| | | ᠠᠣᠬᠠᠨ ᠬᠤᠰᠢᠭᠤᠨ ᠤ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠢ ᠨᠡᠮᠡᠨ ᠲᠠᠷᠬᠠᠭᠠᠵᠤ ᠭᠤᠶᠤᠴᠢᠯᠠᠨ | ᠮᠡᠳᠡᠭᠦᠯᠬᠦ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠳᠡᠭᠡᠲᠦ ᠱᠠᠲᠤᠨ ᠤ ᠪᠠᠯᠠ ᠮᠥᠩᠭᠦ ᠤᠯᠬᠤ | ᠣᠨᠣᠪᠴᠢ ᠶᠢᠨ ᠬᠡᠮᠵᠢᠶ᠎ᠡ ᠪᠠ ᠠᠮᠵᠢᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠠᠣᠬᠠᠨ ᠬᠤᠰᠢᠭᠤᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢᠭᠡ ᠨᠢᠭᠡ ᠪᠠᠷ ᠲᠠᠰ ᠳᠡᠪᠰᠢᠭᠦᠯᠬᠦ ᠬᠡᠯᠪᠡᠷᠢ ᠪᠠᠷ ᠠᠣᠬᠠᠨ | ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠤᠰᠤᠨ | ᠠᠰᠢᠭᠯᠠᠯᠲᠠ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ | ᠵᠡᠷᠭᠡ ᠰᠠᠯᠠᠭ᠎ᠠ ᠮᠥᠴᠢᠷ ᠲᠠᠢ ᠵᠣᠯᠭᠠᠭᠤᠯᠵᠤ᠂ ᠤᠯᠤᠰ ᠤᠨ ᠵᠢᠭᠡᠯᠡᠯᠭᠡ ᠶᠢ ᠲᠠᠷᠬᠠᠭᠠᠬᠤ ᠲᠥᠷᠥ ᠶᠢᠨ ᠪᠣᠳᠣᠯᠭ᠎ᠠ᠂ | ᠪᠡᠯᠡ ᠣᠷᠣᠭᠤᠯᠤᠯᠲᠠ ᠶᠢᠨ ᠬᠦᠷᠢᠶ᠎ᠡ ᠴᠠᠷᠠᠭ᠎ᠠ ᠶᠢ ᠳᠡᠮᠵᠢᠬᠦ᠂ ᠲᠥᠷᠥᠯ ᠵᠦᠢᠯ ᠢ ᠲᠥᠯᠥᠪᠵᠢᠭᠦᠯᠬᠦ ᠰᠡᠳᠬᠢᠴᠡ᠂ | ᠡᠮᠦᠨᠡᠬᠢ ᠬᠤᠭᠤᠴᠠᠭᠠᠨ ᠤ ᠠᠵᠢᠯ ᠤᠨ ᠱᠠᠭᠠᠷᠳᠠᠯᠭ᠎ᠠ᠂ ᠭᠤᠶᠤᠴᠢᠯᠠᠨ ᠮᠡᠳᠡᠭᠦᠯᠬᠦ ᠠᠩᠬᠠᠷᠬᠤ ᠵᠦᠢᠯᠡᠰ ᠵᠡᠷᠭᠡ | ᠠᠭᠤᠯᠭ᠎ᠠ ᠶᠢ ᠨᠠᠷᠢᠨ ᠨᠢᠮᠪᠠᠶ ᠠᠳᠬᠤᠵᠤ᠂ ᠤᠯᠤᠰ ᠤᠨ ᠵᠢᠭᠡᠯᠡᠯᠭᠡ ᠶᠢ ᠨᠡᠮᠡᠵᠦ ᠲᠠᠷᠬᠠᠭᠠᠬᠤ ᠲᠥᠷᠥᠯ ᠵᠦᠢᠯ ᠢ | ᠲᠥᠯᠥᠪᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠪᠡ᠃ ᠲᠥᠷᠥᠯ ᠵᠦᠢᠯ ᠢ ᠲᠥᠯᠥᠪᠵᠢᠭᠦᠯᠬᠦ ᠲᠠᠯ᠎ᠠ ᠪᠠᠷ | ᠭᠤᠣᠯᠳᠠᠯᠭ᠎ᠠ ᠲᠠᠢ ᠪᠠᠷ ᠬᠤᠳᠠ ᠶᠢᠨ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ | ᠂ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ᠂ ᠦᠶᠡᠷ ᠢ | ᠰᠡᠷᠭᠡᠶᠢᠯᠡᠬᠦ ᠭᠤᠣᠯᠳᠠᠯᠭ᠎ᠠ ᠲᠠᠢ ᠪᠠᠷᠢᠯᠭ᠎ᠠ᠂ ᠤᠰᠤᠯᠠᠯᠲᠠ ᠶᠢᠨ ᠣᠷᠣᠨ ᠢ ᠪᠦᠳᠦᠭᠡᠨ ᠪᠠᠶᠢᠭᠤᠯᠵᠤ ᠥᠭᠡᠷᠡᠴᠢᠯᠡᠬᠦ ᠪᠠ | ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠭᠤᠣᠯᠳᠠᠯᠭ᠎ᠠ ᠲᠠᠢ ᠢᠨᠵᠧᠨᠧᠷᠢᠩ᠂ ᠭᠤᠣᠯᠳᠠᠯᠭ᠎ᠠ ᠲᠠᠢ ᠪᠠᠶᠢᠭᠠᠯᠢ ᠶᠢᠨ | ᠭᠠᠮᠰᠢᠭ ᠢ ᠶᠡᠷᠦᠩᠬᠡᠶᠢᠯᠡᠨ ᠵᠠᠰᠠᠬᠤ ᠰᠢᠰᠲ᠋ᠧᠮᠵᠢ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ | ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠣᠳᠣᠬᠠᠨ ᠪᠣᠯᠲᠠᠯ᠎ᠠ᠂ ᠤᠯᠤᠰ ᠤᠨ ᠵᠢᠭᠡᠯᠡᠯᠭᠡ ᠶᠢᠨ | ᠣᠷᠣᠭᠤᠯᠤᠯᠲᠠ ᠶᠢᠨ ᠬᠠᠨᠳᠤᠰᠢ ᠳᠤ ᠨᠡᠶᠢᠴᠡᠬᠦ 13 ᠲᠥᠷᠥᠯ ᠵᠦᠢᠯ ᠢ ᠲᠥᠯᠥᠪᠯᠡᠵᠦ᠂ ᠨᠡᠶᠢᠲᠡ 7.3 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ ᠂ 5.5 ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ ᠶᠢᠨ ᠪᠡᠯᠡ | ᠮᠥᠩᠭᠦ ᠶᠢ ᠴᠢᠷᠮᠠᠶᠢᠨ ᠣᠯᠬᠤ ᠪᠠᠷ ᠲᠥᠯᠥᠪᠯᠡᠵᠦ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ︽ᠪᠠᠯᠠ ᠮᠥᠩᠭᠦ ᠨᠢ ᠲᠥᠷᠥᠯ | ᠵᠦᠢᠯ ᠢᠶᠠᠨ ᠳᠠᠭᠠᠬᠤ︾ ᠵᠠᠷᠴᠢᠮ ᠶᠣᠰᠣᠭᠠᠷ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠰᠤᠳᠤᠯᠤᠨ | ᠨᠤᠲᠠᠯᠠᠯᠲᠠ ᠶᠢ ᠭᠦᠨᠵᠡᠭᠡᠶᠢᠷᠡᠭᠦᠯᠵᠦ᠂ ᠲᠥᠷᠥᠯ ᠵᠦᠢᠯ ᠤᠨ ᠬᠢᠨᠠᠨ ᠵᠥᠪᠰᠢᠶᠡᠷᠡᠯ ᠢ ᠲᠦᠷᠭᠡᠳᠬᠡᠨ ᠠᠬᠢᠭᠤᠯᠵᠤ᠂ | ᠭᠠᠵᠠᠷ ᠬᠡᠷᠡᠭᠯᠡᠬᠦ᠂ ᠲᠥᠯᠥᠪᠵᠢᠭᠦᠯᠭᠡ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ ᠤᠯᠤᠰ ᠤᠨ | ᠵᠢᠭᠡᠯᠡᠯᠭᠡ ᠶᠢᠨ ᠪᠠᠯᠠ ᠮᠥᠩᠭᠦ ᠶᠢ ᠪᠣᠳᠠᠲᠠᠶᠢᠵᠢᠭᠤᠯᠵᠤ᠂ ᠪᠣᠳᠠᠲᠠᠶ ᠲᠥᠷᠥᠯ ᠵᠦᠢᠯ ᠳᠤ ᠲᠦᠷᠭᠡᠨ ᠪᠥᠭᠡᠳ | ᠣᠨᠣᠪᠴᠢᠲᠠᠶ ᠬᠦᠷᠬᠦ ᠶᠢ ᠦᠨᠡᠨ ᠬᠦ ᠪᠠᠲᠤᠯᠠᠨ᠎ᠠ᠃ | |