| | ᠵᠢᠯ ᠤᠨ ᠡᠬᠢᠨ ᠠᠴᠠ ᠨᠠᠰᠢ᠂ ᠠᠤᠬᠠᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠣᠭᠲᠠᠭᠤᠨ | ᠪᠠᠶᠢᠯᠭᠠᠬᠤ ᠶᠢᠨ ᠬᠠᠮᠲᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠨᠢᠭᠡᠳᠦᠯᠲᠡᠶ ᠲᠥᠯᠥᠪᠵᠢᠭᠦᠯᠦᠨ᠂ ᠪᠥᠬᠦ ᠬᠦᠴᠦᠨ ᠢᠶᠠᠷ ᠢᠶᠠᠨ ᠬᠥᠭᠵᠢᠯᠲᠡ ᠶᠢ | ᠠᠬᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠷᠠᠯᠵᠢᠶᠠᠴᠢᠨ ᠤᠷᠢᠵᠤ᠂ ᠡᠷᠴᠢ | ᠵᠣᠷᠢᠭ ᠢᠶᠠᠨ ᠬᠦᠪᠴᠢᠯᠡᠨ ᠲᠥᠷᠥᠯ ᠵᠦᠢᠯ ᠢ ᠠᠳᠬᠤᠵᠤ᠂ ᠪᠥᠬᠦ ᠬᠤᠰᠢᠭᠤᠨ ᠤ ᠶᠡᠷᠦᠩᠬᠡᠶᠢᠯᠡᠭᠰᠡᠨ ᠠᠵᠤ | ᠠᠬᠤᠶ ᠶᠢᠨ ᠠᠵᠢᠯᠯᠠᠭᠠᠨ ᠲᠣᠭᠲᠠᠭᠤᠨ ᠢᠶᠠᠷ ᠰᠠᠶᠢᠵᠢᠷᠠᠬᠤ᠂ ᠲᠣᠭᠲᠠᠭᠤᠨ ᠤ ᠬᠠᠮᠲᠤ ᠤᠷᠤᠭᠰᠢᠯᠠᠬᠤ ᠬᠠᠨᠳᠤᠰᠢ ᠲᠠᠢ | ᠪᠣᠯᠵᠣ᠂ ᠰᠠᠶᠢᠨ ᠡᠬᠢᠯᠡᠯᠲᠡ ᠲᠠᠢ ᠪᠣᠯᠤᠭᠰᠠᠨ ᠪᠠᠶᠢᠨ᠎ᠠ᠃ ᠪᠥᠬᠦ ᠬᠤᠰᠢᠭᠤᠨ ᠤ 2023 ᠣᠨ ᠤ 1000 | ᠲᠦᠮᠡᠨ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ 124 ᠪᠠᠶᠢᠵᠤ᠂ ᠨᠡᠶᠢᠲᠡ 220 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠎ᠠ᠃ ︽ᠨᠢᠭᠡ ᠰᠠᠷ᠎ᠠ ᠳᠤ ᠨᠢᠭᠡ ᠤᠳᠠᠭ᠎ᠠ ᠳᠣᠭᠢᠷᠠᠭᠤᠯᠵᠤ᠂ ᠨᠢᠭᠡ | ᠤᠯᠠᠷᠢᠯ ᠳᠤ ᠨᠢᠭᠡ ᠤᠳᠠᠭ᠎ᠠ ᠮᠡᠳᠡᠭᠡᠯᠡᠬᠦ︾ ᠠᠷᠭ᠎ᠠ ᠶᠢ ᠬᠡᠷᠡᠭᠵᠢᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠤᠨ | ᠠᠬᠢᠴᠠ ᠶᠢᠨ ᠪᠠᠶᠢᠳᠠᠯ ᠢ ᠨᠢᠭᠲᠠ ᠮᠥᠷᠳᠡᠵᠦ᠂ ᠴᠠᠭ ᠲᠤᠬᠠᠶ ᠳᠤᠨᠢ ᠬᠤᠰᠢᠭᠤᠨ ᠤ ᠨᠠᠮ ᠤᠨ ᠬᠤᠷᠢᠶ᠎ᠠ᠂ | ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃ ᠣᠳᠣᠬᠠᠨ ᠳᠤ ᠪᠦᠭᠦ ᠬᠤᠰᠢᠭᠤᠨ ᠤ 1000 | ᠲᠦᠮᠡᠨ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠦᠷᠦᠯ ᠵᠦᠢᠯ ᠤᠨ ᠪᠠᠯᠠ ᠣᠷᠣᠭᠤᠯᠤᠯᠲᠠ ᠶᠢ 37 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠠᠯᠠ ᠣᠷᠣᠭᠤᠯᠤᠯᠲᠠ ᠶᠢᠨ ᠨᠤᠷᠮ᠎ᠠ ᠶᠢ 45.9 % ᠳᠤ ᠬᠦᠷᠭᠡᠵᠡᠶ᠃ | 2024 ᠣᠨ ᠤ 1000 ᠲᠦᠮᠡᠨ ᠲᠥᠭᠦᠷᠢᠭ ᠠᠴᠠ ᠳᠡᠭᠡᠭᠰᠢᠬᠢ ︵ᠨᠡᠶᠢᠭᠡᠮ ᠤᠨ ᠦᠢᠯᠡᠰ ᠤᠨ 500 ᠲᠦᠮᠡᠨ | ᠲᠥᠭᠦᠷᠢᠭ ᠠᠴᠠ ᠳᠡᠭᠡᠭᠰᠢᠬᠢ︶ ᠭᠤᠤᠯᠳᠠᠯᠭ᠎ᠠ ᠲᠠᠢ ᠲᠥᠷᠥᠯ ᠵᠦᠢᠯ ᠢ ᠳᠡᠭᠡᠭᠰᠢ ᠮᠡᠳᠡᠭᠦᠯᠬᠦ ᠪᠠ ᠡᠮᠬᠢᠯᠡᠵᠦ | ᠬᠤᠷᠢᠶᠠᠩᠭᠤᠶᠢᠯᠠᠬᠤ ᠠᠵᠢᠯ ᠢ ᠢᠳᠡᠪᠬᠢᠲᠡᠶ ᠰᠠᠶᠢᠲᠤᠷ ᠬᠢᠨ᠎ᠠ᠃ 2024 ᠣᠨ ᠤ ᠪᠥᠬᠦ ᠬᠤᠰᠢᠭᠤᠨ ᠤ 1000 | ᠲᠦᠮᠡᠨ ᠲᠥᠭᠦᠷᠢᠭ ᠠᠴᠠ ᠳᠡᠭᠡᠭᠰᠢᠬᠢ ︵ᠨᠡᠶᠢᠭᠡᠮ ᠤᠨ ᠦᠢᠯᠡᠰ ᠤᠨ 500 ᠲᠦᠮᠡᠨ ᠲᠥᠭᠦᠷᠢᠭ ᠠᠴᠠ ᠳᠡᠭᠡᠭᠰᠢᠬᠢ ︶ | ᠭᠤᠤᠯᠳᠠᠯᠭ᠎ᠠ ᠲᠠᠢ 139 ᠲᠥᠷᠥᠯ ᠵᠦᠢᠯ ᠢ ᠠᠩᠬ᠎ᠠ ᠠᠯᠬᠤᠮ ᠰᠣᠩᠭᠤᠨ ᠬᠤᠷᠢᠶᠠᠩᠭᠤᠶᠢᠯᠠᠵᠤ᠂ ᠨᠡᠶᠢᠲᠡ 377 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 119 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠬᠦ ᠪᠠᠷ ᠲᠥᠯᠥᠪᠯᠡᠵᠦ ᠪᠣᠶ᠃ ᠭᠤᠤᠯᠳᠠᠯᠭ᠎ᠠ ᠲᠠᠢ ᠲᠥᠷᠥᠯ ᠵᠦᠢᠯ ᠢ ᠳᠡᠭᠡᠭᠰᠢ ᠮᠡᠳᠡᠭᠦᠯᠬᠦ ᠳᠤ ᠳᠣᠤᠷᠠᠬᠢ | ᠭᠤᠷᠪᠠᠨ ᠵᠦᠢᠯ ᠤᠨ ᠠᠷᠭ᠎ᠠ ᠬᠡᠮᠵᠢᠶ᠎ᠡ ᠶᠢ ᠠᠪᠴᠤ᠂ ᠡᠯ᠎ᠡ ᠲᠥᠷᠥᠯ ᠵᠦᠢᠯ ᠤᠨ ᠨᠢᠭᠡᠴᠢ ᠶᠢ ᠡᠷᠬᠡᠪᠰᠢ | ᠭᠦᠢᠴᠡᠳᠬᠡᠬᠦ ᠬᠡᠷᠡᠭᠲᠡᠶ ᠭᠡᠵᠦ ᠱᠠᠭᠠᠷᠳᠠᠪᠠ᠄ ᠨᠢᠭᠡ ᠳᠤ᠂ ᠳᠡᠭᠡᠭᠰᠢ ᠮᠡᠳᠡᠭᠦᠯᠬᠦ ᠲᠥᠷᠥᠯ ᠵᠦᠢᠯ ᠢ ᠴᠠᠭ ᠲᠤᠬᠠᠶ ᠳᠤᠨᠢ | ᠣᠨᠣᠪᠴᠢᠲᠠᠶ ᠪᠠᠶᠢᠯᠭᠠᠵᠤ᠂ ᠡᠯ᠎ᠡ ᠲᠥᠷᠥᠯ ᠵᠦᠢᠯ ᠤᠨ ᠨᠢᠭᠡᠴᠢ ᠨᠦᠭᠦᠳ ᠴᠥᠮ ᠨᠢᠭᠡ ᠭᠤᠤᠯᠳᠠᠯᠭ᠎ᠠ ᠲᠠᠢ | ᠲᠥᠷᠥᠯ ᠵᠦᠢᠯ ᠢ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠠ ᠨᠢᠭᠡ ᠲᠤᠰᠬᠠᠶ ᠲᠤᠰᠢᠶᠠᠯᠲᠤ ᠠᠵᠢᠯᠲᠠᠨ ᠢ | ᠵᠢᠭᠠᠨ ᠲᠣᠭᠲᠠᠭᠠᠭᠰᠠᠨ ᠪᠠᠶᠢᠬᠤ ᠬᠡᠷᠡᠭᠲᠡᠢ᠃ ᠬᠤᠶᠠᠷ ᠲᠤ ᠂ ᠲᠥᠷᠥᠯ ᠵᠦᠢᠯ ᠤᠨ ᠳᠡᠭᠡᠭᠰᠢ ᠮᠡᠳᠡᠭᠦᠯᠬᠦ ᠵᠦᠢᠯᠡᠰ ᠢ | ᠲᠣᠳᠤᠷᠬᠠᠶᠢᠯᠠᠬᠤ ᠬᠡᠷᠡᠭᠲᠡᠢ᠃ ᠪᠠᠶᠢᠭᠤᠯᠵᠤ ᠪᠠᠶᠢᠭ᠎ᠠ ᠵᠦᠢᠯᠡᠰ ᠢ ᠳᠡᠭᠡᠭᠰᠢ ᠮᠡᠳᠡᠭᠦᠯᠬᠦ ᠳᠤ ᠪᠡᠯᠡ ᠣᠷᠣᠭᠤᠯᠤᠯᠲᠠ ᠶᠢ | ᠪᠡᠶᠡᠯᠡᠭᠦᠯᠬᠦ᠂ ᠪᠡᠯᠡ ᠮᠥᠩᠭᠦ ᠶᠢ ᠪᠣᠳᠠᠲᠠᠶᠢᠵᠢᠭᠤᠯᠬᠤ᠂ ᠪᠠᠷᠢᠯᠭ᠎ᠠ ᠶᠢᠨ ᠲᠦᠷᠢ ᠲᠥᠷᠬᠦ ᠶᠢᠨ ᠠᠬᠢᠴᠠ᠂ ᠣᠷᠣᠰᠢᠵᠤ | ᠪᠠᠶᠢᠭ᠎ᠠ ᠠᠰᠠᠭᠤᠳᠠᠯ ᠵᠡᠷᠭᠡ ᠲᠠᠯ᠎ᠠ ᠶᠢ ᠭᠤᠣᠯᠳᠠᠯᠭ᠎ᠠ ᠲᠠᠢ ᠲᠤᠰᠬᠠᠵᠤ᠂ ᠡᠮᠦᠨᠡᠬᠢ ᠬᠤᠭᠤᠴᠠᠭᠠᠨ ᠤ ᠵᠦᠢᠯᠡᠰ ᠢ | ᠮᠡᠳᠡᠭᠦᠯᠦᠨ ᠵᠥᠪᠰᠢᠶᠡᠷᠡᠭᠦᠯᠬᠦ ᠵᠡᠷᠭᠡ ᠬᠠᠮᠤᠭ ᠤᠨ ᠰᠢᠨ᠎ᠡ ᠠᠬᠢᠴᠠ ᠶᠢᠨ ᠪᠠᠶᠢᠳᠠᠯ ᠢ ᠭᠤᠣᠯᠳᠠᠯᠭ᠎ᠠ ᠲᠠᠢ ᠳᠤᠰᠬᠠᠬᠤ | ᠬᠡᠷᠡᠭᠲᠡᠢ᠃ ᠭᠤᠷᠪᠠ ᠳᠤ᠂ ᠲᠥᠷᠥᠯ ᠵᠦᠢᠯ ᠢ ᠳᠡᠭᠡᠭᠰᠢ ᠮᠡᠳᠡᠭᠦᠯᠬᠦ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ | ᠃ ᠡᠯ᠎ᠡ ᠲᠥᠷᠥᠯ ᠵᠦᠢᠯ ᠤᠨ ᠨᠢᠭᠡᠴᠢ ᠶᠢᠨ ᠳᠡᠭᠡᠭᠰᠢ ᠮᠡᠳᠡᠭᠦᠯᠬᠦ ᠲᠥᠷᠥᠯ ᠵᠦᠢᠯ ᠤᠨ ᠮᠡᠳᠡᠭᠡ ᠵᠠᠩᠭᠢ ᠶᠢᠨ ᠰᠠᠭᠤᠷᠢ | ᠠᠵᠢᠯ ᠨᠢ ᠵᠢᠷᠤᠮᠵᠢᠯ ᠲᠠᠢ᠂ ᠮᠡᠳᠡᠭᠡ ᠵᠠᠩᠭᠢ ᠶᠢᠨ ᠢᠷᠡᠯᠲᠡ ᠨᠢ ᠵᠦᠶ ᠵᠣᠬᠢᠰᠲᠠᠶ ᠪᠥᠭᠡᠳ ᠬᠠᠤᠯᠢ ᠳᠤ ᠨᠡᠶᠢᠴᠡᠵᠦ᠂ | ᠳᠤᠷ᠎ᠠ ᠪᠠᠷ ᠢᠶᠠᠨ ᠮᠡᠳᠡᠭᠦᠯᠦᠨ ᠬᠦᠷᠭᠡᠭᠰᠡᠨ ᠥᠬᠡᠶ ᠦᠵᠡᠭᠳᠡᠯ ᠪᠠᠶᠢᠬᠤ ᠬᠡᠷᠡᠭᠲᠡᠶ᠃ | | |