠᠭ᠎ᠠ᠂ ᠬᠥᠮᠦᠨ ᠨᠡᠶᠢᠭᠡᠮ ᠤᠨ ᠰᠢᠨᠵᠢᠯᠡᠭᠡᠨ ᠤ ᠰᠠᠯᠠᠭ᠎ᠠ ᠶᠠᠭᠠᠬᠢᠵᠤ ᠨᠡᠩ ᠰᠢᠨᠵᠢᠯᠡᠬᠦ ᠤᠬᠠᠭᠠᠨᠴᠢ᠂ ᠨᠡᠩ ᠰᠠᠶᠢᠨ ᠰᠠᠶᠢᠬᠠᠨ ᠰᠢᠨ᠎ᠡ ᠬᠡᠯᠪᠡᠷᠢ ᠶᠢᠨ ᠦᠨᠡᠯᠡᠯᠲᠡ ᠶᠢᠨ ᠵᠠᠭᠪᠤᠷ ᠢ ᠲᠦᠷᠭᠡᠨ ᠪᠠᠶᠢᠭᠤᠯᠤᠭᠰᠠᠨ ᠪᠤᠢ︖︾᠂ ︽ᠲᠣᠭᠠᠵᠢᠭᠤᠯᠤᠭᠰᠠᠨ ᠴᠠᠭ ᠦᠶ᠎ᠡ ᠶᠢᠨ ᠣᠨᠴᠠᠯᠢᠭ ᠲᠤ ᠨᠡᠶᠢᠴᠡᠭᠰᠡᠨ᠂ ᠣᠶᠤᠨᠴᠢ ᠰᠤᠷᠭᠠᠨ ᠬᠥᠮᠦᠵᠢᠯ ᠤᠨ ᠬᠥᠭᠵᠢᠯᠲᠡ ᠳᠤ ᠵᠣᠬᠢᠴᠠᠭᠰᠠᠨ ᠰᠢᠨ᠎ᠡ ᠬᠡᠯᠪᠡᠷᠢ ᠶᠢᠨ ᠦᠨᠡᠯᠡᠯᠲᠡ ᠶᠢᠨ ᠵᠠᠭᠪᠤᠷ ᠪᠠ ᠦᠨᠡᠯᠡᠯᠲᠡ ᠶᠢᠨ ᠳᠣᠭᠲᠠᠯᠴᠠᠭ᠎ᠠ ᠶᠢ ᠶᠠᠭᠠᠬᠢᠵᠤ  ᠪᠠᠶᠢᠭᠤᠯᠤᠭᠰᠠᠨ ᠪᠤᠢ︖︾᠂ ︽ᠶᠡᠷᠦᠩᠬᠡᠢ ᠲᠥᠰᠦᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ᠲᠣᠭᠤᠷᠢᠨ ᠳᠤ ᠰᠤᠳᠤᠯᠭᠠᠨ ᠤ ᠪᠠᠶᠢᠭᠤᠯᠤᠮᠵᠢ᠂ ᠰᠤᠳᠤᠯᠭᠠᠨ ᠤ ᠦᠷ᠎ᠡ ᠪᠦᠲᠦᠭᠡᠯ᠂ ᠡᠷᠳᠡᠮ ᠰᠢᠨᠵᠢᠯᠡᠭᠡᠨ ᠤ ᠶᠠᠷᠢᠶᠠᠨ ᠤ ᠲᠠᠪᠴᠠᠩ ᠲᠠᠰᠤᠷᠠᠯᠲᠠ ᠥᠬᠡᠶ ᠴᠣᠯᠭᠤᠷᠠᠨ ᠭᠠᠷᠴᠤ᠂ ᠣᠨᠣᠯ ᠤᠨ ᠰᠤᠳᠤᠯᠭᠠᠨ ᠤ ᠳᠠᠪᠬᠤᠷᠭ᠎ᠠ ᠳᠤ ︽ᠲᠠᠪᠤ ᠶᠢ ᠬᠥᠭᠡᠭᠡᠴᠡᠯᠳᠦᠬᠦ︾ ᠶᠢ ᠠᠷᠢᠯᠭᠠᠬᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠶᠢ ᠠᠬᠢᠭᠤᠯᠪᠠ᠃          ︽ᠪᠦᠬᠦ ᠨᠡᠶᠢᠭᠡᠮ ᠢᠶᠠᠷ ᠢᠶᠠᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠠᠬᠢᠭᠤᠯᠬᠤ ᠳᠤ ᠨᠡᠶᠢᠳᠡᠮ ᠤᠨ ᠬᠠᠮᠲᠤ ᠶᠢᠨ ᠲᠠᠨᠢᠯᠲᠠ ᠲᠠᠢ ᠪᠣᠯᠵᠤ᠂ ᠡᠯ᠎ᠡ ᠲᠠᠯ᠎ᠠ ᠶᠢᠨ ᠬᠢᠨ ᠶᠡᠭᠡ ᠪᠠᠷ ᠴᠢᠬᠤᠯᠠᠴᠢᠯᠠᠨ᠂ ᠡᠷᠴᠢᠮᠲᠡᠢ ᠠᠬᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ︿ᠲᠠᠪᠤ ᠶᠢ ᠬᠥᠭᠡᠭᠡᠴᠡᠯᠳᠦᠬᠦ﹀ ᠶᠢ ᠠᠷᠢᠯᠭᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ︾ ᠭᠡᠵᠦ ᠰᠤᠷᠭᠠᠨ ᠬᠥᠮᠥᠵᠢᠯ ᠤᠨ ᠶᠠᠮᠤᠨ ᠤ ᠬᠠᠮᠢᠶ᠎ᠠ ᠪᠦᠬᠦᠢ ᠵᠤᠷᠭᠠᠨ ᠤ ᠬᠠᠷᠢᠭᠤᠴᠠᠯᠭᠠᠲᠠᠨ ᠬᠡᠯᠡᠪᠡ᠃          ᠤᠯᠤᠰ ᠤᠨ ᠳᠡᠰ ᠤᠨ ᠢᠵᠢ ᠲᠥᠷᠥ ᠶᠢᠨ ᠪᠣᠳᠣᠯᠭ᠎ᠠ ᠶᠢᠨ ᠳᠣᠭᠲᠠᠯᠴᠠᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ          ︽ᠥᠭᠦᠯᠡᠯ ᠦᠭᠡᠢ ᠴᠦ ᠫᠷᠣᠹᠧᠰᠰᠣᠷ ᠪᠣᠯᠵᠤ ᠪᠣᠯᠤᠨ᠎ᠠ︾᠂ ᠨᠠᠨᠵᠢᠩ ᠣᠢ ᠰᠢᠭᠤᠢ ᠶᠢᠨ ᠶᠡᠭᠡ ᠰᠤᠷᠭᠠᠭᠤᠯᠢ ᠶᠢᠨ ᠪᠠᠭᠰᠢ ᠵᠢᠶᠠᠩ ᠬᠤᠸᠠ ᠰᠥᠩ ︽ᠵᠢᠭᠠᠬᠤ ᠨᠢ ᠰᠠᠶᠢᠨ ᠪᠠᠭᠰᠢ︾ ᠪᠠᠷ ᠲᠤᠰ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠳᠤᠰᠬᠠᠢ ᠮᠡᠷᠭᠡᠵᠢᠯ ᠤᠨ ᠬᠡᠯᠪᠡᠷᠢ ᠶᠢᠨ ᠫᠷᠣᠹᠧᠰᠰᠣᠷ ᠪᠣᠯᠤᠭᠰᠠᠨ ᠤ ᠳᠠᠷᠠᠭ᠎ᠠ ᠬᠠᠮᠤᠭ ᠤᠨ ᠠᠩᠬᠠᠨ ᠤ ᠫᠷᠣᠹᠧᠰᠰᠣᠷ ᠪᠣᠯᠵᠤ ᠳᠡᠪᠰᠢᠭᠰᠡᠨ ᠬᠥᠮᠦᠨ ᠶᠤᠮ᠃ ᠡᠭᠦᠨ ᠠᠴᠠ ᠡᠮᠦᠨ᠎ᠡ ︽ᠥᠭᠦᠯᠡᠯ ᠢ ᠯᠡ ᠬᠥᠭᠡᠭᠡᠴᠡᠯᠳᠦᠬᠦ︾ ᠳᠣᠬᠢᠭᠤᠷ ᠤᠨ ᠨᠥᠯᠦᠭᠡ ᠪᠠᠷ ᠵᠢᠶᠠᠩ ᠬᠤᠸᠠ ᠰᠦᠩ ᠳᠡᠳ᠋ ᠫᠷᠣᠹᠧᠰᠰᠣᠷ ᠤᠨ ᠪᠠᠶᠢᠷᠢᠨ ᠳᠤ 12 ᠵᠢᠯ ᠡᠷᠭᠢᠴᠡᠭᠰᠡᠨ ᠪᠣᠯᠪᠠᠴᠤ ᠲᠡᠭᠦᠨ ᠤ ᠵᠢᠭᠠᠨ ᠰᠤᠷᠭᠠᠯᠲᠠ ᠶᠢᠨ ᠦᠷ᠎ᠡ ᠪᠥᠲᠦᠮᠵᠢ ᠶᠢ ᠣᠯᠠᠨ ᠲᠥᠮᠡᠨ ᠣᠯᠵᠤ ᠬᠠᠷᠠᠭᠰᠠᠨ ᠪᠠᠶᠢᠵᠠᠢ᠃          ᠳᠡᠳ᠋ ᠫᠷᠣᠹᠧᠰᠰᠣᠷ ᠠᠴᠠ ᠫᠷᠣᠹᠧᠰᠰᠣᠷ ᠪᠣᠯᠲᠠᠯᠠᠬᠢ᠂ ᠵᠢᠶᠠᠩ ᠬᠤᠸᠠ ᠰᠦᠩ ᠤᠨ ᠬᠢᠷᠢ ᠭᠡᠮ ᠤᠨ ᠬᠤᠪᠢᠷᠠᠯᠲᠠ ᠶᠢᠨ ᠠᠷᠤ ᠳᠤ ᠨᠠᠨᠵᠢᠩ ᠣᠢ ᠰᠢᠭᠤᠢ ᠶᠢᠨ ᠶᠡᠭᠡ ᠰᠤᠷᠭᠠᠭᠤᠯᠢ ᠶᠢᠨ ᠳᠤᠰᠢᠶᠠᠯ ᠤᠨ ᠴᠣᠯᠠ ᠶᠢ ᠳᠣᠭᠲᠠᠭᠠᠵᠤ ᠤᠷᠢᠬᠤ ᠳᠦᠷᠢᠮ ᠤᠨ ᠥᠭᠡᠷᠡᠴᠢᠯᠡᠯᠲᠡ ᠪᠣᠢ᠃ ᠲᠤᠰ ᠰᠤᠷᠭᠠᠭᠤᠯᠢ ᠵᠢᠭᠠᠨ ᠰᠤᠷᠭᠠᠯᠲᠠ ᠶᠢᠨ ᠲᠤᠰᠬᠠᠢ ᠮᠡᠷᠭᠡᠵᠢᠯ ᠤᠨ ᠬᠡᠯᠪᠡᠷᠢ ᠶᠢᠨ ᠫᠷᠤᠹᠧᠰᠰᠤᠷ ᠢ ᠨᠡᠮᠡᠨ ᠪᠠᠶᠢᠭᠤᠯᠵᠤ᠂ ᠥᠩᠭᠡᠷᠡᠭᠰᠡᠨ ᠤ ᠳᠤᠰᠢᠶᠠᠯ ᠤᠨ ᠴᠣᠯᠠ ᠲᠣᠭᠲᠠᠭᠠᠵᠤ ᠤᠷᠢᠬᠤ ᠳᠤ ᠵᠥᠪᠬᠡᠨ ᠥᠭᠦᠯᠡᠯ᠂ ᠰᠣᠳᠤᠯᠭᠠᠨ ᠤ ᠵᠣᠬᠢᠶᠠᠯ ᠢ ᠴᠢᠬᠤᠯᠠᠴᠢᠯᠠᠬᠤ ᠤᠯᠠᠮᠵᠢᠯᠠᠯᠲᠤ ᠠᠷᠭ᠎ᠠ ᠪᠠᠷᠢᠯ ᠢ ᠠᠷᠢᠯᠭᠠᠵᠤ᠂ ᠪᠢᠴᠢᠭ ᠵᠢᠭᠠᠵᠤ ᠬᠥᠮᠦᠨ ᠬᠥᠮᠦᠵᠢᠭᠦᠯᠦᠭᠰᠡᠨ ᠪᠣᠳᠠᠲᠤ ᠠᠮᠵᠢᠯᠲᠠ ᠪᠦᠲᠦᠮᠵᠢ ᠪᠠ ᠬᠤᠪᠢ ᠨᠡᠮᠡᠷᠢ ᠪᠠᠷ ᠪᠠᠭᠰᠢ ᠶᠢ ᠦᠨᠡᠯᠡᠬᠦ ᠶᠢ ᠨᠠᠩ ᠴᠢᠬᠤᠯᠠᠴᠢᠯᠠᠵᠠᠢ᠃          2020 ᠣᠨ ᠳᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠰᠤᠷᠭᠠᠨ ᠬᠥᠮᠦᠵᠢᠯ ᠤᠨ ᠶᠠᠮᠤᠨ ︽ᠳᠡᠭᠡᠳᠦ ᠰᠤᠷᠭᠠᠭᠤᠯᠢ ᠶᠢᠨ ᠪᠠᠭᠰᠢ ᠶᠢᠨ ᠳᠤᠰᠢᠶᠠᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠵᠢᠯᠣᠭᠤᠳᠬᠤ ᠰᠠᠨᠠᠯ︾ ᠢ ᠨᠡᠶᠢᠲᠡᠯᠡᠵᠦ᠂ ︽ᠶᠡᠷᠦᠩᠬᠡᠢ ᠲᠥᠰᠦᠯ︾ ᠤᠨ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ ᠳᠤ ᠣᠷᠣᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢ ᠦᠨᠡᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃          ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠳᠣᠣᠷ᠎ᠠ᠂ ᠨᠠᠨᠵᠢᠩ ᠣᠢ ᠰᠢᠭᠤᠢ ᠶᠢᠨ ᠶᠡᠭᠡ ᠰᠤᠷᠭᠠᠭᠤᠯᠢ ᠲᠠᠢ ᠠᠳᠠᠯᠢ ᠵᠥᠪᠬᠡᠨ ᠥᠭᠦᠯᠡᠯ ᠢᠶᠠᠷ ᠳᠤᠰᠢᠶᠠᠯ ᠤᠨ ᠴᠣᠯᠠ ᠶᠢ ᠦᠨᠡᠯᠡᠬᠦ ᠦᠭᠡᠢ ᠶᠡᠭᠡ ᠳᠡᠭᠡᠳᠦ ᠰᠤᠷᠭᠠᠭᠤᠯᠢ ᠶᠠᠪᠤᠬᠤ ᠲᠤᠲᠤᠮ ᠣᠯᠠᠰᠢᠷᠠᠨ᠂ ᠤᠷᠲᠤ ᠬᠤᠭᠤᠴᠠᠭᠠᠨ ᠤ ᠲᠤᠷᠰᠢᠬᠢ ︽ᠦᠨᠡᠮᠯᠡᠯ ᠢ ᠯᠡ ᠬᠥᠭᠡᠭᠡᠴᠡᠯᠳᠦᠬᠦ︾᠂ ︽ᠥᠭᠦᠯᠡᠯ ᠢ ᠯᠡ ᠬᠥᠭᠡᠭᠡᠴᠡᠯᠳᠦᠬᠦ︾ ᠵᠡᠷᠭᠡ ᠦᠨᠡᠯᠡᠬᠦ ᠤᠳᠤᠷᠢᠳᠤᠮᠵᠢ ᠶᠢ ᠠᠯᠬᠤᠮ ᠠᠯᠬᠤᠮ ᠢᠶᠠᠷ ᠠᠷᠢᠯᠭᠠᠪᠠ᠃          ︽ᠶᠡᠷᠦᠩᠬᠡᠢ ᠲᠥᠰᠦᠯ︾ ᠳᠤ 22 ᠵᠤᠷᠪᠤᠰ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠳᠤᠷᠠᠳᠴᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ︽ᠳᠥᠷᠪᠡᠨ ᠨᠢᠷᠤᠭᠤ ᠨᠠᠢᠮᠠᠨ ᠲᠤᠯᠭᠠᠭᠤᠷᠢ︾ ᠶᠢ ᠪᠠᠶᠢᠭᠤᠯᠪᠠ᠃ 3 ᠵᠢᠯ ᠤᠨ ᠲᠤᠷᠰᠢ᠂ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ ᠢ ᠨᠠᠷᠢᠨ ᠨᠢᠭᠲᠠ ᠳᠠᠷᠤᠮᠠᠯᠯᠠᠨ ᠲᠠᠷᠬᠠᠭᠠᠵᠤ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠬᠦ ᠶᠢ ᠠᠬᠢᠭᠤᠯᠪᠠ᠃          ︽ᠢᠷᠠᠭᠤ ᠠᠯᠳᠠᠷ ᠢ ᠯᠠ ᠬᠥᠭᠡᠭᠡᠴᠡᠯᠳᠦᠬᠦ︾ ᠬᠡᠯᠪᠡᠷᠢᠯ ᠢ ᠬᠤᠪᠢᠷᠠᠭᠤᠯᠵᠤ᠂ ᠴᠢᠳᠠᠪᠤᠷᠢᠲᠠᠨ ᠤ ᠴᠣᠯᠠ ᠶᠢ ᠡᠷᠳᠡᠮ ᠰᠢᠨᠵᠢᠯᠡᠭᠡᠨ ᠤ ᠴᠢᠨᠠᠷ᠂ ᠢᠷᠠᠭᠤ ᠠᠯᠳᠠᠷᠲᠤ ᠴᠢᠨᠠᠷ ᠲᠤ ᠪᠤᠴᠠᠭᠠᠬᠤ ᠶᠢ ᠠᠬᠢᠭᠤᠯᠪᠠ          ᠰᠤᠷᠭᠠᠨ ᠬᠥᠮᠦᠵᠢᠯ ᠤᠨ ᠶᠠᠮᠤᠨ ᠠᠴᠠ ︽ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠤ ᠴᠣᠯᠠ ᠶᠢ ᠵᠥᠪ ᠲᠠᠨᠢᠵᠤ ᠵᠢᠷᠤᠮᠵᠢᠭᠤᠯᠤᠨ ᠬᠡᠷᠡᠭᠯᠡᠬᠦ ᠲᠤᠬᠠᠢ ᠰᠠᠨᠠᠯ ᠤᠳ︾ ᠢ ᠳᠠᠷᠤᠮᠠᠯᠯᠠᠨ ᠲᠠᠷᠬᠠᠭᠠᠵᠤ᠂ ᠠᠳᠠᠯᠢ ᠪᠤᠰᠤ ᠬᠠᠷᠠᠭᠠᠰᠤ ᠠᠴᠠ ᠴᠢᠳᠠᠪᠤᠷᠢᠲᠠᠨ ᠤ ᠴᠣᠯᠠ ᠶᠢ ︽ᠶᠠᠭᠠᠬᠢᠵᠤ ᠦᠵᠡᠬᠦ︾ ᠳᠤ ᠬᠠᠷᠢᠭᠤᠯᠲᠠ ᠥᠭᠴᠦ᠂ ᠦᠢᠯᠡᠳᠦᠯᠭᠡ  ᠶᠢᠨ ᠲᠠᠯ᠎ᠠ ᠠᠴᠠ ᠴᠢᠳᠠᠪᠤᠷᠢᠲᠠᠨ ᠤ ᠲᠥᠯᠥᠪᠯᠡᠭᠡ ᠶᠢᠨ ᠥᠭᠡᠷᠡᠴᠢᠯᠡᠯᠲᠡ᠂ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠠᠮᠢᠶᠠᠷᠬᠤ᠂ ᠡᠯ᠎ᠡ ᠲᠥᠷᠥᠯ ᠤᠨ ᠦᠨᠡᠯᠡᠨ ᠵᠢᠱᠢᠵᠦ ᠬᠢᠨᠠᠨ ᠲᠣᠭᠲᠠᠭᠠᠬᠤ ︽ᠶᠠᠭᠠᠬᠢᠬᠤ ᠪᠣᠢ︾ ᠳᠤ ᠠᠯᠢ ᠣᠯᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠴᠠᠢ᠃          ︽SCI ᠦᠭᠦᠯᠡᠯ ᠢ ᠳᠡᠭᠡᠳᠦᠯᠡᠬᠦ︾ ᠶᠢ ᠠᠷᠢᠯᠭᠠᠵᠤ᠂ ᠶᠡᠭᠡ ᠳᠡᠭᠡᠳᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠤᠭ ᠤᠨ ᠪᠠᠶᠢᠳᠠᠯ ᠳᠤ ᠪᠠᠨ ᠪᠤᠴᠠᠬᠤ ᠶᠢ ᠠᠬᠢᠭᠤᠯᠵᠤ᠂ ᠡᠷᠳᠡᠮ ᠰᠢᠨᠵᠢᠯᠡᠭᠡᠨ ᠤ ᠬᠡᠪ ᠰᠤᠷᠲᠠᠯ ᠢ ᠴᠡᠪᠡᠷᠰᠢᠭᠦᠯᠪᠡ          ᠰᠤᠷᠭᠠᠨ ᠬᠥᠮᠦᠵᠢᠯ ᠤᠨ ᠶᠠᠮᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠠᠴᠠ ︽ᠳᠡᠭᠡᠳᠦ ᠰᠤᠷᠭᠠᠭᠤᠯᠢ ᠶᠢᠨ SCI ᠥᠭᠦᠯᠡᠯ ᠤᠨ ᠬᠠᠮᠢᠶ᠎ᠠ ᠪᠦᠬᠦᠢ ᠭᠦᠢᠴᠡᠳᠬᠡᠯ ᠲᠤᠭ᠎ᠠ ᠶᠢᠨ ᠬᠡᠷᠡᠭᠯᠡᠯᠲᠡ ᠶᠢ ᠵᠢᠷᠤᠮᠵᠢᠭᠤᠯᠵᠤ  ᠵᠥᠪ ᠢᠶᠠᠷ ᠦᠨᠡᠯᠡᠬᠦ ᠤᠳᠤᠷᠢᠳᠤᠮᠵᠢ ᠶᠢ ᠪᠣᠢ ᠪᠣᠯᠭᠠᠬᠤ ᠲᠤᠬᠠᠢ ᠰᠠᠨᠠᠯ ᠤᠳ︾ ᠢ ᠳᠠᠷᠤᠮᠠᠯᠯᠠᠨ ᠲᠠᠷᠬᠠᠭᠠᠵᠤ᠂ ᠡᠷᠳᠡᠮ ᠰᠢᠨᠵᠢᠯᠡᠭᠡᠨ ᠤ ᠬᠢᠷᠢ ᠲᠦᠪᠰᠢᠨ ᠢ ᠰᠢᠨᠵᠢᠯᠡᠬᠦ ᠤᠬᠠᠭᠠᠨᠴᠢ ᠪᠠᠷ ᠦᠨᠡᠯᠡᠬᠦ ᠲᠠᠢ ᠤᠶᠠᠯᠳᠤᠭᠤᠯᠤᠨ ᠲᠥᠷᠥᠯ ᠬᠤᠪᠢᠶᠠᠨ ᠦᠨᠡᠯᠡᠬᠦ ᠳᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠬᠦ᠂ ᠡᠷᠳᠡᠮ ᠰᠢᠨᠵᠢᠯᠡᠭᠡᠨ ᠤ ᠠᠵᠢᠯ ᠨᠢᠭᠡᠲᠡᠨ ᠤ ᠦᠨᠡᠯᠡᠯᠲᠡ ᠶᠢ ᠲᠡᠭᠦᠯᠳᠡᠷᠵᠢᠭᠦᠯᠬᠦ᠂ ᠦᠨᠡᠯᠡᠵᠦ ᠬᠢᠨᠠᠨ ᠲᠣᠭᠲᠠᠭᠠᠬᠤ ᠠᠵᠢᠯ ᠢ ᠳᠦᠷᠢᠮᠵᠢᠭᠦᠯᠬᠦ ᠭᠤᠷᠪᠠᠨ ᠲᠠᠯ᠎ᠠ ᠶᠢᠨ ᠰᠠᠨᠠᠯ ᠢ ᠳᠤᠷᠠᠳᠤᠭᠰᠠᠨ ᠤ ᠬᠠᠮᠲᠤ ᠳᠡᠭᠡᠳᠦ ᠰᠤᠷᠭᠠᠭᠤᠯᠢ ᠶᠢᠨ 5 ᠵᠦᠢᠯ ᠤᠨ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠵᠢᠷᠤᠮᠵᠢᠭᠤᠯᠵᠤ᠂ ᠳᠡᠭᠡᠳᠦ ᠰᠤᠷᠭᠠᠭᠤᠯᠢ ᠶᠢᠨ SCI ᠥᠭᠦᠯᠡᠯ ᠳᠤ ᠬᠤᠯᠪᠤᠭᠳᠠᠬᠤ ᠭᠦᠢᠴᠡᠳᠬᠡᠯ ᠲᠤᠭ᠎ᠠ ᠶᠢᠨ ᠬᠡᠷᠡᠭᠯᠡᠯᠲᠡ ᠶᠢ ᠳᠤᠷᠠᠳᠪᠠ᠃          ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠣᠳᠤᠯᠭᠠᠨ ᠤ ᠦᠨᠡᠯᠡᠯᠲᠡ ᠳᠠᠬᠢ ︽ᠥᠭᠦᠯᠡᠯ ᠢ ᠯᠡ ᠬᠥᠭᠡᠭᠡᠴᠡᠯᠳᠦᠬᠦ︾ ᠮᠠᠭᠤ ᠤᠳᠤᠷᠢᠳᠤᠮᠵᠢ ᠶᠢ  ᠠᠷᠢᠯᠭᠠᠵᠤ᠂ ᠶᠡᠭᠡ ᠳᠡᠭᠡᠳᠦ ᠰᠤᠷᠭᠠᠭᠤᠯᠢ ᠳᠤ ᠳᠤᠮᠳᠠᠳᠤ ᠤᠯᠤᠰ ᠤᠨ ᠣᠨᠴᠠᠯᠢᠭ ᠲᠠᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠢ ᠥᠳᠲᠡᠷ ᠲᠦᠷᠭᠡᠨ ᠪᠠᠶᠢᠭᠤᠯᠬᠤ ᠶᠢ ᠠᠬᠢᠭᠤᠯᠪᠠ          ᠰᠤᠷᠭᠠᠨ ᠬᠥᠮᠦᠵᠢᠯ ᠤᠨ ᠶᠠᠮᠤᠨ ︽ᠳᠡᠭᠡᠳᠦ ᠰᠤᠷᠭᠠᠭᠤᠯᠢ ᠶᠢᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠣᠳᠤᠯᠭᠠᠨ ᠤ ᠦᠨᠡᠯᠡᠯᠲᠡ ᠳᠠᠬᠢ ︽ᠥᠭᠦᠯᠡᠯ ᠢ ᠯᠡ ᠬᠥᠭᠡᠭᠡᠴᠡᠯᠳᠦᠬᠦ︾ ᠮᠠᠭᠤ ᠤᠳᠤᠷᠢᠳᠤᠮᠵᠢ ᠶᠢ ᠠᠷᠢᠯᠭᠠᠬᠤ ᠲᠤᠬᠠᠢ ᠰᠠᠨᠠᠯ ᠤᠳ︾ ᠢ ᠳᠠᠷᠤᠮᠠᠯᠯᠠᠨ ᠲᠠᠷᠬᠠᠭᠠᠵᠤ᠂ ︽ᠰᠡᠳᠬᠦᠯ᠂ ᠵᠡᠷᠭᠡ ᠳᠡᠰ᠂ ᠢᠷᠠᠭᠤ ᠠᠯᠳᠠᠷ᠂ ᠬᠢᠷᠢ ᠭᠡᠮ ᠵᠡᠷᠭᠡ ᠢᠶᠠᠷ ᠥᠭᠦᠯᠡᠯ ᠤᠨ ᠴᠢᠨᠠᠷ ᠴᠢᠨᠰᠠᠭ᠎ᠠ ᠶᠢ ᠳᠥᠭᠦᠮᠬᠡᠨ ᠮᠠᠭᠠᠳᠯᠠᠵᠤ ᠪᠣᠯᠬᠤ ᠦᠭᠡᠢ︾ ᠵᠡᠷᠭᠡ 10 ︽ᠪᠣᠯᠬᠤ ᠦᠭᠡᠢ︾ ᠶᠢᠨ ᠬᠤᠷᠢᠭ᠎ᠠ ᠱᠤᠭᠤᠮ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠰᠢᠯᠢᠳᠡᠭ ᠰᠦᠯᠵᠢᠶᠡᠨ ᠤ ᠰᠣᠶᠣᠯ ᠤᠨ ᠦᠷ᠎ᠡ ᠪᠦᠲᠦᠭᠡᠯ᠂ ᠲᠥᠪ ᠪᠠ ᠣᠷᠣᠨ ᠨᠤᠲᠤᠭ ᠤᠨ ᠭᠤᠣᠯ ᠵᠠᠭᠤᠴᠢᠯᠠᠭᠤᠷ ᠲᠤ ᠨᠡᠶᠢᠲᠡᠯᠡᠭᠰᠡᠨ ᠣᠨᠣᠯ ᠤᠨ ᠵᠣᠬᠢᠶᠠᠯ ᠵᠢᠴᠢ ᠰᠢᠢᠳᠪᠦᠷᠢᠲᠦ ᠪᠣᠳᠣᠯᠭ᠎ᠠ ᠶᠢᠨ ᠵᠥᠪᠯᠡᠯᠭᠡ ᠥᠭᠬᠦ ᠮᠡᠳᠡᠭᠦᠯᠦᠯᠲᠡ ᠶᠢ ᠦᠨᠡᠯᠡᠬᠦ ᠲᠣᠭᠲᠠᠴᠠ ᠶᠢ ᠪᠠᠶᠢᠭᠤᠯᠬᠤ ᠪᠠᠷ ᠳᠤᠷᠠᠳᠪᠠ᠃          ︽ᠬᠤᠪᠢ ᠶᠢ ᠯᠡ ᠬᠥᠭᠡᠭᠡᠴᠡᠯᠳᠦᠬᠦ  ᠬᠡᠯᠪᠡᠷᠢᠯ ᠢ ᠢᠯᠠᠨ ᠳᠠᠪᠠᠵᠤ᠂ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠪᠡ          ︽ᠬᠡᠦᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠦᠨᠡᠯᠡᠬᠦ ᠵᠦᠭᠯᠡᠭᠦᠷ︾᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠦᠨᠡᠯᠡᠬᠦ ᠵᠦᠭᠯᠡᠭᠦᠷ︾᠂ ︽ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠴᠢᠨᠠᠷ ᠴᠢᠨᠰᠠᠭ᠎ᠠ ᠶᠢ ᠦᠨᠡᠯᠡᠬᠦ ᠵᠦᠭᠯᠡᠭᠦᠷ︾᠂ ︽ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠴᠢᠨᠠᠷ ᠴᠢᠨᠰᠠᠭ᠎ᠠ ᠶᠢ ᠦᠨᠡᠯᠡᠬᠦ ᠵᠦᠭᠯᠡᠭᠦᠷ︾ ᠢ ᠨᠡᠶᠢᠲᠡᠯᠡᠬᠦ ᠶᠢ ᠳᠠᠭᠠᠯᠳᠤᠨ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠦᠨᠡᠯᠡᠬᠦ ᠪᠠᠷᠢᠮᠵᠢᠶ᠎ᠠ ᠶᠢ ᠶᠡᠷᠦᠩᠬᠡᠢ ᠳᠤ ᠪᠠᠨ ᠲᠡᠭᠦᠯᠳᠡᠷᠵᠢᠭᠦᠯᠪᠡ᠃          ︽ᠰᠤᠷᠭᠠᠨ ᠬᠥᠮᠦᠵᠢᠯ ᠤᠨ ᠶᠠᠮᠤᠨ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠡᠭᠦᠨ ᠪᠠᠷᠠᠭᠤᠨ ᠣᠷᠣᠨ ᠢ ᠵᠣᠯᠭᠠᠭᠤᠯᠤᠨ᠂ ᠳᠡᠭᠡᠳᠦ ᠳᠣᠣᠷᠠᠳᠤ ᠱᠠᠲᠤ ᠶᠢ ᠨᠡᠪᠲᠡᠷᠡᠭᠦᠯᠦᠭᠰᠡᠨ ᠰᠤᠷᠭᠠᠨ ᠬᠥᠮᠦᠵᠢᠯ ᠤᠨ ᠦᠨᠡᠯᠡᠯᠲᠡ ᠶᠢᠨ ᠳᠦᠷᠢᠮ ᠤᠨ ᠳᠣᠭᠲᠠᠯᠴᠠᠭ᠎ᠠ ᠶᠢ ᠪᠠᠶᠢᠭᠤᠯᠤᠨ  ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ︿ᠡᠴᠦᠰ ᠤᠨ ᠨᠢᠭᠡ ᠺᠢᠯᠤᠮᠧᠲᠷ﹀ ᠢ ᠦᠨᠡᠨ ᠬᠦ ᠨᠡᠪᠲᠡᠷᠡᠭᠦᠯᠪᠡ︾ ᠭᠡᠵᠦ ᠰᠤᠷᠭᠠᠨ ᠬᠥᠮᠥᠵᠢᠯ ᠤᠨ ᠶᠠᠮᠤᠨ ᠤ ᠬᠠᠮᠢᠶ᠎ᠠ ᠪᠦᠬᠦᠢ ᠵᠤᠷᠭᠠᠨ ᠤ ᠬᠠᠷᠢᠭᠤᠴᠠᠯᠭᠠᠲᠠᠨ ᠬᠡᠯᠡᠪᠡ᠃       ᠬᠡᠰᠡᠭ ᠬᠦᠷᠢᠶᠡᠨ ᠤ ᠰᠤᠷᠭᠠᠨ ᠬᠥᠮᠦᠵᠢᠯ ᠤᠨ ᠨᠡᠷ᠎ᠡ ᠠᠰᠢᠭ ᠢ ᠪᠣᠳᠣᠬᠤ ᠬᠡᠯᠪᠡᠷᠢᠯ ᠢ ᠪᠦᠲᠦᠮᠵᠢᠲᠡᠢ ᠬᠤᠷᠢᠭᠯᠠᠪᠠ          ᠥᠩᠭᠡᠷᠡᠭᠰᠡᠨ ᠳᠤ᠂ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠬᠦ ᠦᠶ᠎ᠡ ᠳᠤ᠂ ︽ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ︿ᠵᠤᠸᠠᠩ ᠶᠤᠸᠠᠨ﹀︾᠂ ︽ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠠᠶᠠᠷ ᠤᠨ ᠮᠡᠳᠡᠭᠡ︾  ᠶᠢ ᠤᠬᠠᠭᠤᠯᠬᠤ ᠠᠵᠢᠯᠯᠠᠭ᠎ᠠ ᠬᠥᠮᠦᠰ ᠤᠨ ᠠᠩᠬᠠᠷᠤᠯ ᠢ ᠲᠠᠲᠠᠵᠤ᠂ ᠨᠡᠶᠢᠭᠡᠮ ᠤᠨ ᠰᠤᠷᠭᠠᠨ ᠬᠥᠮᠦᠵᠢᠯ ᠤᠨ ᠵᠣᠪᠠᠨᠢᠯ ᠪᠠ ᠰᠤᠷᠭᠠᠨ ᠬᠥᠮᠦᠵᠢᠯ ᠤᠨ ᠨᠡᠷ᠎ᠡ ᠠᠰᠢᠭ ᠢ ᠪᠣᠳᠣᠬᠤ ᠬᠡᠯᠪᠡᠷᠢᠯ ᠢ ᠨᠡᠮᠡᠭᠳᠡᠭᠦᠯᠦᠭᠰᠡᠨ ᠪᠠᠶᠢᠨ᠎ᠠ᠃          ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠬᠦ ᠪᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠪᠠ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ︽ᠵᠤᠸᠠᠩ ᠶᠤᠸᠠᠨ︾ ᠪᠠ ᠰᠤᠷᠭᠠᠭᠤᠯᠢ ᠳᠡᠪᠰᠢᠬᠦ ᠨᠣᠷᠮ᠎ᠠ ᠶᠢ ᠨᠡᠶᠢᠲᠡᠯᠡᠬᠦ᠂ ᠤᠬᠠᠭᠤᠯᠬᠤ ᠶᠢ ᠴᠢᠩᠭ᠎ᠠ ᠬᠤᠷᠢᠭᠯᠠᠪᠠ ᠁ ︽ᠶᠡᠷᠦᠩᠬᠡᠢ ᠲᠥᠰᠦᠯ︾ ᠤᠨ ᠲᠣᠭᠤᠷᠢᠨ ᠳᠤ ᠳᠤᠷᠠᠳᠤᠭᠰᠠᠨ ︽ᠠᠷᠪᠠᠨ ᠪᠣᠯᠬᠤ ᠦᠭᠡᠢ᠂ ᠨᠢᠭᠡ ᠶᠢ ᠴᠢᠩᠭ᠎ᠠ ᠬᠤᠷᠢᠭᠯᠠᠬᠤ︾ ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ᠲᠣᠭᠤᠷᠢᠨ ᠳᠤ᠂ ᠰᠤᠷᠭᠠᠨ ᠬᠥᠮᠦᠵᠢᠯ ᠤᠨ ᠶᠠᠮᠤᠨ ᠪᠣᠯᠤᠨ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠲᠣᠭᠲᠠᠭᠠᠯ ᠠᠴᠠ ᠵᠥᠷᠢᠴᠡᠭᠰᠡᠨ ᠵᠦᠢᠯ ᠳᠤ ᠬᠢᠨᠠᠯᠲᠠ ᠲᠠᠯᠪᠢᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠲᠤᠰᠬᠠᠢ ᠨᠡᠶᠢᠲᠡᠯᠡᠨ ᠳᠠᠷᠤᠮᠠᠯᠯᠠᠨ ᠲᠠᠷᠬᠠᠭᠠᠵᠤ᠂ ᠬᠦᠴᠦᠲᠡᠢ ᠰᠦᠷᠳᠡᠭᠦᠯᠦᠯ ᠦᠵᠡᠭᠦᠯᠪᠡ᠃          ᠪᠡᠭᠡᠵᠢᠩ᠂ ᠾᠧᠪᠧᠢ᠂ ᠥᠪᠥᠷ ᠮᠣᠩᠭᠤᠯ ᠵᠡᠷᠭᠡ ᠭᠠᠵᠠᠷ ᠤᠨ ᠬᠢᠨ ︽ᠬᠤᠪᠢ ᠶᠢ ᠯᠡ ᠬᠥᠭᠡᠭᠡᠴᠡᠯᠳᠦᠬᠦ︾᠂ ︽ᠰᠤᠷᠭᠠᠭᠤᠯᠢ ᠳᠡᠪᠰᠢᠬᠦ ᠶᠢ ᠯᠡ ᠬᠥᠭᠡᠭᠡᠴᠡᠯᠳᠦᠬᠦ︾ ᠠᠰᠠᠭᠤᠳᠠᠯ ᠢ ᠴᠢᠩᠭ᠎ᠠ ᠠᠩᠬᠠᠷᠴᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠬᠦ ᠪᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠪᠠ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠴᠢᠬᠤᠯᠠ ᠵᠠᠩᠭᠢᠯᠠᠭ᠎ᠠ ᠶᠢᠨ ᠴᠡᠭ ᠲᠤ ᠦᠨᠳᠦᠰᠦᠨ ᠱᠠᠲᠤᠨ ᠤ ᠰᠤᠷᠭᠠᠭᠤᠯᠢ ᠳᠡᠪᠰᠢᠬᠦ ᠨᠣᠷᠮ᠎ᠠ ᠶᠢ ᠥᠷᠥᠭᠡᠰᠦᠭᠡᠯ ᠢᠶᠠᠷ ᠬᠥᠭᠡᠭᠡᠴᠡᠯᠳᠦᠬᠦ ᠬᠡᠯᠪᠡᠷᠢᠯ ᠢ ᠵᠠᠯᠠᠷᠠᠭᠤᠯᠬᠤ ᠪᠠᠷ ᠬᠥᠲᠥᠯᠥᠨ ᠵᠢᠯᠣᠭᠤᠳᠪᠠ᠃          ᠱᠠᠨᠳᠦ᠋ᠩ᠂ ᠨᠢᠩᠰᠢᠶᠠ ᠵᠡᠷᠭᠡ ᠭᠠᠵᠠᠷ ᠣᠷᠣᠨ ᠳᠤ ᠢᠯᠡᠴᠢᠯᠡᠨ ᠵᠠᠭᠠᠯᠳᠤᠬᠤ ᠤᠲᠠᠰᠤ᠂ ᠰᠢᠤᠳᠠᠨ ᠬᠠᠶᠢᠷᠴᠠᠭ᠂ ᠰᠦᠯᠵᠢᠶᠡᠨ ᠤ ᠲᠠᠪᠴᠠᠩ ᠵᠡᠷᠭᠡ ᠶᠢ ᠭᠠᠷᠭᠠᠵᠤ᠂ ᠣᠯᠠᠨ ᠲᠦᠮᠡᠨ ᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠤᠪᠠ᠃          ᠰᠤᠷᠭᠠᠨ ᠬᠥᠮᠦᠵᠢᠯ ᠤᠨ ᠶᠠᠮᠤᠨ ᠠᠴᠠ ᠨᠠᠶᠢᠳᠠᠭᠰᠠᠨ ᠭᠤᠷᠪᠠᠳᠠᠬᠢ ᠡᠲᠡᠭᠡᠳ ᠤᠨ ᠬᠢᠨᠠᠨ ᠪᠠᠶᠢᠴᠠᠭᠠᠭᠰᠠᠨ ᠪᠠᠶᠢᠳᠠᠯ ᠠᠴᠠ ᠦᠵᠡᠪᠡᠯ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ︽ᠵᠤᠸᠠᠩ ᠶᠤᠸᠠᠨ︾ ᠢ ᠶᠡᠭᠡ ᠪᠠᠷ ᠤᠬᠠᠭᠤᠯᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠵᠦᠢᠯ ᠢᠯᠡᠳᠲᠡ ᠪᠠᠭᠠᠰᠪᠠ᠃          ︽ᠶᠡᠷᠦᠩᠬᠡᠢ ᠲᠥᠰᠦᠯ︾ ᠤᠨ ᠥᠭᠡᠷᠡᠴᠢᠯᠡᠯᠲᠡ ᠶᠢ ᠬᠥᠲᠥᠯᠥᠨ ᠳᠠᠭᠠᠭᠤᠯᠬᠤ ᠡᠷᠴᠢᠮ ᠤᠷᠢᠳ ᠡᠮᠦᠨ᠎ᠡ ᠪᠠᠶᠢᠭ᠎ᠠ ᠦᠭᠡᠢ ᠶᠤᠮ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠦᠢᠯᠡᠳᠦᠯᠭᠡ ᠶᠢᠨ ᠶᠠᠪᠤᠴᠠ ᠳᠤ ᠠᠯᠢ ᠣᠯᠠᠨ ᠰᠠᠶᠢᠨ ᠲᠤᠷᠰᠢᠯᠭ᠎ᠠ ᠰᠠᠶᠢᠨ ᠠᠷᠭ᠎ᠠ ᠪᠠᠷᠢᠯ ᠴᠣᠯᠭᠤᠷᠠᠨ ᠭᠠᠷᠪᠠ᠃ ᠣᠯᠠᠨ ᠤ ᠠᠩᠬᠠᠷᠤᠯ ᠢ ᠲᠠᠲᠠᠭᠰᠠᠨ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢ ᠦᠨᠡᠯᠡᠬᠦ ᠪᠠᠷ ᠵᠢᠱᠢᠶᠡᠯᠡᠶ᠎ᠡ —          ᠱᠧᠨᠵᠧᠨ ᠶᠡᠭᠡ ᠰᠤᠷᠭᠠᠭᠤᠯᠢ᠂ ᠡᠮᠦᠨᠡᠲᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠵᠡᠷᠭᠡ ᠣᠯᠠᠨ ᠶᠡᠭᠡ ᠳᠡᠭᠡᠳᠦ ᠰᠤᠷᠭᠠᠭᠤᠯᠢ ᠳᠣᠲᠣᠭᠠᠳᠤ ᠶᠢᠨ ︽ᠳᠣᠬᠢᠭᠤᠷ︾ ᠢᠶᠠᠨ ᠬᠤᠪᠢᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠲᠣᠭᠲᠠᠴᠠ ᠴᠥᠮ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠨᠠᠷ ᠴᠢᠨᠰᠠᠭ᠎ᠠ᠂ ᠬᠤᠪᠢ ᠨᠡᠮᠡᠷᠢ᠂ ᠠᠮᠵᠢᠯᠲᠠ ᠪᠦᠲᠦᠮᠵᠢ ᠶᠢ ᠨᠡᠩ ᠴᠢᠬᠤᠯᠠᠴᠢᠯᠠᠵᠤ᠂ ᠬᠠᠷᠢᠨ ᠲᠥᠷᠥᠯ ᠵᠦᠢᠯ ᠤᠨ ᠵᠠᠷᠤᠳᠠᠯ ᠬᠡᠳᠦᠢ ᠣᠯᠣᠭᠰᠠᠨ ᠪᠤᠶᠤ ᠥᠭᠦᠯᠡᠯ ᠬᠡᠳᠦᠢ ᠨᠡᠶᠢᠲᠡᠯᠡᠭᠰᠡᠨ ᠢ ᠦᠵᠡᠬᠦ ᠪᠢᠰᠢ ᠪᠣᠯᠵᠠᠢ᠂ ᠶᠡᠭᠡ ᠳᠡᠭᠡᠳᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠠᠵᠢᠯᠲᠠᠳ ᠢ ᠵᠣᠷᠢᠭᠵᠢᠭᠤᠯᠤᠨ ᠵᠢᠯᠣᠭᠤᠳᠴᠤ ᠵᠠᠩᠭᠢᠯᠠᠭ᠎ᠠ ᠶᠢᠨ ᠬᠦᠷᠢᠶ᠎ᠡ᠂ ︽ᠪᠣᠭᠤᠮᠢ︾ ᠶᠢᠨ ᠠᠰᠠᠭᠤᠳᠠᠯ ᠳᠤ ᠶᠡᠭᠡ ᠬᠦᠴᠦ ᠣᠷᠣᠭᠤᠯᠵᠠᠢ᠃          ︽ᠱᠧᠨᠵᠧᠨ ᠶᠡᠭᠡ ᠰᠤᠷᠭᠠᠭᠤᠯᠢ ᠳᠤ᠂ ᠪᠢ ᠥᠭᠦᠯᠡᠯ ᠢᠶᠠᠷ ᠬᠢᠨᠠᠨ ᠳᠣᠭᠲᠠᠭᠠᠬᠤ ᠶᠡᠭᠡ ᠳᠠᠷᠤᠯᠲᠠ ᠶᠢ ᠥᠩᠭᠡᠷᠡᠭᠦᠯᠦᠭᠰᠡᠨ ᠦᠭᠡᠢ᠃ ᠰᠠᠶᠢᠨ ᠡᠷᠳᠡᠮ ᠰᠢᠨᠵᠢᠯᠡᠭᠡᠨ ᠤ ᠲᠥᠷᠥᠯ ᠵᠦᠢᠯ᠂ ᠠᠵᠤ ᠦᠢᠯᠡᠰ ᠤᠨ ᠤᠯᠠᠷᠢᠭᠤᠯᠤᠯᠲᠠ ᠶᠢᠨ ᠦᠷ᠎ᠡ ᠪᠦᠲᠦᠭᠡᠯ ᠵᠡᠷᠭᠡ ᠶᠢ ᠲᠥᠯᠥᠭᠡᠯᠡᠬᠦ ᠴᠢᠨᠠᠷᠲᠠᠢ ᠦᠷ᠎ᠡ ᠪᠦᠲᠦᠭᠡᠯ ᠪᠣᠯᠭᠠᠵᠤ ᠪᠣᠯᠤᠨ᠎ᠠ᠂ ᠡᠶᠢᠮᠦ ᠠᠴᠠ ᠪᠢᠳᠡ ᠰᠡᠳᠬᠢᠯ ᠲᠠᠶᠢᠪᠤᠭᠤᠨ ᠢᠶᠠᠷ ᠡᠷᠳᠡᠮ ᠰᠢᠨᠵᠢᠯᠡᠭᠡᠨ ᠢ ᠶᠠᠪᠤᠭᠳᠠᠭᠤᠯᠪᠠ︾ ᠱᠧᠨᠵᠧᠨ ᠶᠡᠭᠡ ᠰᠤᠷᠭᠠᠭᠤᠯᠢ ᠶᠢᠨ ᠫᠷᠣᠹᠧᠰᠰᠣᠷ ᠰᠦ᠋ ᠴᠧᠨ ᠯᠢᠶᠠᠩ ᠤᠷᠲᠤ ᠬᠤᠭᠤᠴᠠᠭ᠎ᠠ ᠪᠠᠷ ᠪᠠᠶᠢᠯᠳᠤᠬᠤ ᠪᠣᠳᠤᠯᠭ᠎ᠠ ᠶᠢᠨ ᠬᠦᠨᠲᠦ ᠤᠰᠤᠲᠥ᠋ᠷᠥᠭᠴᠢ ᠶᠢᠨ ᠡᠬᠢ ᠪᠠᠶᠠᠯᠢᠭ ᠤᠨ ᠮᠣᠯᠧᠺᠦ᠋ᠯ ᠢ ᠲᠦᠷᠭᠡᠳᠭᠡᠵᠦ ᠬᠤᠪᠢᠷᠠᠭᠤᠯᠬᠤ ᠰᠤᠳᠤᠯᠭᠠᠨ ᠬᠢᠬᠦ ᠳᠤ ᠬᠦᠴᠦ ᠲᠠᠯᠪᠢᠵᠤ᠂ ᠲᠡᠭᠦᠨ ᠤ ᠪᠥᠯᠬᠦᠮ ᠳᠠᠭᠠᠭᠤᠯᠤᠨ ᠠᠩᠬ᠎ᠠ ᠳᠤᠷᠠᠳᠤᠭᠰᠠᠨ ᠡᠨᠧᠷᠭᠢ ᠪᠠᠷ ᠬᠥᠳᠡᠯᠭᠡᠭᠦᠷ ᠪᠣᠯᠭᠠᠨ ᠬᠦᠨᠳᠦ ᠤᠰᠤᠲᠥ᠋ᠷᠥᠭᠴᠢ ᠪᠠᠷ ᠣᠷᠣᠯᠠᠭᠤᠯᠬᠤ ᠰᠢᠨ᠎ᠡ ᠮᠡᠷᠭᠡᠵᠢᠯ ᠨᠢ ᠬᠦᠨᠳᠦ ᠤᠰᠤᠲᠥ᠋ᠷᠥᠭᠴᠢ ᠪᠠᠷ ᠣᠷᠣᠯᠠᠭᠤᠯᠤᠭᠰᠠᠨ ᠡᠮ ᠢ ᠦᠢᠯᠡᠳᠬᠦ ᠬᠠᠮᠤᠭ ᠤᠨ ᠢᠷᠡᠭᠡᠳᠦᠢ ᠲᠠᠢ ᠠᠷᠭ᠎ᠠ ᠭᠡᠵᠦ ᠮᠡᠳᠡᠷᠡᠭᠳᠡᠨ ᠡᠭᠦᠨ ᠢᠶᠠᠷ ᠬᠤᠣᠷᠲᠤ ᠬᠠᠪᠤᠳᠠᠷ ᠢ ᠡᠰᠡᠷᠭᠦᠴᠡᠬᠦ ᠵᠡᠷᠭᠡ ᠣᠯᠠᠨ ᠵᠦᠢᠯ ᠤᠨ ᠬᠦᠨᠳᠦ ᠤᠰᠤᠲᠥ᠋ᠷᠥᠭᠴᠢ ᠪᠠᠷ ᠣᠷᠣᠯᠠᠭᠤᠯᠤᠭᠰᠠᠠᠨ ᠡᠮ ᠢ ᠰᠤᠳᠤᠯᠤᠨ ᠦᠢᠯᠡᠳᠦᠭᠰᠡᠨ ᠪᠠᠶᠢᠨ᠎ᠠ᠃          ᠲᠥᠷᠥᠯ ᠬᠤᠪᠢᠶᠠᠨ ᠦᠨᠡᠯᠡᠬᠦ᠂ ᠲᠥᠯᠥᠭᠡᠯᠡᠬᠦ ᠴᠢᠨᠠᠷᠲᠠᠢ ᠦᠷ᠎ᠡ ᠪᠦᠲᠦᠭᠡᠯ ᠢ ᠦᠨᠡᠯᠡᠬᠦ᠂ ᠠᠵᠢᠯ ᠨᠢᠭᠡᠲᠡᠢ ᠲᠤᠰᠬᠠᠢ ᠮᠡᠷᠭᠡᠵᠢᠯᠲᠡᠨ ᠦᠨᠡᠯᠡᠬᠦ ᠨᠢ ᠳᠡᠭᠡᠳᠦ ᠰᠤᠷᠭᠠᠭᠤᠯᠢ ᠶᠢᠨ ᠪᠠᠭᠰᠢ ᠨᠠᠷ ᠤᠨ ᠳᠤᠰᠢᠶᠠᠯ ᠤᠨ ᠴᠣᠯᠠ ᠶᠢ ᠬᠢᠨᠠᠨ ᠲᠣᠭᠲᠠᠭᠠᠬᠤ ᠪᠠ ᠡᠷᠳᠡᠮ ᠰᠢᠨᠵᠢᠯᠡᠭᠡᠨ ᠤ ᠦᠨᠡᠯᠡᠯᠲᠡ ᠬᠢᠬᠦ ᠠᠷᠭ᠎ᠠ ᠪᠣᠯᠪᠠ᠃          ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠨᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ᠂ ᠢᠨᠵᠧᠨᠧᠷᠢᠩ᠂ ᠮᠡᠷᠭᠡᠵᠢᠯ ᠢ ᠰᠢᠯᠵᠢᠭᠦᠯᠬᠦ ᠵᠡᠷᠭᠡ 19 ᠲᠥᠷᠥᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠰᠢᠷᠢᠰ ᠢ ᠪᠠᠶᠢᠭᠤᠯᠵᠤ᠂ ᠪᠠᠭᠰᠢ ᠨᠠᠷ ᠢ ᠲᠥᠷᠥᠯ ᠬᠤᠪᠢᠶᠠᠨ ᠦᠨᠡᠯᠡᠬᠦ ᠪᠠᠷ ᠴᠢᠳᠠᠪᠤᠷᠢ ᠶᠢ ᠪᠥᠷᠢᠨ ᠪᠠᠳᠠᠷᠠᠭᠤᠯᠬᠤ ᠥᠩ ᠰᠢᠮᠡᠯᠢᠭ ᠬᠥᠷᠥᠰᠥ ᠶᠢ ᠪᠣᠢ ᠪᠣᠯᠭᠠᠪᠠ᠃          ᠰᠧᠴᠤᠸᠠᠨ ᠶᠡᠭᠡ ᠰᠤᠷᠭᠠᠭᠤᠯᠢ ᠲᠥᠯᠥᠭᠡᠯᠡᠬᠦ ᠴᠢᠨᠠᠷᠲᠠᠢ ᠦᠷ᠎ᠡ ᠪᠦᠲᠦᠭᠡᠯ ᠢ ᠵᠡᠷᠭᠡ ᠪᠠᠷ ᠦᠨᠡᠯᠡᠬᠦ ᠳᠤᠰᠬᠠᠢ ᠮᠡᠷᠭᠡᠵᠢᠯᠲᠡᠨ ᠤ ᠬᠥᠮᠥᠷᠭᠡ ᠪᠠᠶᠢᠭᠤᠯᠵᠤ᠂ ᠡᠷᠬᠡ ᠰᠦᠷᠲᠦ᠂ ᠡᠷᠬᠡ ᠲᠡᠭᠰᠢ᠂ ᠲᠥᠪ ᠭᠤᠣᠯᠴᠢ ᠠᠵᠢᠯ ᠨᠢᠭᠡᠲᠡᠳ ᠤᠨ ᠦᠨᠡᠯᠡᠨ ᠶᠠᠷᠢᠯᠴᠠᠬᠤ ᠳᠦᠷᠢᠮ ᠢ ᠪᠠᠶᠢᠭᠤᠯᠵᠠᠢ᠃          ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠦᠷ᠎ᠡ ᠪᠦᠲᠦᠭᠡᠯ ᠤᠨ ᠴᠢᠨᠠᠷ ᠴᠢᠨᠰᠠᠭ᠎ᠠ ᠪᠠ ᠬᠤᠪᠢ ᠨᠡᠮᠡᠷᠢ ᠪᠠᠷ ᠤᠳᠤᠷᠢᠳᠤᠮᠵᠢ ᠪᠣᠯᠭᠠᠭᠰᠠᠨ ᠰᠤᠷᠭᠠᠭᠤᠯᠢ ᠪᠠ ᠳᠡᠭᠡᠳᠦ ᠰᠤᠷᠭᠠᠭᠤᠯᠢ ᠬᠤᠶᠠᠷ ᠱᠠᠲᠤᠨ ᠤ ᠳᠡᠰ ᠲᠥᠷᠥᠯ ᠬᠤᠪᠢᠶᠠᠨ ᠤᠷᠮᠠᠰᠢᠭᠤᠯᠬᠤ ᠳᠣᠭᠲᠠᠯᠴᠠᠭ᠎ᠠ ᠶᠢ ᠪᠠᠶᠢᠭᠤᠯᠵᠤ᠂ ᠳᠠᠩ ᠭᠠᠭᠴᠠ ᠦᠷ᠎ᠡ ᠪᠦᠲᠦᠭᠡᠯ ᠤᠨ ᠲᠤᠭ᠎ᠠ ᠪᠠ SCI ᠥᠭᠦᠯᠡᠯ ᠤᠨ ᠬᠠᠮᠢᠶ᠎ᠠ ᠪᠦᠬᠦᠢ ᠭᠦᠢᠴᠡᠳᠬᠡᠯ ᠲᠤᠭ᠎ᠠ ᠪᠠᠷ ᠦᠨᠡᠯᠡᠬᠦ ᠱᠠᠩᠨᠠᠬᠤ ᠠᠷᠭ᠎ᠠ ᠶᠢ ᠲᠠᠶᠠᠭᠳᠠᠪᠠ᠃          ᠲᠢᠶᠠᠨᠵᠢᠨ ᠠᠵᠢᠯ ᠮᠡᠷᠭᠡᠵᠢᠯ ᠤᠨ ᠶᠡᠭᠡ ᠰᠤᠷᠭᠠᠭᠤᠯᠢ ︽ᠳᠠᠳᠤᠯᠭ᠎ᠠ ᠪᠣᠯᠪᠠᠰᠤᠷᠠᠯ ᠤᠨ ᠵᠢᠯᠣᠭᠤᠳᠤᠭᠴᠢ ᠪᠠᠭᠰᠢ︾ ᠶᠢᠨ ᠠᠵᠢᠯ ᠤᠨ ᠪᠠᠶᠢᠷᠢ ᠶᠢᠨ ᠣᠨᠴᠠᠯᠢᠭ ᠲᠤ ᠨᠡᠶᠢᠴᠡᠭᠰᠡᠨ ᠦᠨᠡᠯᠡᠨ ᠤᠷᠢᠬᠤ ᠠᠷᠭ᠎ᠠ ᠶᠢ ᠬᠠᠶᠢᠨ ᠰᠦᠪᠡᠭᠴᠢᠯᠡᠵᠦ᠂ ᠭᠤᠯᠳᠤ ᠡᠷᠳᠡᠮ ᠰᠢᠨᠵᠢᠯᠡᠭᠡᠨ᠂ ᠥᠭᠦᠯᠡᠯ ᠵᠡᠷᠭᠡ ᠶᠢ ᠳᠠᠳᠤᠯᠭ᠎ᠠ ᠪᠣᠯᠪᠠᠰᠤᠷᠠᠯ ᠢ ᠦᠨᠡᠯᠡᠬᠦ  ᠵᠢᠯᠣᠭᠤᠳᠤᠭᠴᠢ ᠪᠠᠭᠰᠢ ᠶᠢᠨ ᠰᠠᠭᠤᠷᠢ ᠴᠢᠨᠠᠷᠲᠠᠢ ᠨᠥᠬᠦᠴᠡᠯ ᠪᠣᠯᠭᠠᠬᠤ ᠦᠭᠡᠢ᠃          ᠰᠤᠳᠤᠯᠭᠠᠨ ᠠᠴᠠ᠂ ᠳᠤᠮᠳᠠᠳᠤ ᠤᠯᠤᠰ ᠤᠨ ᠡᠷᠳᠡᠮᠲᠡᠳ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠡᠶᠢᠲᠡᠯᠡᠭᠰᠡᠨ ᠣᠯᠠᠨ ᠤᠯᠤᠰ ᠤᠨ ᠤᠷᠢᠳᠴᠢᠯᠠᠨ ᠰᠡᠷᠡᠮᠵᠢᠯᠡᠭᠦᠯᠬᠦ ᠬᠤᠭᠤᠴᠠᠭᠠᠲᠤ ᠰᠡᠳᠬᠦᠯ ᠳᠡᠭᠡᠷ᠎ᠡ ᠦᠭᠦᠯᠡᠯ ᠨᠡᠶᠢᠲᠡᠯᠡᠬᠦ ᠬᠠᠷᠢᠴᠠᠯ 2019 - 2022 ᠣᠨ ᠤ ᠬᠤᠭᠤᠴᠠᠭᠠᠨ ᠳᠤ ᠢᠯᠡᠳᠲᠡ ᠪᠠᠭᠤᠷᠠᠬᠤ ᠬᠠᠨᠳᠤᠰᠢ ᠲᠠᠢ ᠪᠣᠯᠪᠠ ᠭᠡᠵᠦ ᠵᠢᠭᠠᠵᠤ ᠭᠠᠷᠠᠭᠪᠠ᠃ ︽ᠮᠠᠨ ᠤ ᠤᠯᠤᠰ ᠤᠨ ᠡᠷᠳᠡᠮᠲᠡᠳ ᠤᠨ SCI ᠥᠭᠦᠯᠡᠯ ᠪᠠ ᠨᠥᠯᠥᠭᠡᠯᠡᠬᠦ ᠭᠦᠢᠴᠡᠳᠭᠡᠯ ᠲᠤᠭ᠎ᠠ ᠶᠢ ᠰᠣᠬᠤᠷ ᠪᠠᠯᠠᠢ ᠪᠠᠷ ᠳᠠᠭᠠᠬᠤ ᠠᠵᠢᠯᠯᠠᠭ᠎ᠠ ᠢᠯᠡᠳᠲᠡ ᠰᠠᠶᠢᠵᠢᠷᠠᠵᠤ᠂ ᠬᠤᠭᠤᠴᠠᠭᠠᠲᠤ ᠰᠡᠳᠬᠦᠯ ᠪᠠ ᠥᠭᠦᠯᠡᠯ ᠤᠨ ᠴᠢᠨᠠᠷ ᠴᠢᠨᠰᠠᠭ᠎ᠠ ᠶᠢ ᠨᠡᠩ ᠢᠯᠡᠭᠦᠦ ᠠᠩᠬᠠᠷᠬᠤ ᠪᠣᠯᠵᠠᠢ︾ ᠭᠡᠵᠦ ᠰᠤᠷᠭᠠᠨ ᠬᠥᠮᠥᠵᠢᠯ ᠤᠨ ᠶᠠᠮᠤᠨ ᠤ ᠬᠠᠮᠢᠶ᠎ᠠ ᠪᠦᠬᠦᠢ ᠵᠤᠷᠭᠠᠨ ᠤ ᠬᠠᠷᠢᠭᠤᠴᠠᠯᠭᠠᠲᠠᠨ ᠢᠯᠡᠷᠬᠡᠶᠢᠯᠡᠪᠡ᠃          ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ᠠᠯᠢ ᠣᠯᠠᠨ ᠦᠢᠯᠡᠳᠦᠯᠭᠡ ᠭᠡᠷᠡᠴᠢᠯᠡᠭᠰᠡᠨ ᠨᠢ ᠂ ᠰᠤᠷᠭᠠᠨ ᠬᠥᠮᠦᠵᠢᠯ ᠤᠨ ᠦᠨᠡᠯᠡᠯᠲᠡ ᠶᠢᠨ ︽ᠳᠣᠬᠢᠭᠤᠷ︾ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠪᠣᠯ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠬᠥᠭᠵᠢᠭᠡᠬᠦ ᠶᠢᠨ ᠵᠠᠩᠭᠢᠯᠠᠭ᠎ᠠ ᠶᠢᠨ ᠠᠯᠬᠤᠮ᠂ ᠮᠥᠨ ᠴᠤ ︽ᠨᠢᠭᠡ ᠶᠢ ᠨᠠᠶᠢᠳᠠᠪᠤᠷᠢᠵᠢᠭᠤᠯᠤᠨ ᠪᠦᠬᠦᠨ ᠢ ᠠᠮᠢᠳᠤᠯᠢᠭᠵᠢᠭᠤᠯᠬᠤ︾ ᠶᠠᠪᠤᠳᠠᠯ ᠪᠣᠯᠤᠨ᠎ᠠ᠃          ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠪᠣᠯ ᠨᠢᠭᠡ ᠵᠦᠢᠯ ᠤᠨ ᠪᠤᠳᠤᠯᠢᠶᠠᠨᠲᠠᠢ᠂ ᠬᠠᠲᠠᠭᠤ ᠪᠡᠷᠬᠡ᠂ ᠤᠷᠲᠤ ᠬᠤᠭᠤᠴᠠᠭᠠᠨ ᠤ ᠡᠭᠦᠷᠭᠡ᠂ ᠡᠨᠡ ᠬᠦ ᠥᠭᠡᠷᠡᠴᠢᠯᠡᠯᠲᠡ ᠳᠤ ᠲᠡᠭᠦᠰᠬᠡᠯ ᠦᠭᠡᠢ ᠶᠤᠮ᠃ ᠡᠨᠡ ᠵᠢᠯ ᠤᠨ 7 ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ︽ᠡᠷᠬᠡ ᠰᠦᠷᠲᠦ ᠰᠠᠯᠠᠭ᠎ᠠ ᠮᠥᠴᠢᠷ ᠤᠨ ᠶᠠᠷᠢᠬᠤ ᠨᠢ︾ ᠭᠡᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠰᠤᠷᠭᠠᠨ ᠬᠥᠮᠦᠵᠢᠯ ᠤᠨ ᠶᠠᠮᠤᠨ ᠤ ᠬᠠᠮᠢᠶ᠎ᠠ ᠪᠦᠬᠦᠢ ᠵᠤᠷᠭᠠᠨ ᠲᠣᠪᠴᠢᠶ᠎ᠠ ᠶᠢᠨ ᠬᠠᠷᠢᠭᠤᠴᠠᠯᠭᠠᠲᠠᠨ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠨᠡᠩ ᠪᠣᠳᠠᠲᠠᠶᠢᠵᠢᠭᠤᠯᠤᠨ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠠᠢ᠃ ᠳᠠᠷᠠᠭ᠎ᠠ ᠠᠯᠬᠤᠮ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠲᠠᠢ ᠨᠢᠭᠲᠠ ᠤᠶᠠᠯᠳᠤᠭᠤᠯᠤᠨ᠂ ᠡᠪᠳᠡᠬᠦ ᠪᠠ ᠪᠠᠶᠢᠭᠤᠯᠬᠤ ᠶᠢ ᠵᠡᠷᠭᠡ ᠪᠠᠷ ᠴᠢᠬᠤᠯᠠᠴᠢᠯᠠᠨ᠂ ᠪᠠᠶᠢᠭᠤᠯᠬᠤ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠪᠠᠷ ᠬᠥᠲᠥᠯᠦᠮᠵᠢ ᠪᠣᠯᠭᠠᠨ᠂ ᠬᠥᠮᠦᠨ ᠬᠥᠮᠦᠵᠢᠭᠦᠯᠬᠦ ᠠᠷᠭ᠎ᠠ ᠬᠡᠯᠪᠡᠷᠢ᠂ ᠰᠤᠷᠭᠠᠭᠤᠯᠢ ᠡᠷᠬᠢᠯᠡᠬᠦ ᠵᠠᠭᠪᠤᠷ᠂ ᠬᠠᠮᠢᠶᠠᠷᠤᠯᠲᠠ ᠶᠢᠨ ᠪᠠᠶᠢᠭᠤᠯᠤᠯ᠂ ᠪᠠᠲᠤᠯᠠᠭᠠᠨ ᠤ ᠲᠣᠭᠲᠠᠴᠠ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ ᠭᠡᠪᠡ᠃    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号