| ᠠᠤᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠴᠢᠨᠠᠷ ᠰᠠᠶᠢᠲᠠᠶ ᠠᠮᠤ ᠪᠤᠳᠠᠭᠠᠨ ᠤ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠬᠤ ᠠᠵᠠ ᠲᠣᠬᠢᠶᠠᠯ ᠢ ᠴᠢᠩᠭ᠎ᠠ ᠠᠳᠬᠤᠵᠤ᠂ | ᠠᠣᠬᠠᠨ ᠬᠤᠰᠢᠭᠤᠨ ᠳᠣᠲᠣᠷᠠᠬᠢ ᠠᠮᠤ ᠪᠤᠳᠠᠭᠠᠨ ᠤ ᠠᠵᠤ ᠠᠬᠤᠶᠢᠯᠠᠯ ᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ | ᠭᠤᠶᠤᠴᠢᠯᠠᠨ ᠮᠡᠳᠡᠭᠦᠯᠦᠨ᠎ᠡ᠃ ᠣᠳᠣᠬᠠᠨ ᠳᠤ᠂ ᠠᠤᠬᠠᠨ ᠬᠤᠰᠢᠭᠤᠨ ᠤ ᠪᠧᠢ ᠨᠦᠩ ᠠᠮᠤ ᠪᠤᠳᠠᠭᠠᠨ ᠤ | ᠬᠥᠮᠥᠷᠭᠡ ᠶᠢᠨ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠬᠢᠵᠠᠭᠠᠷᠲᠤ | ᠺᠣᠮᠫᠠᠨᠢ ᠶᠢᠨ ᠮᠡᠳᠡᠭᠦᠯᠦᠭᠰᠡᠨ ︽ ᠠᠮᠤ ᠪᠤᠳᠠᠭ᠎ᠠ ᠶᠢ ᠠᠷᠪᠢᠯᠠᠨ ᠬᠤᠬᠢᠷᠠᠯ ᠢ ᠪᠠᠭᠠᠰᠬᠠᠬᠤ ᠡᠷᠡᠭᠦᠯ ᠮᠡᠨᠳᠦ ᠶᠢᠨ | ᠬᠡᠷᠡᠭᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ︾ ᠶᠢᠨ ᠲᠥᠷᠥᠯ ᠵᠦᠢᠯ ᠨᠢ ᠬᠤᠲᠠ᠂ ᠥᠪᠡᠷᠲᠡᠭᠡᠨ ᠵᠠᠰᠠᠬᠤ ᠣᠷᠣᠨ ᠤ | ᠬᠤᠶᠠᠷ ᠱᠠᠲᠤᠨ ᠤ ᠰᠢᠯᠭᠠᠷᠠᠭᠤᠯᠤᠯᠲᠠ ᠪᠠᠷ ᠳᠠᠮᠵᠢᠨ 195 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ | ᠭᠥᠷᠳᠡᠪᠡ᠃ ᠲᠥᠷᠥᠯ ᠵᠦᠢᠯ ᠢ ᠬᠡᠷᠡᠭᠵᠢᠭᠦᠯᠬᠦ ᠪᠠᠷ ᠳᠡᠮᠵᠢᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ | ᠥᠷᠢᠰᠥᠯᠳᠦᠬᠦ ᠬᠦᠴᠦᠨ ᠢ ᠨᠡᠮᠡᠭᠳᠡᠭᠦᠯᠵᠦ᠂ ᠪᠥᠬᠦ ᠬᠤᠰᠢᠭᠤᠨ ᠤ ᠠᠮᠤ ᠪᠤᠳᠠᠭᠠᠨ ᠤ ᠠᠵᠤ ᠦᠢᠯᠡᠰ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠬᠦᠴᠦᠨ ᠨᠡᠮᠡᠷᠢᠯᠡᠪᠡ᠃ | |