ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠠᠷᠪᠢᠯᠠᠨ ᠭᠠᠮᠨᠠᠬᠤ ᠶᠢ ᠤᠯᠠᠮ ᠨᠢᠭᠡ ᠠᠯᠬᠤᠮ ᠴᠢᠩᠭ᠎ᠠ ᠬᠡᠷᠡᠭᠵᠢᠭᠦᠯᠦᠨ ᠠᠷᠪᠢᠯᠠᠨ ᠭᠠᠮᠨᠠᠵᠤ ᠠᠮᠢᠳᠤᠷᠠᠬᠤ ᠶᠢ ᠪᠠᠷᠢᠮᠲᠠᠯᠠᠬᠤ ᠲᠤᠬᠠᠶ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/11/9
         ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ  ︽ᠠᠷᠪᠢᠯᠠᠨ ᠭᠠᠮᠨᠠᠬᠤ ᠶᠢ ᠤᠯᠠᠮ ᠨᠢᠭᠡ ᠠᠯᠬᠤᠮ ᠴᠢᠩᠭ᠎ᠠ ᠬᠡᠷᠡᠭᠵᠢᠭᠦᠯᠵᠦ ᠠᠷᠪᠢᠯᠠᠨ ᠭᠠᠮᠨᠠᠬᠤ ᠶᠢ ᠪᠠᠷᠢᠮᠲᠠᠯᠠᠬᠤ ᠲᠤᠬᠠᠶ ᠬᠡᠷᠡᠭᠵᠢᠭᠦᠯᠬᠦ ᠲᠥᠰᠥᠯ︾  ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ    ᠠᠤᠬᠠᠨ ᠵᠠᠰᠠᠭ ᠠᠯᠪᠠᠨ ᠲᠠᠷᠬᠠᠭᠠᠭᠰᠠᠨ ﹇2020﹈ 30 ᠳ᠋ᠤᠭᠠᠷ ᠲᠣᠭᠠᠲᠤ   ᠡᠯ᠎ᠡ ᠰᠢᠶᠠᠩ ᠪᠠᠯᠭᠠᠰᠤ ᠰᠤᠮᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠬᠡᠯᠲᠡᠰ ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠲᠥᠪ ᠣᠷᠣᠨ ᠬᠤᠲᠠ ᠶᠢᠨ ᠰᠢᠭᠤᠳ ᠬᠠᠷᠢᠶ᠎ᠠ ᠠᠤᠬᠠᠨ ᠳᠤ ᠰᠠᠭᠤᠭ᠎ᠠ ᠡᠯ᠎ᠡ ᠬᠤᠯᠪᠣᠭᠳᠠᠯ ᠪᠥᠬᠦᠶ ᠨᠢᠭᠡᠴᠢ ᠳᠤ᠄    ︽ᠠᠷᠪᠢᠯᠠᠨ ᠭᠠᠮᠨᠠᠬᠤ ᠶᠢ ᠤᠯᠠᠮ ᠨᠢᠭᠡ ᠠᠯᠬᠤᠮ ᠴᠢᠩᠭ᠎ᠠ ᠬᠡᠷᠡᠭᠵᠢᠭᠦᠯᠵᠦ ᠠᠷᠪᠢᠯᠠᠨ ᠭᠠᠮᠨᠠᠬᠤ ᠶᠢ ᠪᠠᠷᠢᠮᠲᠠᠯᠠᠬᠤ ᠲᠤᠬᠠᠶ ᠬᠡᠷᠡᠭᠵᠢᠭᠦᠯᠬᠦ ᠲᠥᠰᠥᠯ︾ ᠢ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ ᠳᠥᠷᠪᠡᠳᠦᠭᠡᠷ ᠤᠳᠠᠭᠠᠨ ᠤ ᠬᠤᠷᠠᠯ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ  ᠳᠣᠭᠤᠰᠢᠯᠠᠭᠤᠯᠤᠨ ᠬᠡᠷᠡᠭᠵᠢᠭᠦᠯᠲᠦᠭᠡᠶ᠃    ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ         2023 ᠣᠨ ᠤ 4 ᠰᠠᠷ᠎ᠠ ᠶᠢᠨ 7 ᠤ ᠡᠳᠦᠷ    ᠠᠷᠪᠢᠯᠠᠨ ᠭᠠᠮᠨᠠᠬᠤ ᠶᠢ ᠤᠯᠠᠮ ᠨᠢᠭᠡ ᠠᠯᠬᠤᠮ ᠴᠢᠩᠭ᠎ᠠ ᠬᠡᠷᠡᠭᠵᠢᠭᠦᠯᠦᠨ ᠠᠷᠪᠢᠯᠠᠨ ᠭᠠᠮᠨᠠᠵᠤ ᠠᠮᠢᠳᠤᠷᠠᠬᠤ ᠶᠢ ᠪᠠᠷᠢᠮᠲᠠᠯᠠᠬᠤ ᠲᠤᠬᠠᠢ ᠬᠡᠷᠡᠭᠵᠢᠭᠦᠯᠬᠦ ᠲᠥᠰᠥᠯ   ᠰᠢ ᠶᠢᠨ ᠫᠢᠩ ᠶᠡᠷᠦᠩᠬᠡᠶ ᠱᠦᠵᠢ ᠶᠢᠨ ᠨᠠᠮ ᠪᠠ ᠵᠠᠰᠠᠭ ᠤᠨ ᠣᠷᠳᠣᠨ ᠲᠦᠷᠦᠭᠦᠯᠡᠨ ᠠᠷᠪᠢᠴᠢ ᠭᠠᠮᠲᠠᠶ ᠠᠮᠢᠳᠤᠷᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠵᠠᠰᠠᠭ ᠤᠨ ᠣᠷᠳᠣᠨ ᠪᠠ ᠰᠠᠯᠠᠭ᠎ᠠ ᠮᠥᠴᠢᠷ ᠲᠦᠷᠦᠭᠦᠯᠡᠨ ᠠᠷᠪᠢᠴᠢ ᠭᠠᠮᠲᠠᠶ ᠠᠮᠢᠳᠤᠷᠠᠬᠤ ᠡᠩ ᠤᠨ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠨᠥᠬᠦᠪᠥᠷᠢ ᠮᠡᠳᠡᠭᠳᠡᠯ︾ ︵ᠥᠪᠥᠷ ᠡᠳ᠋ ᠲᠥᠰᠦᠪ ︹2020︺ 1389 ᠲᠣᠭᠠᠲᠤ︶ ᠢ ᠦᠨᠳᠦᠰᠦᠯᠡᠨ᠂ ᠠᠷᠪᠢᠴᠢ ᠭᠠᠮᠲᠠᠶ ᠠᠮᠢᠳᠤᠷᠠᠬᠤ ᠱᠠᠭᠠᠷᠳᠠᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠠᠷᠪᠢᠴᠢ ᠭᠠᠮᠲᠠᠢ ᠪᠠᠷ ᠠᠵᠢᠯ ᠦᠢᠯᠡᠰ ᠡᠷᠬᠢᠯᠡᠬᠦ ᠶᠢ ᠪᠠᠷᠢᠮᠲᠠᠯᠠᠨ᠂ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠪᠠᠯᠠ ᠮᠥᠩᠭᠦ ᠶᠢ ᠠᠷᠪᠢᠯᠠᠨ ᠭᠠᠮᠨᠠᠵᠤ ᠭᠤᠤᠯᠳᠠᠯᠭ᠎ᠠ ᠲᠠᠢ ᠬᠦᠷᠢᠶᠡᠨ ᠤ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠡᠳ᠋ ᠤᠨ ᠵᠠᠰᠠᠭ ᠤᠨ ᠪᠠᠯᠠ ᠮᠥᠩᠭᠦ ᠶᠢ ᠬᠡᠷᠡᠭᠯᠡᠬᠦ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠲᠣᠰ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ ᠲᠣᠭᠲᠠᠭᠠᠪᠠ᠃    ᠨᠢᠭᠡ᠂ ᠶᠡᠷᠦᠩᠬᠡᠢ ᠱᠠᠭᠠᠷᠳᠠᠯᠭ᠎ᠠ    ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠭᠠᠮᠨᠠᠨ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠴᠢᠬᠤᠯᠠ ᠴᠢᠨᠠᠷ ᠲᠤᠯᠭᠠᠮ᠎ᠠ ᠴᠢᠨᠠᠷ ᠢ ᠰᠠᠶᠢᠲᠤᠷ ᠡᠵᠡᠮᠳᠡᠵᠦ᠂ ᠡᠳ᠋ ᠤᠨ ᠬᠦᠴᠦᠨ ᠢ ᠭᠤᠤᠯᠳᠠᠯᠭ᠎ᠠ ᠲᠠᠢ ᠬᠦᠷᠢᠶᠡᠨ ᠳᠤ ᠦᠨᠡᠨ ᠬᠦ ᠬᠡᠷᠡᠭᠯᠡᠬᠦ ᠬᠡᠷᠡᠭᠲᠡᠢ ᠃ ᠵᠠᠷᠤᠬᠤ ᠦᠭᠡᠢ  ᠪᠣᠯᠬᠤ ᠭᠠᠵᠠᠷ ᠠᠯᠢ ᠴᠢᠳᠠᠬᠤ ᠪᠠᠷ ᠵᠠᠷᠤᠬᠤ ᠦᠭᠡᠢ ᠪᠠᠶᠢᠵᠤ᠂ ᠳᠤᠲᠠᠭᠤ ᠵᠠᠷᠤᠴᠠᠭᠤᠯᠪᠠᠯ ᠪᠣᠯᠬᠤ ᠶᠢᠨ ᠳᠣᠲᠣᠷ᠎ᠠ ᠪᠠᠭ᠎ᠠ ᠵᠠᠷᠤᠬᠤ ᠂ ᠡᠷᠬᠡᠪᠰᠢ ᠬᠢᠬᠦ  ᠴᠢᠬᠤᠯᠠ ᠲᠠᠢ ᠠᠵᠢᠯᠯᠠᠭ᠎ᠠ ᠶᠢ ᠡᠷᠬᠡᠪᠰᠢ ᠰᠠᠶᠢᠲᠤᠷ ᠠᠷᠪᠢᠯᠠᠨ ᠭᠠᠮᠨᠠᠵᠤ᠂ ᠠᠯᠪᠠᠨ ᠤ ᠵᠣᠭᠤᠰ ᠵᠠᠷᠤᠴᠠᠭᠤᠯᠬᠤ  ᠬᠡᠯᠪᠡᠷᠢᠴᠢ ᠦᠵᠡᠯ ᠨᠣᠶᠠᠨᠴᠢ ᠰᠤᠷᠲᠠᠯ ᠤᠨ ᠦᠵᠡᠭᠳᠡᠯ ᠢ ᠡᠷᠡᠰ ᠬᠤᠷᠢᠭᠯᠠᠵᠤ᠂ ᠬᠢᠵᠠᠭᠠᠷ ᠲᠠᠢ ᠪᠡᠯᠡ ᠮᠥᠩᠭᠦ ᠶᠢ ᠵᠠᠩᠭᠢᠯᠠᠭ᠎ᠠ ᠶᠢᠨ ᠭᠠᠵᠠᠷ ᠲᠤ ᠬᠡᠷᠡᠭᠯᠡᠵᠦ᠂ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠡᠷᠴᠢᠮ ᠢᠶᠠᠨ ᠴᠢᠩᠭᠠᠳᠬᠠᠵᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠭᠤᠣᠯᠳᠠᠯᠭ᠎ᠠ ᠲᠠᠢ ᠬᠡᠷᠡᠭᠴᠡᠭᠡ ᠶᠢ ᠪᠦᠲᠦᠮᠵᠢᠲᠡᠢ ᠪᠠᠲᠤᠯᠠᠬᠤ ᠬᠡᠷᠡᠭᠲᠡᠢ᠃      ᠬᠤᠶᠠᠷ᠂ ᠭᠤᠣᠯᠳᠠᠯᠭ᠎ᠠ ᠲᠠᠢ ᠡᠭᠦᠷᠭᠡ    ︵ᠨᠢᠭᠡ︶ ᠰᠢᠨᠵᠢᠯᠡᠬᠦ ᠤᠬᠠᠭᠠᠨᠴᠢ ᠵᠣᠬᠢᠶᠠᠨ ᠪᠠᠶᠢᠭᠤᠯᠤᠯᠲᠠ ᠶᠢᠨ ᠣᠷᠤᠯᠭ᠎ᠠ᠂ ᠡᠳ᠋ ᠤᠨ ᠵᠠᠰᠠᠭ ᠤᠨ ᠣᠷᠤᠯᠭ᠎ᠠ ᠶᠢᠨ ᠰᠠᠭᠤᠷᠢ ᠶᠢ ᠪᠠᠲᠤᠵᠢᠭᠤᠯᠤᠨ᠎ᠠ    1. ᠡᠯ᠎ᠡ ᠵᠦᠢᠯ ᠤᠨ ᠣᠷᠣᠯᠭ᠎ᠠ ᠶᠢ ᠵᠣᠬᠢᠶᠠᠨ ᠪᠠᠶᠢᠭᠤᠯᠬᠤ ᠠᠵᠢᠯ ᠢ ᠰᠠᠶᠢᠲᠤᠷ  ᠠᠳᠬᠤᠨ᠎ᠠ᠃ ᠨᠢᠭᠡ ᠳᠤ ᠭᠠᠶᠢᠯᠢ ᠲᠠᠲᠠᠪᠤᠷᠢᠯᠠᠵᠤ ᠬᠠᠮᠢᠶᠠᠷᠬᠤ ᠶᠢ ᠴᠢᠩᠭᠠᠳᠬᠠᠨ᠎ᠠ᠃ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠭᠠᠶᠢᠯᠢ ᠶᠢᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠬᠤ ᠶᠢ ᠦᠨᠡᠨᠬᠦ ᠪᠠᠲᠤᠯᠠᠨ᠎ᠠ ᠃ ᠭᠠᠶᠢᠯᠢ ᠶᠢᠨ ᠶᠠᠪᠤᠳᠠᠯ ᠤᠨ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢ ᠴᠢᠩᠭᠠᠳᠬᠠᠵᠤ᠂ ᠲᠠᠲᠠᠪᠤᠷᠢᠯᠠᠬᠤ ᠠᠴᠠ ᠭᠤᠭᠤᠵᠢᠭᠳᠠᠵᠤ ᠬᠠᠮᠢᠶᠠᠷᠤᠭᠰᠠᠨ ᠡᠷᠦᠬᠡ ᠶᠢ ᠢᠯᠭᠠᠷᠠᠭᠤᠯᠵᠤ᠂ ᠭᠠᠶᠢᠯᠢ ᠶᠢᠨ ᠢᠷᠡᠯᠲᠡ ᠶᠢᠨ ᠠᠯᠳᠠᠭᠳᠠᠬᠤ ᠶᠢ ᠰᠡᠷᠭᠡᠶᠢᠯᠡᠨ᠂ ᠭᠠᠶᠢᠯᠢ ᠲᠠᠲᠠᠪᠤᠷᠢ ᠶᠢᠨ ᠲᠤᠰᠬᠠᠶ ᠵᠦᠢᠯ ᠤᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠭᠠᠶᠢᠯᠢ ᠳᠤ ᠬᠤᠯᠪᠣᠭᠳᠠᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠡᠭᠦᠨ ᠤ ᠬᠠᠮᠲᠤ᠂ ᠭᠤᠤᠯᠳᠠᠯᠭ᠎ᠠ ᠲᠠᠢ ᠠᠵᠤ ᠠᠬᠤᠶᠢᠯᠠᠯ ᠳᠤ ᠦᠢᠯᠡᠴᠢᠯᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠭᠠᠶᠢᠯᠢ ᠲᠤᠰᠢᠶᠠᠬᠤ ᠲᠣᠮᠣ ᠡᠷᠦᠬᠡ ᠳᠤ ᠮᠥᠷᠳᠡᠨ  ᠦᠢᠯᠡᠴᠢᠯᠡᠵᠦ᠂ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠬᠥᠭᠵᠢᠯᠲᠡ ᠳᠠᠬᠢ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠶ ᠳᠤᠨᠢ ᠬᠠᠪᠰᠤᠷᠤᠨ  ᠰᠢᠢᠳᠪᠦᠷᠢᠯᠡᠨ᠎ᠡ᠃ ᠬᠤᠶᠠᠷ ᠲᠤ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠲᠤᠰᠢᠶᠠᠬᠤ ᠡᠷᠴᠢᠮ ᠢ ᠴᠢᠩᠭᠠᠷᠠᠭᠤᠯᠤᠨ᠎ᠠ᠃ ᠭᠦᠢᠴᠡᠳᠭᠡᠨ ᠬᠤᠷᠢᠶᠠᠬᠤ ᠨᠢᠭᠡᠴᠢ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠡᠵᠡᠮᠳᠡᠵᠦ᠂ ᠬᠤᠷᠢᠶᠠᠬᠤ ᠶᠣᠰᠣᠲᠠᠢ ᠶᠢ ᠨᠢ ᠪᠦᠬᠦᠨ ᠢ ᠬᠤᠷᠢᠶᠠᠨ᠎ᠠ᠃ ︽ᠣᠷᠣᠯᠭ᠎ᠠ ᠵᠠᠷᠤᠯᠭ᠎ᠠ ᠶᠢ ᠠᠰ ᠠᠰ ᠲᠤᠨᠢ ᠪᠠᠶᠢᠯᠭᠠᠬᠤ︾ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ  ᠬᠡᠷᠡᠭ ᠡᠷᠬᠢᠯᠡᠬᠦ ᠭᠠᠵᠠᠷ᠂ ᠣᠷᠣᠰᠢᠭᠤᠯᠭ᠎ᠠ ᠶᠢᠨ ᠲᠥᠪ᠂ ᠤᠰᠤ ᠬᠠᠩᠭᠠᠬᠤ ᠲᠥᠪ᠂ ᠰᠤᠷᠭᠠᠭᠤᠯᠢ ᠶᠢᠨ ᠭᠠᠶᠢᠯᠢ ᠶᠢᠨ ᠪᠤᠰᠤ ᠣᠷᠣᠯᠭ᠎ᠠ ᠶᠢ ᠪᠦᠬᠦ ᠲᠤᠭ᠎ᠠ ᠪᠠᠷ ᠨᠢ ᠪᠤᠴᠠᠭᠠᠵᠤ ᠥᠭᠭᠦᠨ᠎ᠡ᠂ ᠵᠠᠮ ᠬᠠᠷᠢᠯᠴᠠᠭᠠᠨ ᠤ ᠴᠠᠭᠳᠠᠭ᠎ᠠ ᠶᠢᠨ ᠲᠣᠭᠲᠠᠭᠠᠭᠰᠠᠨ ᠵᠠᠷᠤᠳᠠᠯ ᠢ 60% ᠶᠣᠰᠣᠭᠠᠷ ᠪᠤᠴᠠᠭᠠᠬᠤ ᠠᠴᠠ ᠭᠠᠳᠠᠨ᠎ᠠ᠂ ᠪᠤᠰᠤᠳ  ᠨᠢᠭᠡᠴᠢ ᠶᠢᠨ ᠭᠠᠶᠢᠯᠢ ᠶᠢᠨ ᠪᠤᠰᠤ ᠣᠷᠣᠯᠭ᠎ᠠ ᠶᠢ ᠴᠥᠮ ᠪᠤᠴᠠᠭᠠᠬᠤ ᠦᠭᠡᠶ᠃ ︵ᠲᠦᠷᠦᠭᠦᠯᠡᠬᠦ  ᠨᠢᠭᠡᠴᠢ᠄ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠠᠷᠢᠭᠤᠴᠠᠯᠭᠠᠲᠤ  ᠨᠢᠭᠡᠴᠢ᠄ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ  ᠨᠢᠭᠡᠴᠢ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    2. ᠤᠯᠤᠰ ᠤᠨ ᠥᠮᠴᠢᠯᠡᠯᠲᠦ ᠭᠠᠵᠠᠷ ᠰᠢᠷᠣᠶ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠭᠰᠠᠨ ᠢᠯᠡᠭᠦᠴᠡ ᠭᠦᠢᠴᠡᠳᠬᠡᠬᠦ ᠲᠤᠭ᠎ᠠ ᠶᠢ ᠬᠤᠳᠠᠯᠳᠤᠬᠤ ᠡᠷᠴᠢᠮ ᠢ ᠨᠡᠮᠡᠭᠳᠡᠭᠦᠯᠵᠦ᠂ ᠪᠦᠲᠦᠮᠵᠢᠲᠡᠶ ᠣᠷᠣᠯᠭ᠎ᠠ ᠶᠢ ᠲᠦᠷᠭᠡᠬᠡᠨ ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠢ᠄ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠠᠷᠢᠭᠤᠴᠠᠯᠭᠠᠲᠤ  ᠨᠢᠭᠡᠴᠢ᠄ ᠡᠯ᠎ᠡ ᠬᠤᠯᠪᠣᠭᠳᠠᠯ ᠪᠥᠬᠦᠶ ᠰᠢᠶᠠᠩ ᠪᠠᠯᠭᠠᠰᠤ ᠰᠤᠮᠤ︶    3. ᠰᠤᠯᠠ ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠶᠢ ᠲᠦᠷᠭᠡᠳᠬᠡᠨ᠎ᠡ᠃ ᠲᠥᠷᠥ ᠶᠢᠨ ᠶᠠᠪᠤᠳᠠᠯ ᠤᠨ ᠬᠤᠷᠢᠶᠠᠨ ᠤ ᠦᠯᠡᠳᠡᠭᠡᠯ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠰᠠᠨᠠᠯ ᠢ ᠨᠠᠷᠢᠨ ᠬᠢᠨᠠᠮᠠᠭᠠᠢ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠵᠢᠴᠢ ᠪᠦᠲᠦᠮᠵᠢᠲᠡᠢ ᠡᠵᠡᠩᠨᠡᠯᠲᠡ ᠶᠢ ᠠᠬᠢᠭᠤᠯᠵᠤ᠂ ᠦᠷ᠎ᠡ ᠠᠰᠢᠭ ᠢᠶᠠᠷ ᠳᠣᠣᠷ᠎ᠠ ᠰᠤᠯᠠ ᠪᠠᠶᠢᠭ᠎ᠠ ᠡᠳ᠋ ᠬᠥᠷᠥᠩᠭᠡ ᠶᠢ ᠠᠮᠢᠳᠤᠯᠢᠭᠵᠢᠭᠤᠯᠤᠨ ᠠᠰᠢᠭᠯᠠᠬᠤ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ ︵ᠲᠦᠷᠦᠭᠦᠯᠡᠬᠦ ᠨᠢᠭᠡᠴᠢ᠄ ᠬᠤᠰᠢᠭᠤᠨ ᠤ ᠯᠦᠩ ᠰᠢᠩ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠦᠯᠦᠭᠯᠡᠯ᠂ ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠢ︶    4. ᠪᠡᠯᠡ ᠮᠥᠩᠭᠦ ᠣᠯᠬᠤ ᠡᠷᠴᠢᠮ ᠢ ᠨᠡᠮᠡᠭᠳᠡᠭᠦᠯᠦᠨ᠎ᠡ᠃ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠰᠤᠳᠤᠯᠵᠤ᠂ ᠳᠡᠭᠡᠳᠦ ᠱᠠᠲᠤᠨ ᠤ ᠪᠠᠯᠠ ᠣᠷᠣᠭᠤᠯᠤᠯᠲᠠ ᠶᠢᠨ ᠬᠠᠨᠳᠤᠰᠢ ᠶᠢ ᠡᠵᠡᠮᠳᠡᠵᠦ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠬᠤᠶᠠᠷ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠵᠣᠯᠭᠠᠭᠤᠯᠵᠤ᠂ ᠳᠡᠭᠡᠳᠦ ᠱᠠᠲᠤᠨ ᠤ ᠨᠠᠩ ᠣᠯᠠᠨ ᠪᠠᠯᠠ ᠮᠥᠩᠭᠦ ᠶᠢᠨ ᠳᠡᠮᠵᠢᠯᠭᠡ ᠶᠢ ᠤᠯᠬᠤ ᠪᠠᠷ ᠴᠢᠷᠮᠠᠶᠢᠵᠤ᠂ ᠬᠤᠰᠢᠭᠤᠨ ᠤ ᠡᠳ᠋ ᠤᠨ ᠵᠠᠰᠠᠭ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠤᠵᠠᠭᠠᠶᠢᠷᠠᠭᠤᠯᠤᠨ᠎ᠠ᠃ ︵ᠲᠦᠷᠦᠭᠦᠯᠡᠬᠦ ᠨᠢᠭᠡᠴᠢ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠢ︶    5.  ᠠᠷᠠᠯᠵᠢᠶᠠᠴᠢᠨ ᠤᠷᠢᠵᠤ ᠪᠡᠯᠡ ᠲᠠᠲᠠᠬᠤ ᠡᠷᠴᠢᠮ ᠢ ᠦᠷᠭᠦᠯᠵᠢᠯᠡᠨ ᠨᠡᠮᠡᠭᠳᠡᠭᠦᠯᠦᠨ᠎ᠡ᠃ ᠤᠯᠤᠰ ᠠᠴᠠ ︽ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠵᠢᠱᠢᠶ᠎ᠡ ᠦᠵᠡᠭᠦᠯᠬᠦ ᠣᠷᠣᠨ︾ ᠳᠤ ᠵᠢᠭᠰᠠᠭᠠᠭᠳᠠᠭᠰᠠᠨ ᠠᠰᠢᠭᠲᠠᠶ ᠴᠠᠭ ᠲᠣᠬᠢᠶᠠᠯ ᠢ ᠠᠳᠬᠤᠵᠤ᠂ ᠪᠥᠬᠦ ᠬᠤᠰᠢᠭᠤᠨ ᠤ ᠳᠠᠪᠠᠭᠤᠯᠢᠭ ᠭᠤᠤᠯᠯᠠᠬᠤ ᠠᠵᠤ ᠦᠢᠯᠡᠰ ᠤᠨ ᠲᠣᠭᠤᠷᠢᠨ ᠳᠤ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠪᠡᠭᠡᠵᠢᠩ ᠲᠢᠶᠠᠨᠵᠢᠨ ᠾᠧᠪᠧᠢ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠢ ᠴᠢᠩᠭ᠎ᠠ ᠠᠩᠬᠠᠷᠴᠤ᠂  ᠠᠷᠠᠯᠵᠢᠶᠠᠴᠢᠨ ᠤᠷᠢᠵᠤ ᠪᠠᠯᠠ ᠲᠠᠲᠠᠬᠤ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠵᠦ᠂  ᠠᠷᠠᠯᠵᠢᠶᠠᠴᠢᠨ ᠤᠷᠢᠵᠤ ᠪᠠᠯᠠ ᠲᠠᠲᠠᠬᠤ ᠡᠳ᠋ ᠤᠨ ᠵᠠᠰᠠᠭ ᠤᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠨᠢᠭᠡ ᠪᠦᠯᠦᠭ ᠡᠳ᠋ ᠤᠨ ᠵᠠᠰᠠᠭ ᠤᠨ ᠬᠤᠪᠢ ᠨᠡᠮᠡᠷᠢ ᠶᠢᠨ ᠨᠣᠷᠮ᠎ᠠ ᠥᠨᠳᠥᠷ᠂ ᠠᠵᠤ ᠦᠢᠯᠡᠰ ᠤᠨ ᠬᠡᠯᠬᠢᠶ᠎ᠡ ᠣᠷᠳᠣ᠂ ᠠᠵᠤ ᠠᠬᠤᠶ ᠶᠢᠨ ᠦᠷ᠎ᠡ ᠠᠰᠢᠭ ᠰᠠᠶᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠲᠦᠪᠰᠢᠨ ᠲᠡᠷᠢᠭᠦᠨ ᠤ ᠲᠣᠮᠣ ᠬᠡᠯᠪᠡᠷᠢ ᠶᠢᠨ ᠠᠵᠤ ᠠᠬᠤᠶᠢᠯᠠᠯ᠂ ᠲᠣᠮᠣ ᠬᠡᠯᠪᠡᠷᠢ ᠶᠢᠨ ᠲᠥᠷᠥᠯ ᠵᠦᠢᠯ ᠢ ᠠᠯᠢ ᠲᠦᠷᠭᠡᠨ ᠢᠶᠠᠷ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠵᠤ᠂ ᠪᠥᠬᠦ ᠬᠤᠰᠢᠭᠤᠨ ᠤ ᠡᠳ᠋ ᠤᠨ ᠵᠠᠰᠠᠭ ᠤᠨ ᠢᠷᠡᠯᠲᠡ ᠶᠢ ᠢᠳᠡᠪᠬᠢᠲᠡᠶ ᠪᠤᠶᠢᠵᠢᠭᠤᠯᠤᠨ᠎ᠠ᠃ ︵ᠲᠦᠷᠦᠭᠦᠯᠡᠬᠦ ᠨᠢᠭᠡᠴᠢ᠄ ᠬᠤᠰᠢᠭᠤᠨ ᠤ ᠮᠥᠩᠭᠦᠨ ᠭᠦᠢᠯᠭᠡᠭᠡᠨ ᠤ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠢ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ  ᠬᠡᠷᠡᠭ ᠡᠷᠬᠢᠯᠡᠬᠦ ᠭᠠᠵᠠᠷ︶    6. ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ ︽ᠲᠥᠷᠥᠯ ᠵᠦᠢᠯ ᠢᠶᠠᠷ ᠭᠤᠤᠯ ᠪᠣᠯᠭᠠᠬᠤ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠦᠢᠯᠡᠴᠢᠯᠡᠭᠡᠨ ᠤ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ ᠠᠷᠭ᠎ᠠ ᠪᠦᠬᠦᠨ ᠢ ᠰᠦᠪᠡᠭᠴᠢᠯᠡᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠪᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ  ᠠᠬᠢᠭᠤᠯᠤᠨ᠎ᠠ᠃ ︵ᠲᠦᠷᠦᠭᠦᠯᠡᠬᠦ  ᠨᠢᠭᠡᠴᠢ ᠄ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠠᠷᠢᠭᠤᠴᠠᠯᠭᠠᠲᠤ  ᠨᠢᠭᠡᠴᠢ᠄ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠢ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ  ᠬᠡᠷᠡᠭ ᠡᠷᠬᠢᠯᠡᠬᠦ ᠭᠠᠵᠠᠷ︶      ︵ᠬᠤᠶᠠᠷ︶ ᠵᠠᠷᠤᠯᠭ᠎ᠠ ᠶᠢᠨ ᠬᠠᠮᠢᠶᠠᠷᠤᠯᠲᠠ ᠶᠢ ᠴᠢᠩᠳᠠᠯᠠᠨ᠂ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠤᠨ᠎ᠠ    1. ᠡᠳ᠋ ᠤᠨ ᠵᠠᠰᠠᠭ ᠤᠨ ᠪᠠᠲᠤᠯᠠᠭ᠎ᠠ ᠶᠢᠨ ᠳᠡᠰ ᠳᠠᠷᠠᠭᠠᠯᠠᠯ ᠢ  ᠲᠣᠳᠤᠷᠬᠠᠶᠢᠯᠠᠨ᠎ᠠ᠃ ︽ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ︾ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠷᠠᠳ ᠤᠨ ᠦᠨᠳᠦᠰᠦᠨ ᠠᠮᠢᠳᠤᠷᠠᠯ᠂ ᠴᠠᠯᠢᠩ ᠤᠨ ᠵᠠᠷᠤᠯᠭ᠎ᠠ ᠶᠢ ᠰᠢᠬᠠᠨ ᠡᠵᠡᠯᠡᠬᠦ ᠶᠢ ᠡᠷᠡᠰ ᠬᠤᠷᠢᠭᠯᠠᠵᠤ᠂ ᠤᠰᠤ᠂ ᠴᠠᠬᠢᠯᠭᠠᠨ᠂ ᠳᠤᠯᠠᠭᠠᠯᠠᠭ᠎ᠠ ᠵᠡᠷᠭᠡ ᠡᠷᠬᠡᠪᠰᠢ ᠪᠠᠲᠤᠯᠠᠬᠤ ᠵᠠᠷᠤᠯᠭ᠎ᠠ ᠶᠢ ᠭᠦᠢᠴᠡᠳ ᠲᠤᠭ᠎ᠠ ᠪᠠᠷ ᠭᠠᠷᠭᠠᠵᠤ ᠪᠣᠳᠠᠲᠠᠶᠢᠵᠢᠭᠤᠯᠬᠤ ᠶᠢ ᠴᠢᠩᠭ᠎ᠠ  ᠨᠠᠶᠢᠳᠠᠪᠤᠷᠢᠵᠢᠭᠤᠯᠤᠨ᠎ᠠ᠃ ︵ᠲᠦᠷᠦᠭᠦᠯᠡᠬᠦ  ᠨᠢᠭᠡᠴᠢ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠰᠢᠭᠤᠳ ᠬᠠᠷᠢᠶ᠎ᠠ ᠡᠯ᠎ᠡ ᠲᠥᠰᠦᠪ ᠤᠨ ᠨᠢᠭᠡᠴᠢ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    2. ᠲᠥᠰᠦᠪ ᠢ ᠬᠡᠷᠡᠭᠵᠢᠭᠦᠯᠬᠦ ᠬᠢᠵᠠᠭᠠᠷᠯᠠᠯ ᠢ ᠴᠢᠩᠳᠠᠯᠠᠨ᠎ᠠ᠃ ᠵᠢᠯ ᠤᠨ ᠡᠬᠢᠨ ᠤ ᠲᠥᠰᠦᠪ ᠢ ᠴᠢᠩᠭ᠎ᠠ ᠵᠢᠷᠤᠮᠯᠠᠨ ᠬᠤᠰᠢᠭᠤᠨ ᠤ ᠲᠣᠰ ᠱᠠᠲᠤᠨ ᠤ ᠵᠠᠷᠤᠯᠭ᠎ᠠ ᠶᠢ ᠲᠣᠬᠢᠷᠠᠭᠤᠯᠤᠨ ᠬᠡᠷᠡᠭᠵᠢᠭᠦᠯᠵᠦ᠂ ᠵᠢᠯ ᠤᠨ ᠳᠣᠲᠣᠷ᠎ᠠ ᠰᠢᠨ᠎ᠡ ᠪᠠᠷ ᠡᠭᠦᠰᠦᠭᠰᠡᠨ ᠲᠤᠬᠠᠶᠢᠯᠠᠭᠰᠠᠨ ᠠᠵᠢᠯ ᠢ ᠦᠨᠳᠦᠰᠦᠨ ᠵᠠᠷᠤᠯᠭ᠎ᠠ ᠶᠢᠨ ᠲᠥᠰᠦᠪ ᠠᠴᠠ ᠭᠠᠷᠭᠠᠵᠤ᠂ ᠵᠢᠯ ᠤᠨ ᠡᠬᠢᠨ ᠤ ᠲᠥᠰᠦᠪ ᠲᠤ ᠣᠷᠣᠭᠤᠯᠤᠭᠰᠠᠨ ᠲᠣᠰ ᠱᠠᠲᠤᠨ ᠤ ᠲᠥᠷᠥᠯ ᠵᠦᠢᠯ ᠢ ᠦᠨᠡᠨ ᠬᠦ ᠬᠡᠷᠡᠭᠵᠢᠭᠦᠯᠬᠦ ᠴᠢᠬᠤᠯᠠᠲᠠᠶ ᠪᠣᠯ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠪᠤᠶᠤ ᠪᠠᠶᠢᠩᠭᠤ ᠶᠢᠨ ᠬᠤᠷᠠᠯ ᠳᠤ ᠮᠡᠳᠡᠭᠦᠯᠦᠨ ᠬᠢᠨᠠᠨ ᠲᠣᠭᠲᠠᠭᠠᠯᠭᠠᠨ᠎ᠠ᠃ ᠪᠠᠶᠢᠭᠠᠯᠢ ᠶᠢᠨ ᠭᠠᠮᠰᠢᠭ ᠪᠠ ᠳᠡᠭᠡᠳᠦ ᠱᠠᠲᠤᠨ ᠤ ᠡᠷᠬᠡᠪᠰᠢ ᠥᠷᠨᠢᠭᠦᠯᠬᠦ ᠪᠠᠷ ᠱᠠᠭᠠᠷᠳᠠᠭᠰᠠᠨ ᠲᠥᠷᠥᠯ ᠵᠦᠢᠯ  ᠢ ᠭᠠᠷᠭᠠᠪᠠᠯ᠂ ᠴᠥᠮ ᠲᠥᠰᠦᠪ ᠢ ᠨᠡᠮᠡᠵᠦ ᠪᠣᠯᠬᠤ ᠥᠬᠡᠶ᠂ ᠲᠥᠰᠦᠪ ᠢ ᠨᠡᠮᠡᠬᠦ ᠴᠢᠬᠤᠯᠠᠲᠠᠶ ᠲᠥᠷᠥᠯ ᠵᠦᠢᠯ ᠢ ᠨᠡᠮᠡᠬᠦ ᠭᠡᠪᠡᠯ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠮᠡᠳᠡᠭᠦᠯᠦᠨ ᠬᠢᠨᠠᠨ ᠲᠣᠭᠲᠠᠭᠠᠯᠭᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠲᠥᠰᠦᠪ ᠢ ᠨᠡᠮᠡᠵᠦ ᠪᠣᠯᠤᠨ᠎ᠠ᠃ ︵ᠲᠦᠷᠦᠭᠦᠯᠡᠬᠦ ᠨᠢᠭᠡᠴᠢ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠰᠢᠭᠤᠳ ᠬᠠᠷᠢᠶ᠎ᠠ ᠡᠯ᠎ᠡ ᠲᠥᠰᠦᠪ ᠤᠨ  ᠨᠢᠭᠡᠴᠢ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ  ᠬᠡᠷᠡᠭ ᠡᠷᠬᠢᠯᠡᠬᠦ ᠭᠠᠵᠠᠷ︶    3. ᠡᠳ᠋ ᠤᠨ ᠵᠠᠰᠠᠭ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ ᠠᠳᠠᠯᠢ ᠲᠦᠷᠦᠯ ᠤᠨ ᠲᠥᠷᠥᠯ ᠵᠦᠢᠯ ᠢ ᠡᠩ ᠲᠡᠷᠢᠭᠦᠨ ᠳᠤ ᠲᠤᠰ ᠵᠢᠯ ᠤᠨ ᠡᠳ᠋ ᠤᠨ ᠵᠠᠰᠠᠭ ᠤᠨ ᠭᠦᠢᠴᠡᠳᠬᠡᠯ ᠲᠤᠭ᠎ᠠ ᠶᠢ ᠲᠥᠯᠥᠵᠦ᠂ ᠲᠤᠰ ᠵᠢᠯ ᠤᠨ ᠡᠳ᠋ ᠤᠨ ᠵᠠᠰᠠᠭ ᠤᠨ ᠭᠦᠢᠴᠡᠳᠬᠡᠯ ᠲᠤᠭ᠎ᠠ ᠶᠢ ᠬᠡᠷᠡᠭᠯᠡᠵᠦ ᠳᠠᠭᠤᠰᠤᠭᠰᠠᠨ ᠪᠣᠯ᠂ ᠳᠡᠭᠡᠷ᠎ᠡ ᠵᠢᠯ ᠤᠨ ᠳ᠋ᠦᠩᠨᠡᠨ ᠰᠢᠯᠵᠢᠭᠦᠯᠦᠭᠰᠡᠨ ᠭᠦᠢᠴᠡᠳᠬᠡᠯ ᠲᠤᠭ᠎ᠠ ᠠᠴᠠ ᠥᠭᠭᠦᠨ᠎ᠡ᠃ ᠡᠳ᠋ ᠤᠨ ᠵᠠᠰᠠᠭ ᠠᠴᠠ ᠶᠡᠭᠡ ᠬᠡᠮᠵᠢᠶᠡᠨ ᠤ ᠵᠣᠭᠤᠰ ᠰᠠᠯᠭᠠᠨ ᠥᠭᠬᠦ ᠪᠠ ᠲᠥᠷᠥᠯ ᠵᠦᠢᠯ ᠢ ᠲᠣᠭᠲᠠᠭᠠᠬᠤ ᠳᠤ ᠭᠤᠷᠪᠠᠨ ᠴᠢᠬᠤᠯᠠ ᠨᠢᠭᠡ ᠶᠡᠭᠡ ᠬᠡᠷᠡᠭ ᠵᠥᠪᠯᠡᠬᠦ ᠳᠦᠷᠢᠮ ᠢ ᠴᠢᠩᠭ᠎ᠠ  ᠵᠢᠷᠤᠮᠯᠠᠨ᠎ᠠ᠃ ᠡᠩ ᠤᠨ ᠴᠢᠨᠠᠷᠲᠠᠶ ᠵᠠᠷᠤᠯᠭ᠎ᠠ ᠪᠣᠯᠤᠨ ᠪᠠᠴᠢᠮ ᠬᠡᠷᠡᠭᠴᠡᠭᠡᠲᠦ ᠪᠤᠰᠤ᠂ ᠵᠠᠶᠢᠯᠠᠰᠢ ᠦᠭᠡᠶ ᠪᠤᠰᠤ ᠵᠠᠷᠤᠯᠭ᠎ᠠ ᠶᠢ ᠤᠯᠠᠮ ᠨᠢᠭᠡ ᠠᠯᠬᠤᠮ ᠪᠠᠭᠠᠰᠬᠠᠵᠤ᠂ ᠪᠦᠬᠦ ᠰᠢᠰᠲ᠋ᠧᠮ ᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠶᠣᠰᠣᠭᠠᠷ᠂ ᠡᠩ ᠤᠨ ᠴᠢᠨᠠᠷᠲᠠᠶ ᠵᠠᠷᠤᠯᠭ᠎ᠠ ᠶᠢ ᠳᠡᠭᠡᠷ᠎ᠡ ᠵᠢᠯ ᠤᠨ ᠰᠠᠭᠤᠷᠢᠨ ᠳᠡᠭᠡᠷ᠎ᠡ 5% ᠪᠠᠷ ᠪᠠᠭᠠᠰᠬᠠᠨ᠎ᠠ᠃ ᠠᠰᠠᠷ ᠲᠠᠩᠬᠢᠮ ᠣᠷᠳᠣᠨ ᠭᠠᠵᠠᠷ ᠢ ᠲᠣᠮᠣ ᠬᠡᠯᠪᠡᠷᠢ ᠶᠢᠨ ᠰᠡᠯᠪᠢᠨ ᠵᠠᠰᠠᠬᠤ ᠶᠢ ᠴᠢᠩᠭ᠎ᠠ ᠴᠠᠭᠠᠵᠠᠯᠠᠵᠤ᠂ ᠦᠨᠡᠨᠬᠦ ᠰᠡᠯᠪᠢᠨ ᠵᠠᠰᠠᠬᠤ ᠴᠢᠬᠤᠯᠠᠲᠠᠶ ᠪᠣᠯ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠪᠤᠶᠤ ᠪᠠᠶᠢᠩᠭᠤ ᠶᠢᠨ ᠬᠤᠷᠠᠯ ᠢᠶᠠᠷ  ᠵᠦᠪᠰᠢᠶᠡᠷᠡᠭᠦᠯᠦᠨ᠎ᠡ᠃ ︵ᠲᠦᠷᠦᠭᠦᠯᠡᠬᠦ ᠨᠢᠭᠡᠴᠢ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠰᠢᠭᠤᠳ ᠬᠠᠷᠢᠶ᠎ᠠ ᠡᠯ᠎ᠡ ᠲᠥᠰᠦᠪ ᠤᠨ ᠨᠢᠭᠡᠴᠢ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ  ᠬᠡᠷᠡᠭ ᠡᠷᠬᠢᠯᠡᠬᠦ ᠭᠠᠵᠠᠷ︶    4. ᠣᠷᠣᠨ ᠲᠤᠭ᠎ᠠ ᠠᠴᠠ ᠭᠠᠳᠠᠨᠠᠬᠢ ᠬᠥᠮᠦᠰ ᠢ ᠠᠭᠤᠰᠬᠠᠨ ᠰᠢᠩᠭᠡᠭᠡᠨ᠎ᠡ᠃ ᠬᠤᠰᠢᠭᠤᠨ ᠤ ᠨᠠᠮ ᠤᠨ ᠬᠤᠷᠢᠶ᠎ᠠ ᠂ ᠬᠤᠰᠢᠭᠤᠨ ᠤ ᠵᠠᠰᠠᠭ ᠤᠨ ᠣᠷᠳᠣᠨ ᠤ ᠵᠥᠪᠰᠢᠶᠡᠷᠡᠯ ᠦᠭᠡᠢ ᠪᠠᠷ ᠣᠷᠣᠨ ᠲᠣᠭᠠᠨ ᠠᠴᠠ ᠭᠠᠳᠠᠨᠠᠬᠢ ᠬᠥᠮᠦᠰ ᠪᠠ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠬᠥᠮᠦᠰ ᠢ ᠰᠢᠨ᠎ᠡ ᠪᠠᠷ ᠨᠡᠮᠡᠭᠳᠡᠭᠦᠯᠬᠦ ᠶᠢ ᠴᠠᠭᠠᠵᠠᠯᠠᠨ᠎ᠠ᠃ ᠣᠷᠣᠨ ᠲᠤᠭ᠎ᠠ ᠠᠴᠠ ᠭᠠᠳᠠᠨ᠎ᠠ ᠤᠷᠢᠵᠤ ᠬᠡᠷᠡᠭᠯᠡᠬᠦ ᠬᠥᠮᠦᠰ ᠪᠣᠯᠤᠨ ᠵᠠᠰᠠᠭ ᠤᠨ ᠣᠷᠳᠣᠨ ᠦᠢᠯᠡᠴᠢᠯᠡᠭᠡᠨ ᠤ ᠬᠤᠳᠠᠯᠳᠤᠨ ᠠᠪᠬᠤ ᠠᠵᠢᠯᠲᠠᠨ ᠳᠤ ᠬᠤᠤᠰ ᠡᠵᠡᠮᠳᠡᠯ ᠢ ᠬᠡᠷᠡᠭᠵᠢᠭᠦᠯᠦᠨ᠎ᠡ᠂ ᠲᠤᠬᠠᠶᠢᠯᠠᠪᠠᠯ ᠬᠥᠮᠦᠨ ᠤ ᠲᠤᠭ᠎ᠠ ᠪᠣᠯᠤᠨ ᠵᠠᠷᠤᠳᠠᠯ ᠢ ᠬᠠᠰᠤᠬᠤ ᠠᠴᠠ ᠪᠢᠰᠢ ᠨᠡᠮᠡᠭᠳᠡᠭᠦᠯᠬᠦ ᠦᠭᠡᠶ᠃ ︵ᠲᠦᠷᠦᠭᠦᠯᠡᠬᠦ  ᠨᠢᠭᠡᠴᠢ᠄ ᠬᠤᠰᠢᠭᠤᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ ᠬᠠᠷᠢᠭᠤᠴᠠᠯᠭᠠᠲᠤ  ᠨᠢᠭᠡᠴᠢ᠄ ᠬᠤᠰᠢᠭᠤᠨ ᠤ ᠰᠢᠭᠤᠳ ᠬᠠᠷᠢᠶ᠎ᠠ ᠡᠯ᠎ᠡ ᠲᠥᠰᠦᠪ ᠤᠨ ᠨᠢᠭᠡᠴᠢ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ  ᠬᠡᠷᠡᠭ ᠡᠷᠬᠢᠯᠡᠬᠦ ᠭᠠᠵᠠᠷ︶    5. ᠲᠡᠷᠭᠡ ᠲᠦᠷᠢᠶᠡᠰᠦᠯᠡᠵᠦ ᠶᠠᠪᠤᠭᠤᠯᠬᠤ ᠵᠠᠷᠤᠳᠠᠯ ᠢ ᠴᠢᠩᠭ᠎ᠠ ᠬᠢᠵᠠᠭᠠᠷᠯᠠᠨ᠎ᠠ᠃ ᠠᠯᠪᠠᠨ ᠲᠡᠷᠭᠡ ᠪᠠᠷ ᠭᠠᠳᠠᠭᠰᠢ ᠭᠠᠷᠬᠤ ᠳᠦᠷᠢᠮ ᠢ ᠲᠡᠭᠦᠯᠳᠡᠷᠵᠢᠭᠦᠯᠦᠨ᠂ ᠡᠩ ᠤᠨ ᠠᠯᠪᠠᠨ ᠶᠠᠪᠤᠳᠠᠯ ᠢᠶᠠᠷ ᠭᠠᠳᠠᠭᠰᠢ ᠭᠠᠷᠴᠤ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢ ᠰᠤᠩᠭᠤᠵᠤ᠂ ᠠᠯᠪᠠᠨ ᠲᠡᠷᠭᠡ ᠪᠠᠷ ᠭᠠᠳᠠᠭᠰᠢ ᠭᠠᠷᠬᠤ ᠴᠢᠬᠤᠯᠠ ᠲᠠᠢ ᠪᠣᠯ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ ᠵᠦᠪᠰᠢᠶᠡᠷᠡᠭᠡᠳ ᠰᠠᠶ᠋ᠢ ᠲᠡᠷᠭᠡ ᠪᠤᠶᠤ ᠲᠡᠷᠭᠡ ᠳᠦᠷᠢᠶᠡᠰᠦᠯᠡᠵᠦ ᠪᠣᠯᠣᠨ᠎ᠠ᠂ ᠠᠯᠪᠠᠨ ᠲᠡᠷᠭᠡ ᠶᠢ ᠬᠤᠪᠢ ᠪᠠᠷ ᠢᠶᠠᠨ ᠬᠡᠷᠡᠭᠯᠡᠬᠦ᠂ ᠬᠤᠪᠢ ᠶᠢᠨ ᠲᠡᠷᠭᠡ ᠶᠢ ᠠᠯᠪᠠᠨ ᠠᠴᠠ ᠲᠡᠵᠢᠭᠡᠵᠦ ᠠᠯᠪᠠᠨ ᠶᠠᠪᠤᠳᠠᠯ ᠢᠶᠠᠷ ᠠᠷᠠᠴᠢᠯᠠᠬᠤ ᠶᠢ ᠴᠢᠩᠭ᠎ᠠ ᠴᠠᠭᠠᠵᠠᠯᠠᠨ᠎ᠠ᠃ ︵ᠲᠦᠷᠦᠭᠦᠯᠡᠬᠦ  ᠨᠢᠭᠡᠴᠢ᠄ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠠᠷᠢᠭᠤᠴᠠᠯᠭᠠᠲᠤ  ᠨᠢᠭᠡᠴᠢ᠄ ᠬᠤᠰᠢᠭᠤᠨ ᠤ ᠰᠢᠭᠤᠳ ᠬᠠᠷᠢᠶ᠎ᠠ ᠡᠯ᠎ᠡ ᠲᠥᠰᠦᠪ ᠤᠨ  ᠨᠢᠭᠡᠴᠢ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    6. ᠰᠢᠨ᠎ᠡ ᠪᠠᠷ ᠨᠡᠮᠡᠭᠳᠡᠬᠦ ᠥᠷᠢ ᠥᠭᠴᠡᠭᠡ ᠶᠢᠨ ᠦᠢᠯᠡ ᠠᠵᠢᠯᠯᠠᠭ᠎ᠠ ᠶᠢ  ᠵᠣᠭᠰᠤᠭᠠᠨ᠎ᠠ᠃ ᠵᠢᠭᠡᠯᠡᠯᠭᠡ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠯᠬᠢᠨ ᠠᠬᠢᠭᠤᠯᠬᠤ ᠶᠢ ᠴᠢᠩᠭ᠎ᠠ ᠴᠠᠭᠠᠵᠠᠯᠠᠵᠤ᠂ ᠵᠢᠭᠡᠯᠡᠯᠭᠡ ᠵᠢᠭᠡᠯᠡᠬᠦ ᠪᠤᠶᠤ ᠱᠡᠭᠡᠯᠡᠭᠦᠯᠬᠦ ᠠᠷᠭ᠎ᠠ ᠮᠠᠶ᠋ᠢᠭ ᠢᠶᠠᠷ ᠨᠡᠶᠢᠲᠡ ᠶᠢᠨ ᠬᠡᠷᠡᠭᠯᠡᠭᠡᠨ ᠤ ᠵᠠᠷᠤᠯᠭ᠎ᠠ ᠲᠣᠬᠢᠷᠠᠭᠤᠯᠬᠤ ᠶᠢ ᠴᠢᠩᠭ᠎ᠠ ᠴᠠᠭᠠᠵᠠᠯᠠᠨ᠎ᠠ᠃ ᠥᠷᠢ ᠥᠭᠴᠡᠭᠡ ᠠᠷᠢᠯᠭᠠᠬᠤ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠰᠢᠶᠠᠩ ᠪᠠᠯᠭᠠᠰᠤ ᠪᠠ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠳ ᠲᠣᠰ ᠨᠢᠭᠡᠴᠢ ᠶᠢᠨ ᠢᠶᠠᠨ ᠥᠷᠢ ᠥᠭᠴᠡᠭᠡ ᠶᠢ ᠠᠷᠢᠯᠭᠠᠬᠤ ᠲᠥᠯᠥᠪᠯᠡᠭᠡ ᠶᠢ ᠲᠣᠭᠲᠠᠭᠠᠵᠤ᠂ 2027 ᠣᠨ ᠤ ᠡᠴᠦᠰ ᠲᠤ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ︵ᠲᠦᠷᠦᠭᠦᠯᠡᠬᠦ  ᠨᠢᠭᠡᠴᠢ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠂ ᠬᠠᠷᠢᠭᠤᠴᠠᠯᠭᠠᠲᠤ ᠨᠢᠭᠡᠴᠢ ᠄ ᠬᠤᠰᠢᠭᠤᠨ ᠤ ᠰᠢᠭᠤᠳ ᠬᠠᠷᠢᠶ᠎ᠠ ᠡᠯ᠎ᠡ ᠲᠥᠰᠦᠪ ᠤᠨ ᠨᠢᠭᠡᠴᠢ ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    7. ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠲᠥᠰᠦᠪ ᠤᠨ ᠬᠢᠨᠠᠨ ᠲᠣᠭᠲᠠᠭᠠᠯᠲᠠ ᠶᠢ ᠴᠢᠩᠳᠠᠯᠠᠵᠤ᠂ ᠪᠡᠯᠡ ᠮᠥᠩᠭᠦ ᠶᠢ ᠭᠦᠢᠴᠡᠳ ᠲᠤᠭ᠎ᠠ ᠪᠠᠷ ᠨᠠᠶᠢᠳᠠᠪᠤᠷᠢᠵᠢᠭᠤᠯᠤᠭᠰᠠᠨ ᠦᠭᠡᠶ ᠲᠥᠷᠥᠯ ᠵᠦᠢᠯ ᠢ ᠬᠢᠨᠠᠨ ᠲᠣᠭᠲᠠᠭᠠᠬᠤ ᠦᠭᠡᠶ᠃ ᠲᠥᠰᠦᠪ ᠠᠴᠠ ᠳᠠᠪᠠᠭᠤᠯᠤᠭᠰᠠᠨ᠂ ᠲᠥᠰᠦᠪ ᠦᠭᠡᠶ ᠪᠠᠷ ᠵᠠᠰᠠᠭ ᠤᠨ ᠣᠷᠳᠣᠨ ᠬᠤᠳᠠᠯᠳᠤᠨ ᠠᠪᠬᠤ ᠶᠢ ᠥᠷᠨᠢᠭᠦᠯᠬᠦ ᠪᠤᠶᠤ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠴᠠ ᠵᠠᠶᠢᠯᠠᠬᠤ ᠵᠡᠷᠭᠡ ᠬᠤᠳᠠᠯᠳᠤᠨ ᠠᠪᠬᠤ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠬᠤᠳᠠᠯᠳᠤᠨ ᠠᠪᠬᠤ ᠲᠥᠷᠥᠯ ᠵᠦᠢᠯ ᠨᠢ ᠬᠤᠳᠠᠯᠳᠤᠨ ᠠᠪᠬᠤ ᠪᠡᠯᠡ ᠮᠥᠩᠭᠦ ᠶᠢ ᠭᠦᠢᠴᠡᠳ ᠲᠤᠭ᠎ᠠ ᠪᠠᠷ  ᠨᠠᠶᠢᠳᠠᠪᠤᠷᠢᠵᠢᠭᠤᠯᠤᠨ᠎ᠠ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠᠷᠢᠮᠵᠢᠶ᠎ᠠ ᠳᠤ ᠬᠦᠷᠦᠭᠡᠳᠦᠶ ᠬᠤᠳᠠᠯᠳᠤᠨ ᠠᠪᠬᠤ ᠲᠥᠷᠥᠯ ᠵᠦᠢᠯ ᠢ ᠳᠣᠲᠣᠭᠠᠳᠤ ᠶᠢᠨ ᠡᠵᠡᠮᠳᠡᠬᠦ ᠳᠦᠷᠢᠮ ᠤᠨ ᠱᠠᠭᠠᠷᠳᠠᠯᠭ᠎ᠠ ᠶᠣᠰᠣᠭᠠᠷ ᠬᠤᠳᠠᠯᠳᠤᠨ ᠠᠪᠬᠤ ᠬᠡᠷᠡᠭᠲᠡᠶ᠃ ︵ᠲᠦᠷᠦᠭᠦᠯᠡᠬᠦ ᠨᠢᠭᠡᠴᠢ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠰᠢᠭᠤᠳ ᠬᠠᠷᠢᠶ᠎ᠠ ᠡᠯ᠎ᠡ ᠲᠥᠰᠦᠪ ᠤᠨ ᠨᠢᠭᠡᠴᠢ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ  ᠬᠡᠷᠡᠭ ᠡᠷᠬᠢᠯᠡᠬᠦ ᠭᠠᠵᠠᠷ︶    8. ᠲᠥᠷᠥᠯ ᠵᠦᠢᠯ ᠤᠨ ᠪᠡᠯᠡ ᠮᠥᠩᠭᠦ ᠭᠤᠶᠤᠴᠢᠯᠠᠨ ᠮᠡᠳᠡᠭᠦᠯᠬᠦ ᠶᠢ ᠵᠢᠷᠤᠮᠵᠢᠭᠤᠯᠤᠨ᠎ᠠ᠃ ᠪᠥᠬᠦ ᠲᠤᠭ᠎ᠠ ᠪᠠᠷ ᠳᠡᠭᠡᠳᠦ ᠱᠠᠲᠤᠨ ᠤ ᠪᠠᠯᠠ ᠮᠥᠩᠭᠦ ᠭᠤᠶᠤᠴᠢᠯᠠᠬᠤ ᠲᠥᠷᠥᠯ ᠵᠦᠢᠯ ᠢ ᠬᠤᠰᠢᠭᠤᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠭᠠᠷ ᠤᠨ ᠥᠰᠥᠭ ᠵᠢᠷᠤᠭᠤᠯᠵᠤ  ᠵᠦᠪᠰᠢᠶᠡᠷᠡᠭᠦᠯᠦᠨ᠎ᠡ᠃ ᠲᠣᠰ ᠱᠠᠲᠤᠨ ᠤ ᠢᠵᠢ ᠪᠦᠷᠢᠳᠦᠭᠦᠯᠬᠦ ᠪᠠᠯᠠ ᠮᠥᠩᠭᠦ ᠶᠢᠨ ᠲᠥᠷᠥᠯ ᠵᠦᠢᠯ ᠢ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠬᠢᠨᠠᠨ‌‍ᠲ᠋ᠣᠭᠲᠠᠭᠠᠯᠭᠠᠨ᠎ᠠ᠃ ︵ᠲᠦᠷᠦᠭᠦᠯᠡᠬᠦ ᠨᠢᠭᠡᠴᠢ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠰᠢᠭᠤᠳ ᠬᠠᠷᠢᠶ᠎ᠠ ᠡᠯ᠎ᠡ ᠲᠥᠰᠦᠪ ᠤᠨ ᠨᠢᠭᠡᠴᠢ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ  ᠬᠡᠷᠡᠭ ᠡᠷᠬᠢᠯᠡᠬᠦ ᠭᠠᠵᠠᠷ︶    9. ᠡᠳ᠋ ᠤᠨ ᠵᠠᠰᠠᠭ ᠤᠨ ᠦᠯᠡᠳᠡᠭᠡᠯ ᠡᠬᠢ ᠪᠠᠶᠠᠯᠢᠭ ᠢ ᠴᠢᠯᠦᠭᠡᠲᠡᠢ ᠭᠦᠢᠯᠭᠡᠭᠡᠨ᠎ᠡ᠃ ᠬᠤᠶᠠᠷ ᠵᠢᠯ ᠠᠴᠠ ᠳᠡᠭᠡᠭᠰᠢ ᠳ᠋ᠦᠩᠨᠡᠨ ᠰᠢᠯᠵᠢᠭᠦᠯᠦᠭᠰᠡᠨ ᠳᠡᠭᠡᠳᠦ ᠱᠠᠲᠤᠨ ᠤ ᠲᠤᠰᠬᠠᠶ ᠪᠠᠯᠠ ᠮᠥᠩᠭᠦ ᠶᠢ ᠬᠤᠰᠢᠭᠤᠨ ᠤ ᠡᠳ᠋ ᠤᠨ ᠵᠠᠰᠠᠭ ᠠᠴᠠ ᠨᠢᠭᠡᠳᠦᠯᠲᠡᠶ ᠬᠤᠷᠢᠶᠠᠨ ᠠᠪᠴᠢᠷᠠᠵᠤ᠂ ᠲᠥᠷᠥᠯ ᠵᠦᠢᠯ ᠤᠨ ᠪᠠᠯᠠ ᠮᠥᠩᠭᠦ ᠶᠢ ᠦᠷᠭᠦᠯᠵᠢᠯᠡᠨ ᠬᠡᠷᠡᠭᠯᠡᠬᠦ ᠴᠢᠬᠤᠯᠠᠲᠠᠶ ᠪᠣᠯ᠂ ᠲᠥᠷᠥᠯ ᠵᠦᠢᠯ ᠢ ᠬᠡᠷᠡᠭᠵᠢᠭᠦᠯᠬᠦ ᠨᠢᠭᠡᠴᠢ ᠠᠴᠠ ᠬᠤᠰᠢᠭᠤᠨ ᠤ ᠵᠠᠰᠠᠭ ᠤᠨ ᠣᠷᠳᠣᠨ ᠳᠤ ᠭᠤᠶᠤᠴᠢᠯᠠᠨ ᠲᠥᠷᠥᠯ ᠵᠦᠢᠯ ᠲᠣᠭᠲᠠᠭᠠᠯᠭᠠᠵᠤ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠪᠤᠶᠤ ᠪᠠᠶᠢᠩᠭᠤ ᠶᠢᠨ ᠬᠤᠷᠠᠯ ᠢᠶᠠᠷ ᠬᠢᠨᠠᠨ ᠲᠣᠭᠲᠠᠭᠠᠯᠭᠠᠨ᠎ᠠ᠃ ᠬᠤᠰᠢᠭᠤᠨ ᠤ ᠲᠣᠰ ᠱᠠᠲᠤᠨ ᠤ ᠲᠣᠬᠢᠷᠠᠭᠤᠯᠤᠭᠰᠠᠨ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ ᠶᠢ ᠲᠤᠬᠠᠢ ᠶᠢᠨ ᠵᠢᠯ ᠤᠨ ᠡᠴᠦᠰ ᠲᠤ ᠪᠦᠬᠦᠨ ᠢ ᠬᠤᠷᠢᠶᠠᠨ ᠠᠪᠴᠢᠷᠠᠵᠤ᠂ ᠦᠨᠡᠨ ᠬᠦ ᠦᠷᠭᠦᠯᠵᠢᠯᠡᠨ ᠬᠡᠷᠡᠭᠯᠡᠬᠦ ᠴᠢᠬᠤᠯᠠᠲᠠᠢ ᠪᠣᠯ᠂ ᠲᠥᠷᠥᠯ ᠵᠦᠢᠯ ᠢ ᠬᠡᠷᠡᠭᠵᠢᠭᠦᠯᠬᠦ ᠨᠢᠭᠡᠴᠢ ᠠᠴᠠ ᠳᠠᠷᠠᠭ᠎ᠠ ᠵᠢᠯ ᠤᠨ ᠲᠥᠰᠥᠪ ᠲᠤ ᠵᠠᠷᠤᠯᠭ᠎ᠠ ᠪᠠᠨ ᠲᠣᠬᠢᠷᠠᠭᠤᠯᠬᠤ ᠭᠤᠶᠤᠴᠢᠯᠠᠯ ᠭᠠᠷᠭᠠᠨ᠎ᠠ᠃ ︵ᠲᠦᠷᠦᠭᠦᠯᠡᠬᠦ ᠨᠢᠭᠡᠴᠢ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠰᠢᠭᠤᠳ ᠬᠠᠷᠢᠶ᠎ᠠ ᠡᠯ᠎ᠡ ᠲᠥᠰᠦᠪ ᠤᠨ ᠨᠢᠭᠡᠴᠢ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ  ᠬᠡᠷᠡᠭ ᠡᠷᠬᠢᠯᠡᠬᠦ ᠭᠠᠵᠠᠷ ︶    ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠳ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠨᠢᠭᠡᠴᠢ ᠶᠢᠨ ︽ᠨᠢᠭᠡᠳᠦᠭᠡᠷ ᠬᠠᠷᠢᠭᠤᠴᠠᠯᠭᠠᠳᠠᠨ︾ ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠵᠤ᠂ ᠪᠡᠶ᠎ᠡ ᠪᠠᠷ ᠢᠶᠠᠨ  ᠱᠠᠯᠠᠪᠳᠠᠭᠤᠯᠤᠨ ᠨᠠᠶᠢᠳᠠᠪᠤᠷᠢᠵᠢᠭᠤᠯᠵᠤ᠂ ᠳᠣᠲᠣᠭᠠᠳᠤ ᠳᠠᠭᠠᠨ ᠡᠵᠡᠮᠳᠡᠬᠦ ᠲᠦᠷᠢᠮ ᠢ ᠴᠢᠩᠳᠠᠯᠠᠨ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠴᠢᠩᠳᠠᠯᠠᠵᠤ᠂ ᠠᠷᠪᠢᠯᠠᠨ ᠭᠠᠮᠨᠠᠵᠤ ᠭᠤᠤᠯᠳᠠᠯᠭ᠎ᠠ ᠶᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠶ᠃    ︵ᠬᠤᠶᠠᠷ︶ ᠡᠳ᠋ ᠤᠨ ᠶᠠᠪᠤᠳᠠᠯ ᠨᠢᠭᠲᠠᠯᠠᠨ ᠪᠣᠳᠣᠬᠤ ᠠᠵᠢᠯ ᠢ  ᠴᠢᠩᠭᠠᠳᠬᠠᠬᠤ ᠬᠡᠷᠡᠭᠲᠡᠢ᠃ ᠳᠣᠲᠣᠭᠠᠳᠤ ᠡᠵᠡᠮᠳᠡᠯ ᠤᠨ ᠳᠦᠷᠢᠮ ᠢ ᠲᠡᠭᠦᠯᠳᠡᠷᠵᠢᠭᠦᠯᠵᠦ᠂ ᠨᠢᠭᠲᠠᠯᠠᠨ ᠪᠣᠳᠣᠬᠤ ᠲᠣᠭᠠᠴᠠᠭ᠎ᠠ ᠬᠢᠬᠦ ᠶᠢ ᠴᠢᠩᠭ᠎ᠠ ᠵᠢᠷᠤᠮᠵᠢᠭᠤᠯᠤᠨ ᠂ ᠳᠠᠩᠰᠠᠨ ᠠᠴᠠ ᠲᠠᠶᠢᠯᠬᠤ ᠬᠡᠪᠴᠢᠶ᠎ᠡ᠂ ᠪᠠᠷᠢᠮᠵᠢᠶ᠎ᠠ ᠠᠴᠠ ᠬᠡᠲᠦᠷᠡᠭᠰᠡᠨ ᠵᠢᠴᠢ ᠬᠠᠮᠢᠶ᠎ᠠ ᠦᠭᠡᠶ ᠠᠯᠪᠠᠨ ᠶᠠᠪᠤᠳᠠᠯ ᠤᠨ ᠠᠵᠢᠯᠯᠠᠭ᠎ᠠ ᠯᠤᠭ᠎ᠠ ᠬᠤᠯᠪᠣᠭᠳᠠᠯ ᠦᠭᠡᠶ ᠵᠠᠷᠤᠳᠠᠯ ᠢ ᠴᠢᠩᠭ᠎ᠠ ᠴᠠᠭᠠᠵᠠᠯᠠᠬᠤ ᠬᠡᠷᠡᠭᠲᠡᠶ᠃ ᠪᠡᠯᠡ ᠮᠦᠩᠭᠦ ᠶᠢ ᠬᠡᠷᠡᠭᠯᠡᠬᠦ ᠠᠴᠠ ᠡᠮᠦᠨ᠎ᠡ᠂ ᠬᠡᠷᠡᠭ ᠤᠨ ᠳᠤᠮᠳᠠ ᠪᠠ ᠬᠡᠷᠡᠭ ᠤᠨ ᠳᠠᠷᠠᠭᠠᠬᠢ ᠪᠦᠬᠦ ᠴᠤᠪᠤᠷᠠᠯ ᠢᠶᠠᠷ ᠬᠢᠨᠠᠨ ᠡᠵᠡᠮᠳᠡᠬᠦ ᠶᠢ ᠴᠢᠩᠭᠠᠳᠬᠠᠵᠤ᠂ ︽ᠰᠠᠯᠭᠠᠨ ᠦᠭᠬᠦ ᠪᠠᠷ ᠵᠠᠷᠤᠯᠭ᠎ᠠ ᠪᠣᠯᠭᠠᠬᠤ︾᠂ ᠬᠤᠭᠤᠰᠤᠨ ᠵᠠᠷᠤᠯᠭ᠎ᠠ ᠵᠢᠭᠰᠠᠭᠠᠬᠤ᠂ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠵᠡᠷᠭᠡ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃    ︵ᠭᠤᠷᠪᠠ︶ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠰᠡᠳᠬᠢᠬᠦᠶ ᠶᠢ ᠪᠠᠷᠢᠮᠲᠠᠯᠠᠨ᠂ ᠬᠥᠭᠵᠢᠯᠲᠡ ᠶᠢᠨ ᠣᠨᠣᠯᠵᠢᠬᠤᠨ ᠤ ᠰᠢᠨ᠎ᠡ ᠶᠢ ᠡᠭᠦᠳᠴᠦ᠂ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠬᠢᠭᠡᠳ ᠮᠥᠩᠭᠦᠨ ᠭᠦᠢᠯᠭᠡᠭᠡᠨ᠂ ᠠᠵᠤ ᠦᠢᠯᠡᠰ ᠵᠡᠷᠭᠡ ᠲᠥᠷᠥ ᠶᠢᠨ ᠪᠣᠳᠣᠯᠭ᠎ᠠ ᠶᠢᠨ ᠬᠠᠮᠵᠢᠯᠴᠠᠨ ᠬᠦᠴᠦᠯᠡᠬᠦ ᠶᠢ ᠴᠢᠩᠭᠠᠳᠬᠠᠵᠤ᠂ ᠵᠠᠰᠠᠭ ᠤᠨ ᠣᠷᠳᠣᠨ ᠤ ᠡᠬᠢ ᠪᠠᠶᠠᠯᠢᠭ ᠢ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠶᠢ ᠲᠦᠯᠬᠢᠨ ᠠᠬᠢᠭᠤᠯᠵᠤ᠂ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠵᠤ᠂ ᠡᠳ᠋ ᠬᠥᠷᠥᠩᠭᠡ ᠪᠠᠷ ᠪᠡᠯᠡ ᠮᠥᠩᠭᠦ ᠲᠠᠲᠠᠵᠤ᠂ ᠠᠵᠤ ᠦᠢᠯᠡᠰ ᠤᠨ ᠬᠥᠭᠵᠢᠯᠲᠡ ᠪᠠ ᠨᠡᠶᠢᠭᠡᠮ ᠤᠨ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠲᠠᠰᠤᠷᠠᠯᠲᠠ ᠤᠢᠭᠡᠢ ᠥᠷᠭᠡᠳᠬᠡᠬᠦ ᠬᠡᠷᠡᠭᠲᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号