| | | ᠠᠣᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠮᠤ ᠪᠤᠳᠠᠭᠠᠨ ᠤ ᠵᠠᠰᠠᠭ ᠵᠠᠬᠢᠷᠭᠠᠨ ᠤ | ᠭᠤᠤᠯ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ | ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠨ | ᠴᠢᠩᠭᠠᠳᠬᠠᠵᠤ᠂ 2023 ᠣᠨ ᠤ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠪᠥᠬᠦ ᠲᠠᠯ᠎ᠠ ᠪᠠᠷ | ᠳᠥᠯᠭᠢᠨ ᠠᠬᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ ᠲᠠᠷᠢᠭᠰᠠᠨ ᠠᠮᠤ | ᠪᠤᠳᠠᠭ᠎ᠠ ᠬᠤᠳᠠᠯᠳᠤᠨ ᠭᠠᠷᠭᠠᠵᠤ ᠳᠡᠶᠢᠯᠬᠦ︾ ᠬᠤᠷᠢᠭ᠎ᠠ ᠱᠤᠭᠤᠮ ᠢ ᠪᠠᠲᠤ ᠰᠠᠬᠢᠨ᠎ᠠ᠃ ᠨᠢᠭᠡ ᠳᠤ ᠂ | ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ ᠃ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ | ᠣᠯᠠᠨ ᠵᠦᠢᠯ ᠤᠨ ᠠᠴᠢᠶᠠᠯᠠᠪᠤᠷᠢ ᠶᠢ ᠠᠰᠢᠭᠯᠠᠨ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠲᠥᠷᠥ ᠶᠢᠨ | ᠪᠣᠳᠣᠯᠭ᠎ᠠ ᠶᠢ ᠤᠬᠠᠭᠤᠯᠤᠨ᠎ᠠ︔ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠠᠮᠤ ᠪᠤᠳᠠᠭ᠎ᠠ ᠶᠢ | ᠬᠠᠳᠠᠭᠠᠯᠠᠨ ᠬᠠᠮᠢᠶᠠᠷᠬᠤ ᠶᠢ ᠴᠢᠬᠤᠯᠠᠴᠢᠯᠠᠭᠤᠯᠤᠨ᠂ ᠶᠠᠰᠤ ᠴᠢᠨᠠᠷ ᠢ ᠨᠢ ᠬᠤᠪᠢᠶᠠᠷᠢᠯᠠᠵᠤ᠂ ᠴᠢᠨᠠᠷ ᠰᠠᠶᠢᠲᠠᠶ ᠳᠤᠨᠢ | ᠰᠠᠶᠢᠨ ᠦᠨ᠎ᠡ ᠬᠦᠷᠭᠡᠬᠦ ᠶᠢ ᠪᠡᠶᠡᠯᠡᠭᠦᠯᠦᠨ᠎ᠡ᠃ ᠬᠤᠶᠠᠷ ᠲᠤ ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ | ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠶᠢᠨ ᠢᠲᠡᠭᠡᠮᠵᠢ ᠶᠢᠨ | ᠪᠠᠲᠤᠯᠠᠭ᠎ᠠ ᠶᠢᠨ ᠰᠠᠭᠤᠷᠢ ᠮᠥᠩᠭᠦ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠲᠠᠷᠢᠶᠠᠯᠠᠩ ᠤᠨ | ᠬᠦᠭᠵᠢᠭᠦᠯᠦᠯᠲᠡ ᠶᠢᠨ ᠪᠠᠩᠬᠢ ᠲᠠᠢ ᠬᠠᠮᠲᠤᠷᠠᠨ ᠥᠪᠥᠷ ᠮᠣᠩᠭᠤᠯ ᠤᠨ ᠶᠢᠨ ᠭᠸᠦ ᠲᠠᠷᠢᠶᠠᠯᠠᠩ ᠤᠨ ᠬᠥᠭᠵᠢᠯᠲᠡ ᠶᠢᠨ | ᠬᠢᠵᠠᠭᠠᠷᠲᠤ ᠺᠣᠮᠫᠠᠨᠢ᠂ ᠠᠤᠬᠠᠨ ᠬᠤᠰᠢᠭᠤᠨ ᠤ ᠪᠧᠢ ᠹᠠᠩ ᠯᠢᠶᠠᠩ ᠰᠠᠩ ᠲᠠᠷᠢᠶᠠᠯᠠᠩ ᠤᠨ ᠪᠦᠲᠦᠭᠡᠭᠳᠡᠬᠦᠨ ᠤ | ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠬᠢᠵᠠᠭᠠᠷᠲᠤ ᠺᠣᠮᠫᠠᠨᠢ ᠳᠤ 7000 ᠲᠦᠮᠡᠨ ᠲᠥᠭᠦᠷᠢᠭ ᠤᠨ | ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠶᠢᠨ ᠭᠠᠷ ᠭᠦᠢᠴᠡᠳᠬᠡᠯ ᠬᠢᠵᠦ᠂ ᠠᠵᠤ ᠠᠬᠤᠶᠢᠯᠠᠯ ᠤᠨ | ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠪᠠᠯᠠ ᠮᠥᠩᠭᠦ ᠳᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠵᠦ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠠᠬᠢᠴᠠ ᠶᠢ ᠲᠦᠷᠭᠡᠳᠬᠡᠨ᠂ | ᠬᠤᠳᠠᠯᠳᠤᠨ ᠠᠪᠬᠤ ᠪᠠ ᠪᠣᠷᠣᠯᠠᠭᠤᠯᠬᠤ ᠠᠮᠢᠵᠢᠷᠠᠯ ᠤᠨ ᠬᠦᠴᠦᠨ ᠢ ᠬᠥᠭᠵᠢᠭᠡᠨ᠎ᠡ︔ ᠲᠥᠪ ᠤᠨ ᠡᠳ᠋ ᠤᠨ | ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ 1071 ᠲᠦᠮᠡᠨ ᠲᠥᠭᠦᠷᠢᠭ ᠣᠯᠵᠤ᠂ ᠠᠮᠤ ᠪᠤᠳᠠᠭᠠᠨ ᠤ | ᠦᠢᠯᠡᠳᠪᠦᠷᠢᠯᠡᠯ ᠤᠨ ᠳᠠᠷᠠᠭᠠᠬᠢ ᠦᠢᠯᠡᠴᠢᠯᠡᠭᠡᠨ ᠤ ᠲᠥᠪ 9 ᠂ ᠠᠮᠤ ᠪᠤᠳᠠᠭᠠᠨ ᠤ ᠶᠠᠰᠤ ᠴᠢᠨᠠᠷ ᠤᠨ ᠠᠮᠤᠷ | ᠲᠦᠪᠰᠢᠨ ᠢ ᠰᠢᠯᠭᠠᠨ ᠪᠠᠶᠢᠴᠠᠭᠠᠵᠤ ᠬᠢᠨᠠᠨ ᠬᠡᠮᠵᠢᠬᠦ ᠰᠢᠰᠲ᠋ᠧᠮᠵᠢ ᠶᠢᠨ ᠶᠠᠰᠤ ᠴᠢᠨᠠᠷ ᠢ ᠰᠢᠯᠭᠠᠨ ᠪᠠᠶᠢᠴᠠᠭᠠᠬᠤ | ᠪᠠᠶᠢᠭᠤᠯᠤᠮᠵᠢ ᠶᠢ 1 ᠪᠠᠶᠢᠭᠤᠯᠵᠤ᠂ ᠲᠠᠷᠢᠶᠠᠴᠢᠳ ᠲᠤ ᠠᠮᠤ ᠪᠤᠳᠠᠭ᠎ᠠ ᠶᠢ ᠬᠠᠲᠠᠭᠠᠬᠤ ᠵᠢᠴᠢ ᠶᠠᠰᠤ ᠴᠢᠨᠠᠷ ᠤᠨ | ᠠᠮᠤᠷ ᠲᠦᠪᠰᠢᠨ ᠢ ᠪᠠᠶᠢᠴᠠᠭᠠᠨ ᠬᠡᠮᠵᠢᠬᠦ ᠦᠢᠯᠡᠴᠢᠯᠡᠭᠡ ᠶᠢ ᠬᠠᠩᠭᠠᠵᠤ᠂ 1.9 ᠲᠦᠮᠡᠨ ᠲᠣᠨ ᠠᠮᠤ ᠪᠤᠳᠠᠭ᠎ᠠ ᠶᠢ | ᠠᠷᠪᠢᠯᠠᠵᠤ ᠬᠤᠬᠢᠷᠠᠯ ᠢ ᠪᠠᠭᠠᠰᠬᠠᠬᠤ ᠶᠢ ᠪᠡᠶᠡᠯᠡᠭᠦᠯᠵᠦ᠂ ᠲᠠᠷᠢᠶᠠᠴᠢᠳ ᠲᠤ 1.52 ᠳ᠋ᠦᠩᠰᠢᠭᠤᠷ ᠲᠥᠭᠦᠷᠢᠭ ᠤᠨ | ᠣᠷᠣᠯᠭ᠎ᠠ ᠶᠢ ᠨᠡᠮᠡᠭᠳᠡᠭᠦᠯᠦᠨ᠎ᠡ︔ ︽ᠠᠤᠬᠠᠨ ᠬᠤᠰᠢᠭᠤᠨ ᠤ ᠣᠷᠣᠨ ᠨᠤᠲᠤᠭ ᠤᠨ ᠠᠮᠤ ᠲᠣᠰᠣᠨ ᠤ | ᠲᠣᠬᠢᠷᠠᠭᠤᠯᠤᠯ ᠡᠵᠡᠮᠳᠡᠯ ᠤᠨ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ︾ ᠶᠢ ᠰᠤᠳᠤᠯᠤᠨ ᠲᠣᠭᠲᠠᠭᠠᠵᠤ᠂ | ᠠᠣᠬᠠᠨ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ | ᠪᠠᠲᠤᠯᠠᠭᠰᠠᠨ ᠤ ᠳᠠᠷᠠᠭ᠎ᠠ ᠬᠡᠷᠡᠭᠵᠢᠭᠦᠯᠵᠦ᠂ ᠠᠤᠬᠠᠨ ᠬᠤᠰᠢᠭᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ | ᠡᠵᠡᠩᠨᠡᠯᠲᠡ ᠶᠢᠨ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠠᠪᠰᠤᠷᠤᠨ ᠠᠤᠬᠠᠨ ᠤ ᠴᠢᠨᠠᠷ | ᠰᠠᠶᠢᠲᠠᠶ ᠠᠮᠤ ᠪᠤᠳᠠᠭ᠎ᠠ ᠬᠤᠳᠠᠯᠳᠤᠨ ᠠᠪᠬᠤ ᠪᠠᠯᠠ ᠮᠥᠩᠭᠦ ᠴᠤᠭᠯᠠᠭᠤᠯᠵᠤ᠂ ᠣᠯᠠᠨ ᠲᠦᠮᠡᠨ ᠤ ︽ᠠᠮᠤ ᠪᠤᠳᠠᠭ᠎ᠠ | ᠬᠤᠳᠠᠯᠳᠤᠬᠤ ᠳᠤ ᠬᠦᠴᠢᠷ︾ ᠠᠰᠠᠭᠤᠳᠠᠯ ᠢ ᠨᠢᠭᠡᠳᠦᠯᠲᠡᠶ ᠲᠥᠯᠥᠪᠯᠡᠨ ᠰᠢᠢᠳᠪᠦᠷᠢᠯᠡᠵᠦ᠂ ᠲᠠᠷᠢᠶᠠᠴᠢᠳ ᠤᠨ ᠠᠮᠤ | ᠪᠤᠳᠠᠭ᠎ᠠ ᠳᠠᠷᠢᠬᠤ ᠢᠳᠡᠪᠬᠢᠵᠢᠯ ᠢ ᠬᠠᠮᠠᠭᠠᠯᠠᠨ ᠂ ᠠᠣᠬᠠᠨ ᠬᠤᠰᠢᠭᠤᠨ ᠤ ᠣᠷᠣᠨ ᠤ ᠠᠮᠤ ᠲᠣᠰᠣᠨ ᠤ ᠵᠠᠬ᠎ᠠ | ᠳᠡᠯᠭᠡᠭᠦᠷ ᠢ ᠲᠣᠭᠲᠠᠪᠤᠷᠢᠵᠢᠭᠤᠯᠤᠨ᠎ᠠ᠃ ᠭᠤᠷᠪᠠ ᠳᠤ ᠂ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠠᠮᠤ | ᠪᠤᠳᠠᠭᠠᠨ ᠤ ᠦᠨ᠎ᠡ ᠬᠠᠩᠰᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠠᠮᠤ | ᠪᠤᠳᠠᠭᠠᠨ ᠤ ᠦᠨ᠎ᠡ ᠬᠠᠩᠰᠢ ᠶᠢᠨ ᠬᠥᠳᠡᠯᠦᠩᠭᠦᠶ ᠬᠤᠪᠢᠷᠠᠯᠲᠠ ᠶᠢ ᠨᠢᠭᠲᠠ ᠠᠩᠬᠠᠷᠴᠤ᠂ ᠠᠮᠤ ᠪᠤᠳᠠᠭᠠᠨ ᠤ ᠵᠠᠬ᠎ᠠ | ᠳᠡᠯᠭᠡᠭᠦᠷ ᠤᠨ ᠡᠮᠬᠢ ᠳᠢᠭᠯᠢᠮ ᠤᠨ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠃ | ᠠᠮᠤ ᠪᠤᠳᠠᠭᠠᠨ ᠤ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠯᠲᠠ ᠶᠢ | ᠴᠢᠬᠤᠯᠠᠴᠢᠯᠠᠵᠤ᠂ ᠠᠮᠤ ᠪᠤᠳᠠᠭᠠᠨ ᠤ ᠠᠵᠤ ᠠᠬᠤᠶᠢᠯᠠᠯ ᠤᠨ ᠬᠥᠮᠥᠷᠭᠡᠯᠡᠨ ᠬᠠᠳᠠᠭᠠᠯᠠᠬᠤ ᠨᠥᠬᠦᠴᠡᠯ ᠳᠤ ᠪᠥᠬᠦ | ᠲᠠᠯ᠎ᠠ ᠶᠢᠨ ᠪᠠᠶᠢᠴᠠᠭᠠᠯᠲᠠ ᠬᠢᠵᠦ᠂ ᠨᠠᠮᠤᠷ ᠤᠨ ᠠᠮᠤ ᠪᠤᠳᠠᠭᠠᠨ ᠤ ᠬᠠᠳᠠᠭᠠᠯᠠᠯᠲᠠ ᠶᠢᠨ ᠠᠮᠤᠷ ᠲᠦᠪᠰᠢᠨ ᠢ ᠦᠨᠡᠨᠬᠦ | ᠪᠠᠲᠤᠯᠠᠵᠤ᠂ ᠡᠪᠳᠡᠷᠡᠵᠦ ᠮᠠᠭᠤᠳᠠᠬᠤ ᠠᠮᠤ ᠪᠤᠳᠠᠭᠠᠨ ᠤ ᠦᠵᠡᠭᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ | ᠲᠠᠷᠠᠭᠠᠴᠢ ᠶᠢᠨ ᠠᠯᠬᠤᠮ ᠳᠤ᠂ ᠠᠣᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠵᠣᠷᠢᠯᠲᠠ ᠶᠢᠨ ᠤᠬᠠᠮᠰᠠᠷ ᠢᠶᠠᠨ ᠦᠷᠭᠦᠯᠵᠢᠯᠡᠨ ᠦᠢᠯᠡᠳᠦᠯᠭᠡᠵᠢᠭᠦᠯᠵᠦ᠂ ᠲᠠᠷᠢᠶᠠᠯᠠᠩ ᠳᠤ ᠦᠢᠯᠡᠴᠢᠯᠡᠬᠦ ᠬᠢᠷᠢ | ᠲᠦᠪᠰᠢᠨ ᠢᠶᠠᠨ ᠳᠡᠭᠡᠭᠰᠢᠯᠡᠭᠦᠯᠵᠦ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠠᠵᠢᠯᠯᠠᠬᠤ ᠶᠢ | ᠪᠠᠲᠤᠯᠠᠨ᠎ᠠ᠃ | |