ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠬᠤ ᠨᠢ᠄ ︽ᠬᠤᠶᠠᠷ ᠶᠡᠭᠡ ᠶᠠᠪᠤᠳᠠᠯ ᠢᠶᠠᠷ ᠭᠤᠤᠯ ᠭᠠᠷᠳᠠᠴᠠ ᠪᠣᠯᠭᠠᠵᠤ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ︾ ᠭᠤᠤᠯ ᠰᠡᠳᠦᠪᠲᠦ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ
ᠨᠡᠶᠢᠲᠡᠯᠡᠭᠰᠡᠨ ᠴᠠᠭ᠄
2023/11/9
    8 ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠬᠤᠶᠠᠷ ᠶᠡᠭᠡ ᠶᠠᠪᠤᠳᠠᠯ ᠢᠶᠠᠷ ᠭᠤᠤᠯ ᠭᠠᠷᠳᠠᠴᠠ ᠪᠣᠯᠭᠠᠨ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ︾ ᠭᠤᠤᠯ ᠰᠡᠳᠦᠪᠲᠦ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠲᠤᠰᠬᠠᠶ ᠲᠠᠯᠠᠪᠤᠷ︶ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠶᠢᠨ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ︽ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠵᠡᠮᠳᠡᠵᠦ ᠣᠷᠣᠨ ᠪᠦᠰᠡ ᠶᠢᠨ ᠬᠥᠭᠵᠢᠯᠲᠡ ᠳᠤ ᠪᠥᠬᠦ ᠬᠦᠴᠦᠨ ᠢᠶᠠᠷ ᠢᠶᠠᠨ ᠦᠢᠯᠡᠴᠢᠯᠡᠨ ᠣᠳᠣᠬᠢᠴᠢᠯᠠᠭᠰᠠᠨ ᠥᠪᠥᠷ ᠮᠣᠩᠭᠤᠯ ᠢ ᠪᠥᠲᠥᠭᠡᠨ ᠪᠠᠶᠢᠭᠤᠯᠬᠤ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠶ᠎ᠡ︾ ᠭᠡᠬᠦ ᠭᠤᠤᠯ ᠰᠡᠳᠦᠪᠲᠦ ᠨᠡᠶᠢᠲᠡᠯᠡᠯ ᠬᠢᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠮᠢᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠤᠨ ᠳᠠᠷᠤᠭ᠎ᠠ ᠠᠨ ᠯᠢ ᠮᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ ᠬᠠᠮᠲᠤ ᠳᠤ ᠪᠠᠨ ᠦᠵᠡᠵᠡᠭᠡᠶ᠎ᠡ  —          1 . ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠬᠤ ᠳᠤ ᠬᠤᠰᠢᠭᠤᠯᠠᠭᠴᠢ ᠪᠣᠯ ᠳᠡᠭᠡᠳᠦ ᠵᠡᠷᠭᠡ ᠶᠢᠨ ᠰᠤᠷᠭᠠᠨ ᠬᠥᠮᠦᠵᠢᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠰᠢᠨᠵᠢᠯᠡᠭᠡᠨ ᠤ ᠰᠠᠯᠠᠭ᠎ᠠ ᠶᠢ ᠥᠳᠲᠡᠷ ᠲᠦᠷᠭᠡᠨ ᠪᠠᠶᠢᠭᠤᠯᠬᠤ᠂ ᠰᠢᠨ᠎ᠡ ᠶᠢ ᠡᠭᠦᠳᠬᠦ ᠣᠷᠦ᠋ᠢᠯᠠᠭᠰᠠᠨ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠶᠢ ᠴᠢᠩᠭᠠᠳᠬᠠᠬᠤ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠬᠦ ᠵᠡᠷᠭᠡ ᠲᠠᠯ᠎ᠠ ᠪᠠᠷ ᠶᠠᠮᠠᠷ ᠰᠢᠨ᠎ᠡ ᠠᠷᠭ᠎ᠠ ᠬᠡᠮᠵᠢᠶ᠎ᠡ ᠪᠠᠶᠢᠬᠤ ᠪᠣᠶ︖           ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠶᠢᠨ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ᠄ ᠶᠠᠭ ᠰᠤᠷᠪᠤᠯᠵᠢᠯᠠᠭᠴᠢ ᠨᠠᠶᠢᠵᠠ ᠶᠢᠨ ᠬᠡᠯᠡᠭᠰᠡᠨᠴᠢᠯᠡᠨ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠬᠤᠰᠢᠭᠤᠴᠢᠯᠠᠭᠴᠢ ᠪᠣᠯ ᠳᠡᠭᠡᠳᠦ ᠵᠡᠷᠭᠡ ᠶᠢᠨ ᠰᠤᠷᠭᠠᠨ ᠬᠥᠮᠦᠵᠢᠯ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠴᠢᠷᠮᠠᠶᠢᠨ ᠰᠠᠶᠢᠲᠤᠷ ᠬᠢᠬᠦ ᠳᠤ ᠡᠷᠬᠡᠪᠰᠢ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠠᠭᠠᠭᠤᠯᠤᠭᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠣᠷᠦ᠋ᠢᠯᠠᠭᠰᠠᠨ ᠴᠢᠳᠠᠪᠤᠷᠢᠲᠠᠨ ᠢ ᠬᠥᠮᠦᠵᠢᠭᠦᠯᠦᠨ ᠪᠤᠶᠢᠵᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠨᠢᠭᠡ ᠳᠤ᠂ ᠰᠢᠨᠵᠢᠯᠡᠭᠡᠨ ᠤ ᠰᠠᠯᠠᠭᠠᠨ ᠤ ᠲᠤᠰᠬᠠᠶ ᠮᠡᠷᠭᠡᠵᠢᠯ ᠤᠨ ᠳᠣᠭᠲᠠᠯᠴᠠᠭᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠲᠠᠪᠤᠨ ᠶᠡᠭᠡ ᠡᠭᠦᠷᠭᠡ ᠳᠤ ᠦᠢᠯᠡᠴᠢᠯᠡᠬᠦ ᠳᠤ ᠠᠩᠬᠠᠷᠤᠯ ᠢᠶᠠᠨ ᠬᠠᠨᠳᠤᠭᠤᠯᠤᠨ᠂ ᠰᠢᠨᠵᠢᠯᠡᠭᠡᠨ ᠤ ᠰᠠᠯᠠᠭᠠᠨ ᠤ ᠲᠤᠰᠬᠠᠶ ᠮᠡᠷᠭᠡᠵᠢᠯ ᠤᠨ ᠲᠣᠬᠢᠷᠠᠭᠤᠯᠤᠯᠲᠠ ᠪᠣᠯᠤᠨ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢᠨ ᠬᠠᠷᠢᠯᠴᠠᠨ ᠵᠣᠬᠢᠴᠠᠯᠳᠤᠬᠤ ᠪᠠ ᠬᠠᠷᠢᠯᠴᠠᠨ ᠠᠬᠢᠭᠤᠯᠬᠤ ᠶᠢ ᠠᠬᠢᠭᠤᠯᠵᠤ᠂ ᠰᠢᠨᠵᠢᠯᠡᠭᠡᠨ ᠤ ᠰᠠᠯᠠᠭᠠᠨ ᠤ ᠲᠤᠰᠬᠠᠶ ᠮᠡᠷᠭᠡᠵᠢᠯ ᠤᠨ ᠴᠢᠨᠠᠷᠯᠢᠭ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠬᠤ ᠴᠢᠳᠠᠪᠤᠷᠢ᠂ ᠲᠤᠯᠭᠠᠭᠤᠷᠢᠯᠠᠬᠤ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠢ ᠴᠢᠩᠭᠠᠷᠠᠭᠤᠯᠪᠠ᠃ ᠭᠤᠣᠯᠳᠠᠯᠭ᠎ᠠ ᠲᠠᠢ ᠠᠵᠤ ᠦᠢᠯᠡᠰ ᠤᠨ ᠬᠦᠷᠢᠶ᠎ᠡ ᠴᠠᠷᠠᠭᠠᠨ  ᠤ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠭᠦᠯᠬᠦ ᠶᠢ ᠭᠦᠨᠵᠡᠭᠡᠶᠢᠷᠡᠭᠦᠯᠵᠦ᠂ ᠳᠡᠭᠡᠳᠦ ᠰᠤᠷᠭᠠᠭᠤᠯᠢ ᠶᠢ ᠬᠥᠲᠥᠯᠥᠨ ᠵᠢᠯᠣᠭᠤᠳᠴᠤ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠳᠤ ᠲᠥᠪᠯᠡᠷᠡᠭᠦᠯᠦᠨ ᠴᠢᠳᠠᠪᠤᠷᠢᠲᠠᠨ ᠬᠥᠮᠦᠵᠢᠭᠦᠯᠬᠦ ᠴᠢᠳᠠᠪᠤᠷᠢ ᠶᠢ ᠲᠦᠷᠭᠡᠳᠭᠡᠪᠡ᠃ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠳᠠᠬᠢ ᠰᠢᠨᠵᠢᠯᠡᠭᠡᠨ ᠤ ᠰᠠᠯᠠᠭᠠᠨ ᠤ ᠲᠤᠰᠬᠠᠶ ᠮᠡᠷᠭᠡᠵᠢᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠤᠯᠠᠮᠵᠢᠯᠠᠯᠲᠤ ᠲᠠᠷᠢᠶᠠᠯᠠᠩ ᠤᠨ ᠰᠢᠨᠵᠢᠯᠡᠭᠡᠨ ᠤ ᠰᠠᠯᠠᠭ᠎ᠠ ᠶᠢᠨ ᠲᠠᠰ ᠳᠡᠪᠰᠢᠬᠦ ᠶᠢ ᠲᠦᠷᠭᠡᠳᠬᠡᠨ᠂ ᠠᠵᠤ ᠦᠢᠯᠡᠰ ᠤᠨ ᠮᠡᠷᠭᠡᠵᠢᠯ ᠤᠨ ᠬᠤᠪᠢ ᠨᠡᠮᠡᠷᠢ ᠶᠢᠨ ᠨᠣᠷᠮ᠎ᠠ ᠶᠢ       ᠳᠡᠭᠡᠭᠰᠢᠯᠡᠭᠦᠯᠪᠡ᠃ ᠬᠤᠶᠠᠷ ᠲᠤ᠂ ᠲᠡᠷᠢᠭᠦᠨ ᠤ ᠰᠢᠨᠵᠢᠯᠡᠭᠡᠨ ᠤ ᠰᠠᠯᠠᠭ᠎ᠠ ᠶᠢ ᠪᠠᠶᠢᠭᠤᠯᠬᠤ ᠠᠵᠢᠯᠯᠠᠭ᠎ᠠ ᠶᠢ       ᠥᠷᠨᠢᠭᠦᠯᠪᠡ᠃ ᠲᠠᠪᠤᠨ ᠶᠡᠭᠡ ᠡᠭᠦᠷᠭᠡ ᠳᠤ ᠦᠢᠯᠡᠴᠢᠯᠡᠬᠦ ᠳᠤ ᠠᠩᠬᠠᠷᠤᠯ ᠢᠶᠠᠨ ᠬᠠᠨᠳᠤᠭᠤᠯᠤᠨ᠂ ᠰᠢᠨ᠎ᠡ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ︽ᠲᠡᠷᠢᠭᠦᠨ ᠤ ᠰᠢᠨᠵᠢᠯᠡᠭᠡᠨ ᠤ ᠰᠠᠯᠠᠭ᠎ᠠ︾ ᠶᠢᠨ ᠪᠠᠶᠢᠭᠤᠯᠤᠯᠲᠠ ᠶᠢ ᠠᠬᠢᠭᠤᠯᠵᠤ᠂ 2 ᠲᠡᠷᠢᠭᠦᠨ ᠤ ᠣᠷᠦ᠋ᠢᠯᠠᠭᠰᠠᠨ ᠰᠢᠨᠵᠢᠯᠡᠭᠡᠨ ᠤ ᠰᠠᠯᠠᠭ᠎ᠠ᠂ 19 ᠲᠡᠷᠢᠭᠦᠨ ᠤ ᠣᠷᠦ᠋ᠢᠯᠠᠭᠰᠠᠨ ᠬᠥᠮᠦᠵᠢᠭᠦᠯᠬᠦ ᠰᠢᠨᠵᠢᠯᠡᠭᠡᠨ ᠤ ᠰᠠᠯᠠᠭ᠎ᠠ᠂ 14 ᠲᠡᠷᠢᠭᠦᠨ ᠤ ᠪᠠᠶᠢᠭᠤᠯᠬᠤ ᠰᠢᠨᠵᠢᠯᠡᠭᠡᠨ ᠤ ᠰᠠᠯᠠᠭ᠎ᠠ ᠶᠢ ᠭᠤᠤᠯᠳᠠᠯᠭ᠎ᠠ ᠲᠠᠢ ᠪᠥᠲᠥᠭᠡᠨ ᠪᠠᠶᠢᠭᠤᠯᠪᠠ᠃ ᠡᠭᠦᠨ ᠳᠤ᠂ ᠡᠪᠡᠰᠦᠨ ᠤ ᠰᠤᠳᠤᠯᠤᠯ᠂ ᠠᠮᠢᠳᠤ ᠪᠣᠳᠠᠰ ᠤᠨ ᠰᠤᠳᠤᠯᠤᠯ᠂ ᠠᠮᠢ ᠠᠬᠤᠶ ᠶᠢᠨ ᠰᠤᠳᠤᠯᠤᠯ᠂ ᠢᠳᠡᠭᠡᠨ ᠤ ᠰᠢᠨᠵᠢᠯᠡᠬᠦ ᠤᠬᠠᠭᠠᠨ ᠪᠣᠯᠤᠨ ᠢᠨᠵᠧᠨᠧᠷᠢᠩ᠂ ᠮᠠᠯ ᠠᠵᠤ ᠠᠬᠤᠶ ᠶᠢᠨ ᠰᠤᠳᠤᠯᠤᠯ ᠵᠡᠷᠭᠡ ᠰᠢᠨᠵᠢᠯᠡᠭᠡᠨ ᠤ ᠰᠠᠯᠠᠭ᠎ᠠ ᠨᠢ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠬᠦ ᠵᠢᠴᠢ ᠨᠠᠷᠢᠯᠢᠭ ᠭᠦᠨᠵᠡᠭᠡᠶ ᠪᠣᠯᠪᠠᠰᠤᠷᠠᠭᠤᠯᠬᠤ ᠭᠤᠣᠯᠳᠠᠯᠭ᠎ᠠ ᠲᠠᠢ ᠠᠵᠤ ᠦᠢᠯᠡᠰ ᠲᠤ ᠦᠢᠯᠡᠴᠢᠯᠡᠪᠡ︔ ᠬᠥᠳᠡᠯᠭᠡᠭᠴᠢ ᠬᠦᠴᠦᠨ ᠤ ᠢᠨᠵᠧᠨᠧᠷᠢᠩ ᠪᠣᠯᠤᠨ ᠢᠨᠵᠧᠨᠧᠷᠢᠩ ᠤᠨ ᠢᠯᠴᠢ ᠶᠢᠨ ᠹᠢᠽᠢᠺ᠂ ᠮᠠᠲ᠋ᠧᠷᠢᠶᠠᠯ ᠤᠨ ᠰᠢᠨᠵᠢᠯᠡᠬᠦ ᠤᠬᠠᠭᠠᠨ ᠪᠣᠯᠤᠨ ᠢᠨᠵᠧᠨᠧᠷᠢᠩ᠂ ᠬᠢᠮᠢ ᠶᠢᠨ ᠢᠨᠵᠧᠨᠧᠷᠢᠩ ᠪᠣᠯᠤᠨ ᠮᠡᠷᠭᠡᠵᠢᠯ᠂ ᠲᠡᠮᠦᠷᠯᠢᠭ ᠬᠠᠶᠢᠯᠤᠭᠤᠯᠬᠤ ᠢᠨᠵᠧᠨᠧᠷᠢᠩ᠂ ᠮᠧᠬᠠᠨᠢᠭ ᠤᠨ ᠢᠨᠵᠧᠨᠧᠷᠢᠩ ᠵᠡᠷᠭᠡ ᠰᠢᠨᠵᠢᠯᠡᠭᠡᠨ ᠤ ᠰᠠᠯᠠᠭ᠎ᠠ ᠨᠢ ᠭᠤᠤᠯᠳᠠᠭᠤ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠵᠢᠴᠢ ᠲᠣᠨᠤᠭ ᠲᠥᠬᠦᠭᠡᠷᠦᠮᠵᠢ ᠦᠢᠯᠡᠳᠬᠦ᠂ ᠲᠡᠮᠦᠷᠯᠢᠭ ᠨᠡᠭᠡᠭᠡᠨ ᠬᠠᠶᠢᠯᠤᠭᠤᠯᠬᠤ ᠵᠢᠴᠢ ᠰᠢᠨ᠎ᠡ ᠮᠠᠲ᠋ᠧᠷᠢᠶᠠᠯ ᠦᠢᠯᠡᠳᠬᠦ᠂ ᠨᠡᠭᠦᠷᠡᠰᠦ ᠵᠢᠴᠢ ᠨᠡᠭᠦᠷᠡᠰᠦᠨ ᠤ ᠰᠠᠭᠤᠷᠢ ᠵᠡᠷᠭᠡ ᠭᠤᠤᠯᠳᠠᠯᠭ᠎ᠠ ᠲᠠᠢ ᠠᠵᠤ ᠦᠢᠯᠡᠰ ᠲᠤ ᠦᠢᠯᠡᠴᠢᠯᠡᠪᠡ︔ ᠮᠠᠷᠺᠰ ᠤᠨ ᠦᠵᠡᠯ ᠤᠨ ᠣᠨᠣᠯ᠂ ᠦᠨᠳᠦᠰᠦᠲᠡᠨ ᠤ ᠰᠤᠳᠤᠯᠤᠯ ᠵᠡᠷᠭᠡ ᠬᠢᠴᠢᠶᠡᠯ ᠲᠥᠷᠥᠯ ᠨᠢ ᠭᠤᠤᠯᠳᠠᠭᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠠᠶᠢᠭᠤᠯᠬᠤ ᠳᠤ ᠦᠢᠯᠡᠴᠢᠯᠡᠪᠡ᠃ ᠭᠤᠷᠪᠠ ᠳᠤ᠂ ᠬᠡᠷᠡᠭᠯᠡᠭᠡᠨ ᠤ ᠬᠡᠯᠪᠡᠷᠢᠲᠦ ᠴᠢᠳᠠᠪᠤᠷᠢᠲᠠᠨ ᠢ ᠶᠡᠭᠡ ᠪᠠᠷ ᠬᠥᠮᠥᠵᠢᠭᠦᠯᠪᠡ᠃ ᠲᠠᠪᠤᠨ ᠶᠡᠭᠡ ᠡᠭᠦᠷᠭᠡ ᠳᠤ ᠦᠢᠯᠡᠴᠢᠯᠡᠬᠦ ᠳᠤ ᠠᠩᠬᠠᠷᠤᠯ ᠢᠶᠠᠨ ᠬᠠᠨᠳᠤᠭᠤᠯᠤᠨ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶ ᠠᠬᠢᠭᠤᠯᠵᠤ᠂ ᠰᠤᠷᠭᠠᠭᠤᠯᠢ ᠶᠢᠨ ᠲᠠᠰ ᠤᠨ ᠣᠲᠣ ᠦᠶ᠎ᠡ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ᠶᠢ 100 ᠣᠷᠴᠢᠮ ᠪᠠᠶᠢᠷᠢᠯᠠᠭᠤᠯᠤᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠲᠣ ᠦᠶ᠎ᠡ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ᠶᠢ 20 ᠠᠴᠠ ᠳᠡᠭᠡᠭᠰᠢ ᠪᠠᠶᠢᠭᠤᠯᠤᠨ᠂ ᠤᠯᠤᠰ ᠤᠨ ᠲᠠᠰ ᠤᠨ ᠣᠲᠣ ᠦᠶ᠎ᠡ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ᠶᠢ 3 ᠠᠴᠠ ᠳᠡᠭᠡᠭᠰᠢ ᠪᠤᠶᠢᠵᠢᠭᠤᠯᠤᠨ ᠪᠠᠶᠢᠭᠤᠯᠵᠤ᠂ ︽ᠤᠯᠤᠰ - ᠥᠪᠡᠷᠲᠡᠭᠡᠨ ᠵᠠᠰᠠᠬᠤ ᠣᠷᠣᠨ - ᠰᠤᠷᠭᠠᠭᠤᠯᠢ︾ ᠭᠤᠷᠪᠠᠨ ᠱᠠᠲᠤᠨ ᠤ ᠣᠲᠣ ᠦᠶ᠎ᠡ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ᠶᠢ ᠪᠦᠷᠢᠯᠳᠦᠭᠦᠯᠵᠦ᠂ ᠬᠡᠰᠡᠭ ᠪᠦᠯᠦᠭ ᠴᠢᠳᠠᠪᠤᠷᠢᠲᠠᠨ ᠢ ᠬᠥᠮᠦᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠠᠬᠤᠶᠢᠯᠠᠯ ᠳᠤ ᠦᠢᠯᠡᠴᠢᠯᠡᠬᠦ᠂ ᠰᠤᠷᠤᠭᠴᠢᠳ ᠤᠨ ᠦᠢᠯᠡᠰ ᠪᠣᠰᠬᠠᠬᠤ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠳᠠᠭᠤᠶᠢᠶᠠᠯ ᠦᠵᠡᠭᠦᠯᠬᠦ ᠴᠢᠨᠠᠷᠲᠠᠶ ᠴᠢᠳᠠᠪᠤᠷᠢᠲᠠᠨ ᠢ ᠬᠥᠮᠦᠵᠢᠭᠦᠯᠬᠦ ᠪᠣᠳᠠᠲᠤ ᠴᠣᠭᠴᠠ ᠶᠢ ᠬᠦᠴᠦᠯᠡᠨ ᠪᠠᠶᠢᠭᠤᠯᠪᠠ᠃ ᠳᠥᠷᠪᠡ ᠳᠤ᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠪᠡ᠃ ᠳᠡᠭᠡᠳᠦ ᠰᠤᠷᠭᠠᠭᠤᠯᠢ ᠶᠢᠨ ᠵᠣᠬᠢᠶᠠᠨ ᠪᠠᠶᠢᠭᠤᠯᠤᠯᠲᠠ ᠲᠠᠢ ᠡᠷᠳᠡᠮ ᠰᠢᠨᠵᠢᠯᠡᠭᠡᠨ ᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ 8 ᠶᠡᠭᠡ ᠠᠵᠤ ᠦᠢᠯᠡᠰ ᠤᠨ ᠪᠦᠯᠦᠭᠵᠢᠯ ᠪᠠ 16 ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠲᠠᠢ ᠬᠠᠷᠠᠭᠠᠯᠵᠠᠭᠤᠯᠤᠨ᠂ ᠨᠢᠭᠡ ᠪᠦᠯᠦᠭ ᠳᠡᠭᠡᠳᠦ ᠰᠤᠷᠭᠠᠭᠤᠯᠢ ᠶᠢᠨ ᠢᠨᠵᠧᠨᠧᠷᠢᠩ ᠤᠨ ᠰᠤᠳᠤᠯᠭᠠᠨ ᠤ ᠲᠥᠪ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠭᠰᠠᠨ ᠲᠤᠷᠰᠢᠯᠲᠠ ᠶᠢᠨ ᠲᠠᠰᠤᠭ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠷᠢᠰᠢᠭᠤᠯᠵᠤ᠂ ᠳᠡᠭᠡᠳᠦ ᠰᠤᠷᠭᠠᠭᠤᠯᠢ ᠪᠠ ᠳᠠᠭᠠᠭᠤᠯᠤᠭᠴᠢ ᠠᠵᠤ ᠠᠬᠤᠶᠢᠯᠠᠯ᠂ ᠳᠤᠮᠳᠠ ᠪᠠᠭ᠎ᠠ ᠠᠵᠤ ᠠᠬᠤᠶᠢᠯᠠᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠢ ᠬᠦᠴᠦᠯᠡᠨ ᠰᠢᠪᠲᠤᠯᠪᠠ᠃ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯᠯᠠᠭᠠᠨ ᠤ ᠬᠤᠯᠪᠣᠭ᠎ᠠ ᠶᠢ ᠪᠠᠶᠢᠭᠤᠯᠵᠤ᠂ ᠳᠡᠭᠡᠳᠦ ᠰᠤᠷᠭᠠᠭᠤᠯᠢ ᠶᠢᠨ ᠦᠷ᠎ᠡ ᠪᠦᠲᠦᠭᠡᠯ ᠢ ᠤᠯᠠᠷᠢᠭᠤᠯᠬᠤ ᠲᠥᠷᠥᠯ ᠵᠦᠢᠯ ᠢ ᠪᠠᠶᠢᠭᠤᠯᠤᠨ᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ  ᠥᠳᠲᠡᠷ ᠲᠦᠷᠭᠡᠨ ᠠᠬᠢᠭᠤᠯᠪᠠ᠃          2 . ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠠᠬᠢᠭᠤᠯᠬᠤ᠂ ᠣᠨᠴᠠᠭᠠᠶᠢᠯᠠᠨ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠡᠯᠬᠢᠶ᠎ᠡ ᠶᠢ ᠪᠠᠶᠢᠷᠢᠯᠠᠭᠤᠯᠬᠤ ᠲᠠᠯ᠎ᠠ ᠪᠠᠷ ᠶᠠᠮᠠᠷ ᠠᠵᠢᠯ ᠥᠷᠨᠢᠭᠦᠯᠦᠭᠰᠡᠨ ᠪᠣᠶ︖           ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠤᠨ ᠳᠠᠷᠤᠭ᠎ᠠ ᠠᠨ ᠯᠢ ᠮᠢᠨ᠄ ︽ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ︾ ᠪᠣᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾ ᠳᠤ ᠲᠣᠭᠲᠠᠭᠠᠭᠰᠠᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠣᠯᠤᠨ᠎ᠠ᠃ ᠪᠢᠳᠡ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ︾᠂ ︽ᠪᠦᠬᠦ ᠠᠷᠠᠳ ᠤᠨ ᠨᠠᠰᠤᠨ ᠲᠤᠷᠰᠢᠳᠠ ᠰᠤᠷᠤᠯᠴᠠᠬᠤ ᠠᠵᠢᠯᠯᠠᠭᠠᠨ ᠤ ᠭᠠᠷᠠᠭ︾ ᠵᠡᠷᠭᠡ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ᠂ ᠨᠠᠮ ᠪᠠ ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠬᠦ ᠰᠠᠶᠢᠨ ᠲᠦᠷᠦ ᠶᠢᠨ ᠪᠤᠳᠤᠯᠭ᠎ᠠ ᠶᠢ ᠶᠡᠭᠡ ᠪᠠᠷ ᠤᠬᠠᠭᠤᠯᠵᠤ᠂ ᠤᠯᠠᠨ ᠲᠦᠮᠡᠨ ᠢ ᠲᠠᠳᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠲᠡᠭᠡᠪᠡ᠃ ᠮᠠᠨ ᠤ ᠣᠷᠣᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠥᠷᠭᠡᠳᠬᠡᠨ ᠡᠯᠰᠡᠬᠦ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠴᠡᠷᠢᠭ ᠤᠨ ᠠᠯᠪᠠᠨ ᠠᠴᠠ ᠪᠠᠭᠤᠭᠰᠠᠳ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ᠂ ᠬᠥᠯᠥᠰᠥᠨ ᠠᠵᠢᠯᠴᠢᠨ ᠪᠠ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ᠂ ᠠᠵᠢᠯ ᠤᠨ ᠪᠠᠶᠢᠷᠢ ᠳᠤ ᠪᠠᠶᠢᠭ᠎ᠠ 5 ᠲᠦᠮᠡ ᠭᠠᠷᠤᠶ ᠠᠵᠢᠯᠲᠠᠨ ᠠᠵᠢᠯᠴᠢᠨ ᠢ ᠬᠠᠪᠰᠤᠷᠴᠤ ᠶᠡᠭᠡ ᠰᠤᠷᠭᠠᠭᠤᠯᠢ ᠳᠤ ᠰᠤᠷᠤᠯᠴᠠᠬᠤ ᠬᠦᠰᠡᠯ ᠢ ᠨᠢ ᠪᠡᠶᠡᠯᠡᠭᠦᠯᠪᠡ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠰᠤᠷᠤᠯᠭ᠎ᠠ ᠶᠢᠨ ᠨᠠᠮᠲᠠᠷ ᠪᠣᠯᠤᠨ ᠴᠢᠳᠠᠪᠤᠷᠢ ᠶᠢ ᠳᠡᠭᠡᠭᠰᠢᠯᠡᠭᠦᠯᠬᠦ ︽ᠰᠤᠷᠤᠯᠴᠠᠬᠤ ᠬᠦᠰᠡᠯ ᠢᠶᠠᠨ ᠲᠡᠷᠭᠡᠯᠰᠢᠭᠦᠯᠬᠦ ᠠᠵᠢᠯᠯᠠᠭ᠎ᠠ︾ ᠶᠢᠨ ᠲᠥᠯᠥᠪᠯᠡᠭᠡ ᠶᠢ ᠬᠡᠷᠡᠭᠵᠢᠭᠦᠯᠵᠦ᠂ 2018 ᠣᠨ ᠠᠴᠠ ᠨᠠᠭᠠᠰᠢ 23494 ᠬᠥᠮᠦᠨ ᠡᠯᠰᠡᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠰᠤᠷᠤᠯᠭ᠎ᠠ ᠶᠢᠨ ᠨᠠᠮᠲᠠᠷ ᠤᠨ ᠲᠠᠰ ᠪᠠ ᠮᠡᠷᠭᠡᠵᠢᠯ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠪᠡ᠃ ︽ᠨᠢᠭᠡ ᠲᠣᠰᠬᠤᠨ ᠨᠢᠭᠡ ᠣᠶᠤᠲᠠᠨ ᠲᠠᠢ ᠪᠣᠯᠬᠤ ᠲᠥᠯᠥᠪᠯᠡᠭᠡ︾ ᠶᠢ ᠰᠠᠶᠢᠲᠤᠷ ᠠᠳᠬᠤᠵᠤ᠂ ︽ᠲᠥᠪᠯᠡᠷᠡᠭᠦᠯᠦᠨ ᠨᠢᠭᠤᠷᠲᠠᠨ ᠰᠤᠷᠭᠠᠬᠤ + ᠰᠦᠯᠵᠢᠶᠡᠨ ᠳᠠᠬᠢ ᠵᠢᠭᠠᠨ ᠰᠤᠷᠭᠠᠯᠲᠠ ᠶᠢᠨ ᠬᠠᠪᠰᠤᠷᠤᠨ ᠵᠢᠯᠣᠭᠤᠳᠣᠯᠭ᠎ᠠ + ᠰᠤᠷᠭᠠᠨ ᠬᠥᠮᠦᠵᠢᠯ ᠢ ᠬᠥᠳᠡᠭᠡ ᠬᠦᠷᠭᠡᠬᠦ︾ ᠬᠤᠯᠢᠮᠠᠭ ᠵᠢᠭᠠᠨ ᠰᠤᠷᠭᠠᠯᠲᠠ ᠶᠢᠨ ᠵᠠᠭᠪᠤᠷ ᠢ ᠬᠡᠷᠡᠭᠵᠢᠭᠦᠯᠵᠦ᠂ 8347 ᠰᠣᠷᠣᠭᠴᠢ ᠡᠯᠰᠡᠪᠡ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠡᠭᠡᠳᠦ ᠰᠤᠷᠭᠠᠭᠤᠯᠢ 7᠂ ᠤᠷᠠᠨ ᠳᠠᠷᠬᠠᠨ ᠤ ᠳᠡᠭᠡᠳᠦ ᠰᠤᠷᠭᠠᠭᠤᠯᠢ 6 ᠶᠢ ᠪᠠᠶᠢᠭᠤᠯᠵᠤ᠂ ᠠᠵᠢᠯᠲᠠᠨ ᠲᠦᠷ ᠴᠠᠭ ᠲᠤᠰᠢᠶᠠᠯ ᠡᠭᠦᠷᠭᠡᠯᠡᠬᠦ᠂ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠢ ᠤᠯᠠᠷᠢᠭᠤᠯᠬᠤ᠂ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠬᠥᠮᠦᠵᠢᠭᠦᠯᠬᠦ ᠶᠢ ᠥᠷᠨᠢᠭᠦᠯᠪᠡ᠃ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠵᠣᠬᠢᠶᠠᠨ ᠪᠠᠶᠢᠭᠤᠯᠵᠤ ᠠᠵᠢᠯ ᠤᠯᠬᠤ ᠳᠤ ᠬᠦᠴᠢᠷᠲᠡᠶ ᠵᠡᠷᠭᠡ ᠬᠥᠮᠦᠰ ᠲᠤ ᠲᠥᠯᠦᠪᠦᠷᠢ ᠥᠬᠡᠶ ᠪᠣᠯᠪᠠᠰᠤᠷᠠᠭᠤᠯᠤᠯ ᠢ ᠥᠷᠨᠢᠭᠦᠯᠪᠡ᠃ 2021 ᠣᠨ ᠠᠴᠠ ᠨᠠᠭᠠᠰᠢ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ 24 . 5 ᠲᠦᠮᠡᠨ ᠬᠥᠮᠦᠨ ᠤᠳᠠᠭ᠎ᠠ ᠥᠷᠨᠢᠭᠦᠯᠪᠡ᠃ ᠠᠵᠤ ᠦᠢᠯᠡᠰ ᠤᠨ ᠬᠡᠯᠬᠢᠶ᠎ᠡ ᠶᠢ ᠴᠢᠩᠭ᠎ᠠ ᠡᠵᠡᠮᠳᠡᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠡᠯᠬᠢᠶ᠎ᠡ ᠶᠢ ᠪᠠᠶᠢᠷᠢᠰᠢᠭᠤᠯᠵᠤ᠂ ᠤᠷ᠎ᠠ ᠴᠢᠳᠠᠪᠤᠷᠢᠲᠤ ᠴᠢᠳᠠᠪᠤᠷᠢᠲᠠᠨ ᠢ ᠶᠡᠭᠡ ᠪᠠᠷ ᠬᠥᠮᠥᠵᠢᠭᠦᠯᠪᠡ᠃ 3 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠤᠯᠤᠰ ᠤᠨ ︽ᠬᠤᠣᠰ ᠳᠡᠭᠡᠳᠦ ᠲᠥᠯᠥᠪᠯᠡᠭᠡ︾ ᠶᠢ ᠪᠦᠲᠦᠭᠡᠨ ᠪᠠᠶᠢᠭᠤᠯᠬᠤ ᠨᠢᠭᠡᠴᠢ ᠳᠤ ᠵᠢᠭᠰᠠᠭᠠᠨ ᠣᠷᠣᠭᠤᠯᠵᠤ᠂ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ  ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠤᠯᠤᠰ ᠤᠨ ᠲᠠᠰ ᠤᠨ ︽ᠬᠤᠣᠰ ᠳᠡᠭᠡᠳᠦ ᠲᠥᠯᠥᠪᠯᠡᠭᠡ︾ ᠶᠢᠨ ᠳᠡᠭᠡᠳᠦ ᠰᠤᠷᠭᠠᠭᠤᠯᠢ ᠪᠠᠷ ᠪᠦᠲᠦᠭᠡᠨ ᠪᠠᠶᠢᠭᠤᠯᠬᠤ ᠶᠢ ᠶᠡᠭᠡ ᠪᠠᠷ ᠲᠦᠯᠬᠢᠨ ᠠᠬᠢᠭᠤᠯᠪᠠ᠃ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ︽ᠬᠤᠶᠠᠷ ᠥᠨᠳᠥᠷ︾ ︽ᠬᠤᠶᠠᠷ ᠰᠢᠯᠢᠳᠡᠭ︾ ᠲᠥᠯᠥᠪᠯᠡᠭᠡ᠂ 15 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ 35 ᠲᠤᠰᠬᠠᠶ ᠮᠡᠷᠭᠡᠵᠢᠯ ᠤᠨ ᠴᠤᠭᠯᠠᠷᠠᠯ ᠪᠠ 42 ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ 126 ᠲᠤᠰᠬᠠᠶ ᠮᠡᠷᠭᠡᠵᠢᠯ ᠤᠨ ᠲᠥᠷᠥᠯ ᠵᠦᠢᠯ ᠢ ᠪᠠᠶᠢᠭᠤᠯᠬᠤ ᠪᠥᠲᠥᠭᠡᠨ ᠪᠠᠶᠢᠭᠤᠯᠤᠯᠲᠠ ᠶᠢ ᠥᠷᠨᠢᠭᠦᠯᠪᠡ᠃ 137 ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠵᠦ ᠰᠢᠯᠢᠳᠡᠭ ᠢ ᠬᠥᠮᠦᠵᠢᠭᠦᠯᠬᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠪᠡ᠃ ︽ᠲᠠᠪᠤᠨ ᠶᠡᠭᠡ ᠡᠭᠦᠷᠭᠡ︾ ᠪᠠ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠢ ᠮᠡᠷᠭᠡᠵᠢᠯ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠪᠡ᠃ 2023 ᠣᠨ ᠳᠤ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠶ ᠮᠡᠷᠭᠡᠵᠢᠯ︶ ᠤᠨ ᠰᠣᠷᠣᠭᠴᠢ ᠡᠯᠰᠡᠬᠦ ᠪᠠᠷ ᠪᠠᠶᠢᠭ᠎ᠠ ᠲᠤᠰᠬᠠᠶ ᠮᠡᠷᠭᠡᠵᠢᠯ 1424᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠡᠯᠰᠡᠬᠦ ᠪᠠᠷ ᠪᠠᠶᠢᠭ᠎ᠠ ᠲᠤᠰᠬᠠᠶ ᠮᠡᠷᠭᠡᠵᠢᠯ 1542 ᠪᠠᠶᠢᠵᠤ᠂ 19 ᠲᠤᠰᠬᠠᠶ ᠮᠡᠷᠭᠡᠵᠢᠯ ᠤᠨ ᠶᠡᠭᠡ ᠲᠥᠷᠥᠯ᠂ 77 ᠲᠤᠰᠬᠠᠶ ᠮᠡᠷᠭᠡᠵᠢᠯ ᠤᠨ ᠲᠥᠷᠥᠯ ᠢ ᠬᠠᠮᠤᠷᠪᠠ᠂ ᠡᠭᠦᠨ ᠳᠤ ᠪᠠᠶᠢᠭᠠᠯᠢ ᠠᠵᠤ ᠦᠢᠯᠡᠳᠪᠦᠷᠢ ᠲᠠᠷᠢᠶᠠᠯᠠᠩ ᠠᠨᠠᠭᠠᠬᠤ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ ᠡᠵᠡᠯᠡᠬᠦ ᠬᠠᠷᠢᠴᠠᠯ 63 . 1 % ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠤᠰᠬᠠᠶ ᠮᠡᠷᠭᠡᠵᠢᠯ ᠤᠨ ᠡᠵᠡᠯᠡᠬᠦ ᠬᠠᠷᠢᠴᠠᠯ 77 . 6 % ᠳᠤ ᠬᠦᠷᠴᠡᠶ᠃ 128 ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ 239 ᠠᠵᠤ ᠠᠬᠤᠶᠢᠯᠠᠯ ᠲᠠᠢ ᠬᠠᠮᠲᠤᠷᠠᠨ 448 ︽ᠵᠠᠬᠢᠶᠠᠯᠠᠭ᠎ᠠ ᠶᠢᠨ       ᠠᠩᠭᠢ︾ ︽ᠨᠡᠷ᠎ᠡ ᠬᠠᠳᠠᠬᠤ ᠠᠩᠭᠢ︾ ᠡᠷᠭᠢᠯᠡᠪᠡ᠃ 27 ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ 101 ᠠᠵᠤ ᠠᠬᠤᠶᠢᠯᠠᠯ ᠬᠠᠮᠲᠤᠷᠠᠨ ᠫᠠᠶᠢᠰᠠ ᠡᠯᠭᠦᠨ 74 ᠠᠵᠤ ᠦᠢᠯᠡᠰ ᠤᠨ ᠳᠡᠭᠡᠳᠦ ᠰᠤᠷᠭᠠᠭᠤᠯᠢ ᠪᠠᠶᠢᠭᠤᠯᠪᠠ᠃ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠳᠤ ᠦᠢᠯᠡᠴᠢᠯᠡᠬᠦ ᠪᠠ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠪᠣᠯᠤᠨ ᠲᠠᠲᠠᠬᠤ ᠬᠦᠴᠦᠨ ᠢᠯᠡᠷᠬᠡᠶ ᠴᠢᠩᠭᠠᠷᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ︽ᠶᠡᠭᠡ ᠦᠢᠯᠡᠰ ᠢ ᠪᠥᠲᠦᠭᠡᠬᠦ︾ ᠪᠠᠶᠢᠭᠰᠠᠨ ᠠᠴᠠ ᠪᠠᠨ ︽ᠶᠡᠭᠡ ᠦᠢᠯᠡᠰ ᠢ ᠪᠦᠲᠦᠭᠡᠵᠦ ᠴᠢᠳᠠᠬᠤ︾ ᠲᠡᠶᠢᠰᠢ ᠬᠠᠲᠠᠭᠤᠵᠢᠨ ᠤᠷᠤᠭᠰᠢᠯᠠᠵᠤ ᠪᠠᠶᠢᠨ᠎ᠠ᠃          3 . ᠶᠡᠷᠦᠩᠬᠡᠶ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠣᠰ ᠲᠥᠷᠦ ᠶᠢᠨ ᠲᠣᠪᠴᠢᠶᠠᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠰᠠᠭᠤᠷᠢ ᠰᠤᠷᠭᠠᠨ ᠬᠥᠮᠦᠵᠢᠯ᠂ ᠰᠠᠭᠤᠷᠢ ᠰᠤᠷᠭᠠᠨ ᠬᠥᠮᠦᠵᠢᠯ ᠢ ᠤᠯᠠᠮ ᠯᠠᠪᠳᠠᠭᠤᠨ ᠪᠠᠲᠤᠲᠠᠶ ᠬᠢᠬᠦ ᠲᠤᠲᠤᠮ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠠᠯᠬᠤᠴᠠ ᠤᠯᠠᠮ ᠯᠠᠪᠳᠠᠭᠤᠨ ᠪᠣᠯᠵᠤ᠂ ᠨᠥᠭᠡᠴᠡ ᠬᠦᠴᠦᠨ ᠤᠯᠠᠮ ᠲᠡᠭᠦᠯᠳᠡᠷ ᠪᠣᠯᠤᠨ᠎ᠠ ᠭᠡᠵᠦ ᠴᠢᠬᠤᠯᠠᠴᠢᠯᠠᠪᠠ᠃ ᠲᠡᠭᠡᠪᠡᠯ᠂ ᠥᠪᠡᠷᠲᠡᠭᠡᠨ ᠵᠠᠰᠠᠬᠤ ᠣᠷᠣᠨ ᠶᠠᠮᠠᠷ ᠠᠷᠭ᠎ᠠ ᠬᠡᠮᠵᠢᠶ᠎ᠡ ᠠᠪᠴᠤ ᠰᠠᠭᠤᠷᠢ ᠰᠤᠷᠭᠠᠨ ᠬᠥᠮᠦᠵᠢᠯ ᠢ ᠠᠬᠢᠭᠤᠯᠬᠤ ᠪᠣᠶ︖           ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠶᠢᠨ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ᠄ ᠣᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠲᠦᠭᠡᠮᠡᠯ ᠬᠠᠷᠠᠭᠠᠯᠵᠠᠯᠲᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠲᠤᠯᠠᠭᠠᠨ ᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠪᠥᠭᠡᠳ ᠲᠡᠩᠴᠡᠭᠦᠷᠢᠲᠡᠶ ᠬᠥᠭᠵᠢᠬᠦ ᠶᠢ ᠠᠬᠢᠭᠤᠯᠤᠨ᠂ ᠰᠢᠶᠠᠨ ᠤ ᠬᠡᠪᠴᠢᠶᠡᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠢᠷᠢ ᠲᠦᠪᠰᠢᠨ ᠢ ᠳᠡᠭᠡᠭᠰᠢᠯᠡᠭᠦᠯᠪᠡ᠃ ᠳᠠᠷᠠᠭ᠎ᠠ ᠠᠯᠬᠤᠮ ᠳᠤ᠂ ᠪᠢᠳᠡ ᠳᠣᠣᠷᠠᠬᠢ ᠬᠡᠳᠦᠨ ᠲᠠᠯ᠎ᠠ ᠪᠠᠷ ᠶᠡᠷᠦᠩᠬᠡᠢ ᠱᠦᠵᠢ ᠰᠢ ᠶᠢᠨ ᠫᠢᠩ ᠤᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠎ᠠ᠃ ᠨᠢᠭᠡ ᠳᠤ᠂ ᠲᠦᠭᠡᠮᠡᠯ ᠬᠠᠷᠠᠭᠠᠯᠵᠠᠯ ᠢ ᠲᠦᠭᠡᠮᠡᠯᠵᠢᠭᠦᠯᠬᠦ ᠪᠠᠷ ᠭᠤᠤᠯ ᠰᠢᠵᠢᠮ ᠪᠣᠯᠭᠠᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠮᠤᠷ ᠲᠦᠪᠰᠢᠨ ᠴᠢᠨᠠᠷᠯᠢᠭ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠡᠯ᠎ᠡ ᠠᠶᠢᠮᠠᠭ ᠬᠤᠲᠠ ᠶᠢᠨ ᠲᠦᠭᠡᠮᠡᠯ ᠬᠠᠷᠠᠭᠠᠯᠵᠠᠯᠲᠤ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠲᠡᠭᠦᠯᠳᠡᠷᠵᠢᠭᠦᠯᠬᠦ ᠶᠢ ᠤᠯᠠᠮ ᠨᠢᠭᠡ ᠠᠯᠬᠤᠮ ᠰᠢᠪᠠᠳᠠᠭᠤᠯᠤᠨ ᠵᠢᠯᠣᠭᠤᠳᠴᠤ᠂ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠬᠥᠮᠦᠨ ᠠᠮᠠ᠂ ᠨᠡᠭᠦᠳᠡᠯ ᠬᠥᠮᠦᠨ ᠠᠮᠠ ᠲᠥᠪᠯᠡᠷᠡᠭᠰᠡᠨ ᠭᠠᠵᠠᠷ ᠣᠷᠣᠨ ᠤ ᠬᠡᠦᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ  ᠴᠢᠩᠭᠠᠳᠬᠠᠨ᠎ᠠ᠃ ᠲᠦᠭᠡᠮᠡᠯ ᠬᠠᠷᠠᠭᠠᠯᠵᠠᠯᠲᠤ ᠡᠬᠢ ᠪᠠᠶᠠᠯᠢᠭ ᠤᠨ ᠪᠠᠲᠤᠯᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ ᠤᠨ ᠰᠤᠷᠤᠭᠴᠢᠳ ᠲᠤ ᠲᠡᠭᠰᠢᠳᠬᠡᠭᠰᠡᠨ ᠨᠥᠬᠦᠪᠥᠷᠢ ᠶᠢᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠬᠤᠳᠠ ᠪᠠᠯᠭᠠᠰᠤᠨ ᠤ ᠰᠠᠭᠤᠭᠠᠯᠢ ᠲᠣᠭᠤᠷᠢᠭ ᠤᠨ ᠢᠵᠢ ᠪᠦᠷᠢᠳᠦᠬᠦᠯᠬᠦ ᠬᠡᠦᠬᠡᠳ ᠤᠨ ᠴᠡᠴᠡᠷᠯᠢᠭ ᠤᠨ ᠵᠠᠰᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠦᠨ᠎ᠡ᠃ ︽ᠬᠡᠦᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠴᠢᠨᠠᠷ ᠴᠢᠨᠰᠠᠭ᠎ᠠ ᠶᠢ ᠦᠨᠡᠯᠡᠨ ᠵᠢᠱᠢᠬᠦ ᠵᠦᠭᠯᠡᠭᠦᠷ︾ ᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠳᠠᠭᠤᠷᠢᠶᠠᠯ ᠦᠵᠡᠭᠦᠯᠬᠦ ᠴᠢᠨᠠᠷᠲᠠᠶ ᠬᠡᠦᠬᠡᠳ ᠤᠨ ᠴᠡᠴᠡᠷᠯᠢᠭ ᠢ ᠦᠨᠡᠯᠡᠨ ᠵᠢᠱᠢᠬᠦ ᠠᠵᠢᠯ ᠢ ᠥᠷᠨᠢᠭᠦᠯᠦᠨ᠂ ᠴᠡᠭ ᠢᠶᠠᠷ ᠨᠡᠶᠢᠳᠡᠮ ᠢ ᠳᠠᠶᠢᠴᠢᠯᠠᠵᠤ᠂ ᠳᠠᠭᠤᠷᠢᠶᠠᠯ ᠦᠵᠡᠭᠦᠯᠦᠨ ᠬᠥᠲᠥᠯᠦᠨ ᠳᠠᠭᠠᠭᠤᠯᠬᠤ ᠦᠢᠯᠡᠳᠦᠯ  ᠢ ᠪᠠᠳᠠᠷᠠᠭᠤᠯᠤᠨ᠂ ᠰᠢᠨᠵᠢᠯᠡᠬᠦ ᠤᠬᠠᠭᠠᠨᠴᠢ ᠪᠠᠷ ᠠᠰᠠᠷᠠᠨ ᠬᠥᠮᠦᠵᠢᠭᠦᠯᠬᠦ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠤᠶᠠᠷ ᠲᠤ᠂ ᠴᠢᠨᠠᠷᠯᠢᠭ ᠲᠡᠩᠴᠡᠭᠦᠷᠢᠲᠡᠶ ᠪᠠᠶᠢᠬᠤ ᠠᠴᠠ ᠭᠠᠷᠳᠠᠵᠤ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠢᠭᠡ ᠴᠣᠭᠴᠠᠵᠢᠭᠤᠯᠤᠭᠰᠠᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠭᠦᠨᠵᠡᠭᠡᠢ ᠬᠡᠷᠡᠭᠵᠢᠭᠦᠯᠵᠦ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠤᠨ᠎ᠠ᠃ ᠪᠦᠯᠦᠭᠯᠡᠯᠵᠢᠭᠰᠡᠨ ᠰᠤᠷᠭᠠᠭᠤᠯᠢ ᠡᠷᠬᠢᠯᠡᠬᠦ ᠬᠠᠮᠢᠶᠠᠷᠤᠯᠲᠠ ᠶᠢ ᠠᠬᠢᠭᠤᠯᠵᠤ᠂ ᠰᠤᠷᠭᠠᠭᠤᠯᠢ ᠶᠢᠨ ᠬᠤᠭᠤᠷᠣᠨᠳᠣᠬᠢ ᠬᠠᠮᠵᠢᠯᠴᠠᠨ ᠬᠥᠭᠵᠢᠬᠦ ᠶᠢ ᠠᠬᠢᠭᠤᠯᠤᠨ᠂ ᠬᠤᠲᠠ ᠬᠥᠳᠡᠭᠡ ᠶᠢᠨ ᠬᠠᠪᠰᠤᠷᠤᠯᠴᠠᠭ᠎ᠠ ᠪᠠᠶᠢᠭᠤᠯᠤᠨ ᠬᠠᠪᠰᠤᠷᠤᠨ ᠲᠡᠳᠬᠦᠬᠦ ᠶᠢ ᠥᠷᠨᠢᠭᠦᠯᠵᠦ᠂ ᠵᠢᠯ ᠪᠦᠷᠢ 1000 ᠭᠠᠷᠤᠶ ᠪᠠᠭᠰᠢ ᠶᠢ ᠰᠣᠩᠭᠤᠨ ᠬᠥᠳᠡᠭᠡ ᠲᠣᠰᠬᠤᠨ᠂ ᠪᠠᠭᠤᠷᠠᠶ ᠰᠤᠷᠭᠠᠭᠤᠯᠢ ᠪᠠᠷ ᠰᠤᠷᠭᠠᠨ ᠬᠥᠮᠦᠵᠢᠯ ᠢ ᠳᠡᠮᠵᠢᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠯᠢᠭ ᠲᠡᠩᠴᠡᠭᠦᠷᠢᠲᠡᠶ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠡᠭᠦᠳᠦᠨ ᠪᠠᠶᠢᠭᠤᠯᠬᠤ ᠬᠤᠰᠢᠭᠤ ᠰᠢᠶᠠᠨ ᠪᠠ ᠲᠤᠷᠰᠢᠯᠲᠠ ᠶᠢᠨ ᠬᠤᠰᠢᠭᠤ ᠰᠢᠶᠠᠨ ᠢ ᠵᠢᠯᠣᠭᠤᠳᠤᠨ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠴᠢᠨᠠᠷᠯᠢᠭ ᠬᠥᠭᠵᠢᠭᠦᠯᠬᠦ ᠶᠢ ᠳᠠᠶᠢᠴᠢᠯᠠᠨ᠎ᠠ᠃ ᠥᠪᠡᠷᠲᠡᠭᠡᠨ ᠵᠠᠰᠠᠬᠤ ᠣᠷᠣᠨ ᠤ ᠰᠢᠯᠢᠳᠡᠭ ᠪᠠᠭᠰᠢ ᠶᠢ ᠬᠠᠨᠳᠤᠯᠭ᠎ᠠ ᠲᠠᠢ ᠬᠥᠮᠦᠵᠢᠭᠦᠯᠬᠦ᠂ ᠠᠯᠪᠠᠨ ᠤ ᠰᠦᠢᠳᠭᠡᠯ ᠢᠶᠠᠷ ᠰᠤᠷᠤᠯᠴᠠᠬᠤ ᠪᠠᠭᠰᠢ ᠶᠢ ᠬᠠᠨᠳᠤᠯᠭ᠎ᠠ ᠲᠠᠢ ᠬᠥᠮᠦᠵᠢᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠣᠨᠴᠠ ᠲᠣᠬᠢᠷᠠᠭᠤᠯᠤᠭᠰᠠᠨ ᠠᠵᠢᠯ ᠤᠨ ᠪᠠᠶᠢᠷᠢ᠂ ᠪᠤᠭᠤᠷᠤᠯᠴᠤᠳ ᠤᠨ ᠡᠷᠳᠡᠮ ᠰᠢᠨᠵᠢᠯᠡᠭᠡᠨ ᠤ ᠶᠠᠷᠢᠶ᠎ᠠ᠂ ᠭᠤᠷᠪᠠᠨ ᠣᠷᠣᠨ ᠤ ᠴᠢᠳᠠᠪᠤᠷᠢᠲᠠᠨ ᠤ ᠳᠡᠮᠵᠢᠯᠭᠡ ᠵᠡᠷᠭᠡ ᠲᠤᠰᠬᠠᠶ ᠲᠥᠷᠥᠯ ᠤᠨ ᠪᠠᠭᠰᠢ ᠶᠢ ᠬᠥᠮᠦᠵᠢᠭᠦᠯᠬᠦ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠪᠠᠭᠰᠢ ᠶᠢᠨ ᠵᠢᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ︽ᠰᠦᠯᠵᠢᠶᠡᠨ ᠳᠠᠬᠢ ᠰᠢᠯᠢᠳᠡᠭ ᠬᠢᠴᠢᠶᠡᠯ︾ ᠢ ᠪᠡᠶ᠎ᠡ ᠪᠠᠨ ᠳᠠᠭᠠᠭᠠᠵᠤ ᠰᠤᠷᠤᠯᠴᠠᠬᠤ ᠲᠠᠪᠴᠠᠩ ᠤᠨ ᠡᠬᠢ ᠪᠠᠶᠠᠯᠢᠭ ᠢ ᠪᠠᠶᠠᠯᠢᠭᠵᠢᠭᠤᠯᠵᠤ᠂ ︽ᠭᠤᠷᠪᠠᠨ ᠬᠢᠴᠢᠶᠡᠯ ᠤᠨ ᠲᠠᠩᠬᠢᠮ︾ ᠢ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠳᠤ ᠪᠠᠶᠢᠩᠭᠤ ᠬᠡᠷᠡᠭᠯᠡᠬᠦ ᠶᠢ ᠠᠬᠢᠭᠤᠯᠤᠨ᠂ ᠣᠷᠣᠨ ᠪᠦᠰᠡ᠂ ᠬᠤᠲᠠ ᠬᠥᠳᠡᠭᠡ᠂ ᠰᠤᠷᠭᠠᠭᠤᠯᠢ ᠶᠢᠨ ᠬᠤᠭᠤᠷᠣᠨᠳᠣᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠴᠢᠨᠠᠷᠯᠢᠭ ᠲᠡᠩᠴᠡᠭᠦᠷᠢᠲᠡᠶ ᠪᠠᠶᠢᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠨᠳᠦᠰᠦᠨ ᠱᠠᠲᠤᠨ ᠤ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠤᠷᠪᠠ ᠳᠤ᠂ ᠥᠪᠡᠷᠮᠢᠴᠡ ᠣᠨᠴᠠᠯᠢᠭᠲᠤ ᠣᠯᠠᠨ ᠶᠠᠩᠵᠤᠵᠢᠭᠤᠯᠬᠤ ᠪᠠᠷ ᠬᠠᠷᠠᠯᠲᠠ ᠪᠣᠯᠭᠠᠨ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ ᠤᠨ ᠰᠢᠶᠠᠨ ᠤ ᠬᠡᠪᠴᠢᠶᠡᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠭᠵᠢᠯᠲᠡ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠰᠢᠶᠠᠨ ᠤ ᠳᠣᠲᠣᠷᠠᠬᠢ ᠲᠥᠯᠥᠪᠵᠢᠭᠦᠯᠭᠡ ᠪᠠᠶᠢᠷᠢᠰᠢᠭᠤᠯᠤᠯᠲᠠ᠂ ᠵᠠᠷᠤᠳᠠᠯ ᠤᠨ ᠪᠡᠯᠡ ᠣᠷᠣᠭᠤᠯᠤᠯᠲᠠ᠂ ᠪᠥᠲᠥᠭᠡᠨ ᠪᠠᠶᠢᠭᠤᠯᠬᠤ  ᠠᠵᠢᠯᠯᠠᠭ᠎ᠠ᠂ ᠬᠥᠭᠵᠢᠭᠦᠯᠦᠯᠲᠡ ᠳᠡᠭᠡᠭᠰᠢᠯᠡᠯᠲᠡ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠶᠢ ᠬᠦᠴᠦᠯᠡᠨ ᠰᠢᠢᠳᠪᠦᠷᠢᠯᠡᠨ᠎ᠡ᠃ ︽ᠶᠠᠮᠤᠨ ᠤ ᠬᠠᠷᠢᠶ᠎ᠠ ᠳᠡᠭᠡᠳᠦ ᠰᠤᠷᠭᠠᠭᠤᠯᠢ ᠶᠢᠨ ᠰᠢᠶᠠᠨ ᠤ ᠳᠣᠲᠣᠷᠠᠬᠢ ᠨᠠᠶᠢᠳᠠᠨ ᠬᠠᠮᠢᠶᠠᠷᠤᠭᠤᠯᠵᠤ ᠬᠠᠪᠰᠤᠷᠤᠨ ᠲᠡᠳᠬᠦᠬᠦ ᠲᠥᠷᠥᠯ ᠵᠦᠢᠯ︾ ᠪᠠ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠠᠬᠢ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠪᠦᠯᠬᠦᠮ ᠪᠠᠶᠢᠭᠤᠯᠬᠤ ᠮᠠᠶ᠋ᠢᠭ ᠤᠨ ᠠᠵᠢᠯ ᠲᠥᠷᠥᠯ ᠢᠶᠠᠷ ᠬᠠᠪᠰᠤᠷᠤᠨ ᠲᠡᠳᠬᠦᠬᠦ ᠲᠥᠷᠥᠯ ᠵᠦᠢᠯ︾ ᠳᠤ ᠲᠦᠰᠢᠭᠯᠡᠨ᠂ ᠤᠯᠤᠰ ᠤᠨ ᠳᠠᠭᠤᠷᠢᠶᠠᠯ ᠦᠵᠡᠭᠦᠯᠬᠦ᠂ ᠣᠷᠣᠨ ᠨᠤᠲᠤᠭ ᠢᠶᠠᠷ ᠭᠤᠤᠯ ᠪᠣᠯᠭᠠᠭᠰᠠᠨ ᠰᠢᠶᠠᠨ ᠤ ᠬᠡᠪᠴᠢᠶᠡᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠠᠶᠢᠳᠠᠨ ᠬᠠᠮᠢᠶᠠᠷᠤᠭᠤᠯᠵᠤ ᠬᠠᠪᠰᠤᠷᠤᠨ ᠲᠡᠳᠬᠦᠬᠦ  ᠳᠣᠭᠲᠠᠯᠴᠠᠭ᠎ᠠ ᠶᠢ ᠢᠳᠡᠪᠬᠢᠲᠡᠶ ᠪᠠᠷ ᠪᠦᠷᠢᠯᠳᠦᠭᠦᠯᠦᠨ᠎ᠡ᠃ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠥᠷᠥᠯ ᠬᠤᠪᠢᠶᠠᠨ ᠰᠤᠷᠭᠠᠭᠤᠯᠢ ᠡᠷᠬᠢᠯᠡᠬᠦ ᠶᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠠᠭᠤᠷᠢᠶᠠᠯ ᠦᠵᠡᠭᠦᠯᠬᠦ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠰᠢᠶᠠᠨ ᠤ ᠬᠡᠪᠴᠢᠶᠡᠨ ᠤ ᠴᠢᠨᠠᠷᠯᠢᠭ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠣᠨᠴᠠᠯᠢᠭᠲᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢ ᠦᠨᠡᠯᠡᠨ ᠵᠢᠱᠢᠵᠦ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨ᠎ᠡ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠯᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠥᠷᠥᠯ ᠵᠦᠢᠯ ᠤᠨ ᠰᠤᠷᠭᠠᠭᠤᠯᠢ ᠶᠢ ᠰᠣᠩᠭᠤᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠭᠡᠨ ᠤ ᠰᠠᠯᠠᠭᠠᠨ ᠤ ᠬᠢᠴᠢᠶᠡᠯ ᠤᠨ ᠰᠤᠳᠤᠯᠭᠠᠨ ᠤ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠴᠢᠨᠠᠷᠯᠢᠭ ᠰᠤᠷᠭᠠᠭᠤᠯᠢ ᠵᠢᠴᠢ ᠰᠢᠨᠵᠢᠯᠡᠭᠡᠨ ᠤ ᠰᠠᠯᠠᠭᠠᠨ ᠤ ᠰᠠᠭᠤᠷᠢᠨ ᠭᠠᠵᠠᠷ ᠤᠨ ᠳᠠᠭᠤᠷᠢᠶᠠᠯ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠴᠢᠨᠠᠷ ᠴᠢᠨᠰᠠᠭ᠎ᠠ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠦᠨ᠎ᠡ᠃          4 . ᠣᠳᠣᠬᠠᠨ ᠳᠤ᠂ ᠪᠥᠬᠦ ᠣᠷᠣᠨ ᠳᠠᠶᠠᠭᠠᠷ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ ᠪᠠᠶᠢᠨ᠎ᠠ᠂ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠤ ᠲᠠᠯᠪᠢᠭᠰᠠᠨ ᠬᠠᠯᠠᠮᠵᠢᠯᠠᠯ ᠪᠠ ᠳᠡᠮᠵᠢᠯᠭᠡ ᠶᠢ ᠶᠠᠭᠠᠬᠢᠵᠤ ᠥᠷᠭᠡᠨ ᠣᠯᠠᠨ ᠪᠠᠭᠰᠢ ᠰᠤᠷᠤᠭᠴᠢ ᠳᠤ ᠳᠠᠮᠵᠢᠭᠤᠯᠵᠤ ᠥᠭᠭᠦᠭᠰᠡᠨ ᠪᠣᠶ︖           ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠶᠢᠨ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠮᠢᠨ᠄ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠠᠨ ᠵᠦᠢᠯ ᠤᠨ ᠠᠷᠭ᠎ᠠ ᠬᠡᠯᠪᠡᠷᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠭᠦᠨ ᠵᠤᠵᠠᠭᠠᠨ ᠬᠠᠶᠢᠷ᠎ᠠ ᠰᠡᠳᠬᠢᠯᠭᠡ ᠪᠣᠯᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠥᠷᠭᠡᠨ ᠤᠯᠠᠨ ᠪᠠᠭᠰᠢ ᠰᠤᠷᠤᠭᠴᠢ ᠳᠤ ᠳᠠᠮᠵᠢᠭᠤᠯᠪᠠ᠃ ᠨᠢᠭᠡ ᠳᠤ᠂ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠳᠡᠭᠡᠷ᠎ᠡ ᠬᠦᠴᠦ ᠲᠠᠯᠪᠢᠪᠠ᠃ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠢ ᠱᠤᠭᠤᠵᠤ ᠬᠥᠮᠦᠨ ᠬᠥᠮᠦᠵᠢᠭᠦᠯᠬᠦ ᠶᠢ ᠪᠠᠷᠢᠮᠲᠠᠯᠠᠨ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠰᠤᠷᠤᠯᠴᠠᠭ᠎ᠠ ᠶᠢ ᠵᠢᠯᠤᠭᠤᠳᠤᠭᠤᠯᠵᠤ᠂ ᠲᠤᠰᠬᠠᠢ ᠰᠡᠳᠦᠪᠲᠦ ᠪᠣᠯᠪᠠᠰᠤᠷᠠᠯ ᠬᠦᠷᠲᠡᠭᠡᠵᠦ᠂ ᠬᠠᠮᠲᠤ ᠳᠤ ᠪᠠᠨ 20 ᠭᠠᠷᠤᠢ ᠲᠠᠯᠠᠪᠤᠷ ᠬᠢᠴᠢᠶᠡᠯ ᠪᠡᠯᠡᠳᠬᠡᠵᠦ᠂ ᠵᠠᠯᠠᠭᠤ ᠪᠠᠭᠰᠢ ᠰᠤᠷᠤᠭᠴᠢᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ᠂ ᠤᠯᠠᠭᠠᠨ ᠪᠦᠴᠡᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠵᠣᠬᠢᠶᠠᠨ ᠪᠠᠶᠢᠭᠤᠯᠵᠤ ᠦᠨᠳᠦᠰᠦᠨ ᠱᠠᠲᠤᠨ ᠳᠤ ᠭᠦᠨᠵᠡᠭᠡᠶᠢᠷᠡᠨ 80 ᠭᠠᠷᠤᠢ  ᠲᠠᠯᠠᠪᠤᠷ ᠤᠬᠠᠭᠤᠯᠤᠨ ᠲᠠᠶᠢᠯᠪᠤᠷᠢᠯᠠᠵᠤ᠂ ᠳᠡᠭᠡᠳᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ 700 ᠭᠠᠷᠤᠢ ᠪᠠᠭᠰᠢ ᠶᠢ ᠵᠣᠬᠢᠶᠠᠨ ᠪᠠᠶᠢᠭᠤᠯᠤᠨ ᠮᠠᠯᠵᠢᠬᠤ ᠲᠠᠷᠢᠶᠠᠯᠠᠬᠤ ᠣᠷᠣᠨ᠂ ᠦᠢᠯᠡᠳᠪᠦᠷᠢ ᠠᠭᠤᠷᠬᠠᠢ ᠠᠵᠤ ᠠᠬᠤᠶᠢᠯᠠᠯ ᠳᠤ ᠭᠦᠨᠵᠡᠭᠡᠶᠢᠷᠡᠨ ᠦᠢᠯᠡᠳᠦᠯᠭᠡ ᠶᠢᠨ ᠦᠯᠢᠬᠡᠷ ᠢ ᠰᠠᠶᠢᠲᠤᠷ ᠶᠠᠷᠢᠭᠤᠯᠪᠠ᠃ ᠬᠤᠶᠠᠳᠤᠭᠠᠷ ᠬᠤᠭᠤᠴᠠᠭᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ ᠬᠢᠴᠢᠶᠡᠯ ᠤᠨ ᠲᠠᠩᠬᠢᠮ ᠳᠤ ᠣᠷᠣᠭᠤᠯᠬᠤ ᠲᠠᠷᠢᠬᠢ ᠲᠣᠯᠣᠭᠠᠢ ᠳᠤ ᠨᠢ ᠬᠠᠳᠠᠩᠰᠢᠭᠤᠯᠬᠤ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠨᠡᠷᠡᠳᠤ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ︽ᠬᠤᠶᠠᠷ ᠶᠡᠭᠡ ᠶᠠᠪᠤᠳᠠᠯ︾ ᠳᠤ ᠠᠩᠬᠠᠷᠤᠯ ᠢᠶᠠᠨ ᠬᠠᠨᠳᠤᠭᠤᠯᠤᠨ ᠵᠠᠬᠢᠶᠠᠯᠠᠭ᠎ᠠ ᠪᠠᠷ ᠬᠠᠪᠰᠤᠷᠤᠨ ᠵᠢᠯᠣᠭᠤᠳᠴᠤ᠂ ᠤᠯᠠᠭᠠᠨᠰᠤᠬᠠᠢ ᠶᠢᠨ ᠠᠵᠤ ᠦᠢᠯᠡᠰ ᠤᠨ ᠺᠣᠮᠫᠠᠨᠢ᠂ ᠥᠪᠥᠷ ᠮᠣᠩᠭᠤᠯ ᠤᠨ ᠵᠦᠩ ᠬᠤᠸᠠᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠵᠡᠷᠭᠡ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠨ ᠪᠠᠶᠢᠴᠠᠭᠠᠵᠤ ᠥᠩᠭᠡᠷᠡᠭᠰᠡᠨ ᠨᠢᠭᠡᠴᠢ ᠶᠢᠨ ᠲᠥᠯᠥᠭᠡᠯᠡᠭᠴᠢᠳ ᠢ ᠤᠷᠢᠵᠤ ᠰᠠᠨᠠᠯ ᠢᠶᠠᠨ ᠰᠣᠯᠢᠯᠴᠠᠨ ᠬᠤᠪᠢᠶᠠᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠠᠷᠤᠢ ᠳᠤ ᠨᠢ ᠪᠠᠭᠰᠢ ᠰᠤᠷᠤᠭᠴᠢᠳ ᠲᠤ ᠤᠯᠠᠮᠵᠢᠯᠠᠪᠠ᠃ ᠬᠤᠶᠠᠷ ᠲᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠭᠦᠨᠵᠡᠭᠡᠢ ᠰᠤᠷᠤᠯᠴᠠᠵᠦ᠂ ᠠᠭᠤᠰᠬᠠᠨ ᠣᠶᠢᠯᠠᠭᠠᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠳᠡᠭᠡᠳᠦ ᠰᠤᠷᠭᠠᠭᠤᠯᠢ ᠶᠢ ᠵᠢᠯᠣᠭᠤᠳᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠤᠳᠤᠷᠢᠳᠬᠠᠯ ᠤᠨ ᠬᠢᠴᠢᠶᠡᠯ ᠢ ᠡᠮᠬᠢ ᠵᠢᠷᠤᠮᠲᠠᠢ ᠨᠡᠭᠡᠭᠡᠵᠦ᠂ ᠳᠤᠮᠳᠠᠳᠤ ᠪᠠᠭ᠎ᠠ ᠰᠤᠷᠭᠠᠭᠤᠯᠢ ᠶᠢ ᠵᠢᠯᠣᠭᠤᠳᠤᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ︾ ᠭᠡᠬᠦ ᠰᠤᠷᠤᠭᠴᠢᠳ ᠤᠨ ᠤᠩᠰᠢᠬᠤ ᠪᠢᠴᠢᠭ ᠪᠠ ︽ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ︾ ᠵᠡᠷᠭᠡ ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ︽ᠬᠤᠶᠠᠷ ᠶᠡᠭᠡ ᠶᠠᠪᠤᠳᠠᠯ︾ ᠢ ᠴᠢᠷᠮᠠᠶᠢᠨ ᠰᠠᠶᠢᠲᠤᠷ ᠪᠡᠶᠡᠯᠡᠭᠦᠯᠬᠦ ᠡᠭᠦᠷᠭᠡ ᠱᠠᠭᠠᠷᠳᠠᠯᠭ᠎ᠠ ᠶᠢ ᠬᠢᠴᠢᠶᠡᠯ ᠤᠨ ᠵᠢᠭᠠᠨ ᠰᠤᠷᠭᠠᠯᠲᠠ ᠪᠠ ᠠᠩᠬᠢ ᠪᠦᠯᠬᠦᠮ ᠤᠨ ᠠᠵᠢᠯᠯᠠᠭ᠎ᠠ ᠳᠤ ᠠᠭᠤᠰᠬᠠᠪᠠ᠃ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ 36 ᠮᠤᠵᠢ ᠶᠢᠨ ᠲᠡᠰ ᠤᠨ ᠤᠳᠤᠷᠢᠳᠤᠯᠭ᠎ᠠ ᠳᠡᠭᠡᠳᠦ ᠰᠤᠷᠭᠠᠭᠤᠯᠢ ᠶᠢ ᠪᠠᠶᠢᠴᠠᠭᠠᠨ ᠰᠣᠳᠤᠯᠵᠤ᠂ ᠶᠠᠷᠢᠶᠠᠨ ᠤ ᠲᠠᠪᠴᠠᠩ ᠳᠤ ᠭᠠᠷᠴᠤ ᠲᠤᠰᠬᠠᠢ ᠰᠡᠳᠦᠪᠲᠦ ᠮᠡᠳᠡᠭᠦᠯᠦᠯᠲᠡ ᠬᠢᠵᠦ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠠᠬᠢ ᠬᠠᠯᠠᠮᠵᠢᠯᠠᠯ ᠪᠠ ᠳᠡᠮᠵᠢᠯᠭᠡ ᠶᠢ ᠳᠠᠷᠤᠢ ᠳᠤ ᠨᠢ ᠥᠷᠭᠡᠨ ᠤᠯᠠᠨ ᠪᠠᠭᠰᠢ ᠰᠤᠷᠤᠭᠴᠢᠳ ᠲᠤ ᠳᠠᠮᠵᠢᠭᠤᠯᠪᠠ᠃ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠥᠪᠥᠷ ᠮᠣᠩᠭᠤᠯ ᠳᠠᠬᠢ ᠠᠮᠢᠳᠤᠯᠢᠭ ᠦᠢᠯᠡᠳᠦᠯᠭᠡ ᠶᠢᠨ ᠬᠡᠷᠡᠭ ᠤᠨ ᠵᠢᠱᠢᠶ᠎ᠡ︾ ᠪᠠ ︽ᠲᠠᠪᠤᠨ ᠪᠣᠳᠠᠲᠤ ᠶᠠᠪᠤᠳᠠᠯ ᠪᠠ ᠶᠣᠰᠣ ᠵᠦᠢ︾ ᠭᠡᠬᠦ ᠦᠵᠡᠯ ᠰᠠᠨᠠᠭ᠎ᠠ ᠤᠯᠤᠰ ᠲᠥᠷᠥ ᠶᠢᠨ ᠲᠠᠶᠢᠯᠤᠨ ᠢ ᠨᠠᠶᠢᠷᠠᠭᠤᠯᠤᠨ ᠵᠣᠬᠢᠶᠠᠵᠤ᠂ ︽ᠮᠣᠩᠭᠤᠯ ᠮᠣᠷᠢᠨ ᠤ ᠵᠣᠷᠢᠭ       ᠰᠠᠨᠠᠭ᠎ᠠ︾᠂ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠵᠡᠷᠭᠡ ᠦᠢᠯᠡᠳᠭᠡᠯ ᠤᠨ ᠳᠠᠭᠤᠷᠢᠶᠠᠯ ᠦᠵᠡᠭᠦᠯᠬᠦ ᠡᠬᠢ ᠪᠠᠶᠠᠯᠢᠭ ᠤᠨ ᠪᠣᠭᠤᠳᠠᠯ ᠳᠤ ᠠᠩᠬᠠᠷᠤᠯ ᠢᠶᠠᠨ ᠬᠠᠨᠳᠤᠭᠤᠯᠵᠤ᠂ ︽ᠠᠨᠠᠷ ᠤᠯᠠᠭᠠᠨ︾᠂ ︽ᠤᠮᠠᠷᠠᠲᠤ ᠬᠢᠯᠢ ᠨᠣᠭᠤᠭᠠᠨ︾᠂ ︽ᠰᠠᠨᠰᠠᠷ ᠤᠨ ᠠᠶᠠᠯᠠᠯ ᠬᠥᠬᠡ︾ ᠵᠡᠷᠭᠡ ᠣᠨᠴᠠᠯᠢᠭᠲᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠪᠣᠶ ᠪᠣᠯᠭᠠᠵᠤ᠂ ᠥᠷᠭᠡᠨ ᠣᠯᠠᠨ ᠪᠠᠭᠰᠢ ᠨᠠᠷ ᠢ ᠵᠢᠯᠣᠭᠤᠳᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠥᠪᠥᠷ ᠮᠣᠩᠭᠤᠯ ᠤᠨ ᠲᠤᠬᠠᠶ ᠭᠦᠨ ᠭᠦᠨᠵᠡᠭᠡᠶ ᠪᠥᠭᠡᠳ ᠨᠡᠪᠲᠡᠷᠡᠲᠡᠯ᠎ᠡ ᠶᠠᠷᠢᠭᠤᠯᠪᠠ᠃ ᠭᠤᠷᠪᠠ ᠳᠤ᠂ ᠦᠢᠯᠡᠳᠦᠯᠭᠡ ᠶᠢᠨ ᠠᠤᠭ᠎ᠠ ᠬᠦᠴᠦᠨ ᠢ ᠭᠦᠨᠵᠡᠭᠡᠶᠢᠷᠡᠭᠦᠯᠵᠦ᠂ ᠮᠡᠳᠡᠬᠦᠢ ᠬᠢᠬᠦᠢ ᠶᠢ ᠨᠢᠭᠡᠳᠬᠡᠬᠦ ᠳᠡᠭᠡᠷ᠎ᠡ ᠬᠦᠴᠦ ᠲᠠᠯᠪᠢᠪᠠ᠃ ︽ᠶᠡᠷᠦᠩᠬᠡᠶ ᠱᠦᠵᠢ ᠰᠢ ᠶᠢᠨ ᠫᠢᠩ ᠤᠶᠤᠲᠠᠳ ᠲᠠᠢ ᠬᠠᠮᠲᠤ︾ ᠭᠡᠬᠦ ᠰᠢᠷᠢᠰ ᠠᠵᠢᠯᠯᠠᠭ᠎ᠠ ᠶᠢ ᠥᠷᠨᠢᠭᠦᠯᠵᠦ᠂ ︽ᠤᠮᠠᠷᠠᠲᠤ ᠶᠢᠨ ᠵᠠᠯᠠᠭᠤᠴᠤᠳ ᠤᠨ ᠮᠡᠳᠡᠬᠦᠢ ᠪᠠ ᠦᠢᠯᠡᠳᠦᠯᠭᠡ ᠶᠢᠨ ᠠᠶᠠᠯᠠᠯ︾ ᠭᠡᠬᠦ ᠵᠤᠰᠠᠯᠠᠩ ᠢ ᠡᠷᠭᠢᠯᠡᠵᠦ᠂ ᠪᠠᠭᠰᠢ ᠰᠤᠷᠤᠭᠴᠢᠳ ᠢ ᠬᠥᠲᠥᠯᠥᠨ ᠵᠢᠯᠣᠭᠤᠳᠴᠤ ︽ᠬᠤᠪᠢᠰᠬᠠᠯ ᠤᠨ ᠰᠣᠶᠤᠯ ᠤᠨ ᠰᠤᠷᠭᠠᠨ ᠬᠥᠮᠥᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠵᠦ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠶᠠᠪᠤᠵᠤ ᠰᠤᠷᠬᠤ︾᠂ ︽ᠶᠡᠭᠡ ᠰᠤᠷᠤᠯᠴᠠᠯᠭ᠎ᠠ ᠪᠠᠷ ᠵᠠᠮᠴᠢᠯᠠᠭᠤᠯᠬᠤ ᠲᠥᠯᠥᠪᠯᠡᠭᠡ︾ ᠵᠡᠷᠭᠡ ᠭᠤᠤᠯ ᠰᠡᠳᠦᠪᠲᠦ ᠠᠵᠢᠯᠯᠠᠭ᠎ᠠ ᠳᠤ ᠣᠷᠣᠯᠴᠠᠭᠤᠯᠵᠤ᠂ ᠡᠯ᠎ᠡ ᠭᠠᠵᠠᠷ ᠤᠨ ᠬᠢᠨ ᠤ ︽ᠶᠠᠪᠤᠵᠤ ᠰᠤᠷᠬᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾᠂ ︽ᠤᠯᠠᠭᠠᠨ ᠪᠦᠴᠡᠲᠡᠨ ᠤ ᠰᠤᠷᠪᠤᠯᠵᠢᠯᠠᠭᠰᠠᠨ ᠲᠡᠮᠳᠡᠭᠯᠡᠯ︾ ᠵᠡᠷᠭᠡ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠶᠢ ᠠᠬᠢᠭᠤᠯᠵᠤ᠂ ︽ᠶᠠᠭᠠᠬᠢᠭᠠᠳ ᠳᠤᠮᠳᠠᠳᠤ ᠤᠯᠤᠰ ᠪᠣᠶ︾ ︽ᠵᠠᠯᠠᠭᠤᠴᠤᠳ ᠶᠠᠷᠢᠬᠤ ᠨᠢ︾ ︽ᠡᠷᠡᠮᠡᠬᠡᠶᠢᠯᠡᠨ ᠤᠷᠤᠭᠰᠢᠯᠠᠭᠠᠷᠠᠶ︕ ᠤᠮᠠᠷᠠᠲᠤ ᠶᠢᠨ ᠪᠠᠭᠠᠴᠤᠳ︾ ᠵᠡᠷᠭᠡ ︽ᠤᠮᠠᠷᠠᠲᠤ ᠬᠢᠯᠢ ᠶᠢᠨ ᠰᠣᠶᠣᠯ︾ ᠢ ᠢᠯᠡᠷᠡᠭᠦᠯᠬᠦ ᠲᠦᠷᠦᠯ ᠲᠡᠮᠳᠡᠭᠲᠦ ᠶᠢᠨ ᠬᠥᠮᠦᠨ ᠬᠥᠮᠦᠵᠢᠭᠦᠯᠬᠦ ᠠᠵᠢᠯᠯᠠᠭ᠎ᠠ ᠶᠢ ᠡᠭᠦᠰᠭᠡᠵᠦ᠂ ᠪᠠᠭᠰᠢ ᠰᠤᠷᠤᠭᠴᠢᠳ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠭᠦᠨ ᠵᠤᠵᠠᠭᠠᠨ ᠬᠠᠶᠢᠷ᠎ᠠ ᠬᠠᠯᠠᠮᠵᠢ ᠶᠢ ᠠᠴᠢ ᠬᠠᠷᠢᠭᠤᠯᠵᠤ ᠡᠷᠡᠮᠡᠬᠡᠶᠢᠯᠡᠨ ᠤᠷᠤᠭᠰᠢᠯᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠰᠤᠷᠭᠠᠨ ᠬᠥᠮᠦᠵᠢᠯ ᠤᠨ ᠹᠷᠣᠨᠲ ᠤᠨ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢ ᠬᠦᠳᠦᠯᠦᠨ ᠵᠢᠯᠣᠭᠤᠳᠪᠠ︕    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号