ᠷᠦᠢ ᠳ᠋ᠢᠶᠠᠨ ᠴᠠᠬᠢᠯᠭᠠᠨ ᠤ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠬᠠᠩᠭᠠᠬᠤ ᠲᠥᠷᠥᠯ ᠵᠦᠢᠯ ᠢ ᠵᠠᠯᠭᠠᠨ ᠣᠷᠣᠭᠤᠯᠬᠤ ᠰᠢᠰᠲ᠋ᠧᠮ ᠤᠨ ᠲᠥᠰᠦᠯ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ  ᠲᠣᠣᠷᠵᠢᠯ ᠤᠨ ᠵᠥᠪᠰᠢᠶᠡᠷᠡᠯ ᠢ ᠤᠯᠪᠠ
ᠨᠡᠶᠢᠲᠡᠯᠡᠭᠰᠡᠨ ᠴᠠᠭ᠄
2023/12/14
     ᠣᠶᠢᠷ᠎ᠠ ᠳᠤ᠂ ᠷᠦᠢ ᠳ᠋ᠢᠶᠠᠨ ᠴᠠᠬᠢᠯᠭᠠᠨ ᠤ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠬᠠᠩᠭᠠᠬᠤ ᠲᠥᠷᠥᠯ ᠵᠦᠢᠯ ᠢ ᠵᠠᠯᠭᠠᠨ ᠣᠷᠣᠭᠤᠯᠬᠤ ᠰᠢᠰᠲ᠋ᠧᠮ ᠤᠨ ᠲᠥᠰᠦᠯ ᠨᠢ ᠤᠯᠤᠰ ᠤᠨ ᠴᠠᠬᠢᠯᠭᠠᠨ  ᠲᠣᠣᠷᠵᠢᠯ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠶᠢᠨ ᠴᠣᠬᠤᠯᠠᠪᠤᠷᠢ ᠶᠢ ᠣᠯᠵᠠᠶ᠂ ᠲᠣᠰ ᠲᠥᠷᠥᠯ ᠵᠦᠢᠯ ᠨᠢ 66 ᠺᠢᠯᠣᠸᠠᠲ ᠤᠨ ᠴᠠᠬᠢᠯᠭᠠᠨ ᠬᠦᠴᠦᠳᠡᠯ ᠤᠨ ᠲᠠᠰ ᠤᠨ ᠵᠠᠯᠭᠠᠨ ᠣᠷᠣᠭᠤᠯᠬᠤ ᠰᠢᠰᠲ᠋ᠧᠮ ᠢᠶᠠᠷ ᠳᠡᠮᠵᠢᠨ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠠᠯᠠᠪᠤᠷ ᠤᠨ ᠬᠦᠴᠦᠳᠡᠯ ᠳᠡᠭᠡᠭᠰᠢᠯᠡᠭᠦᠯᠬᠦ ᠥᠷᠲᠡᠭᠡ ᠨᠢ 66 ᠺᠢᠯᠣᠸᠠᠲ ᠤᠨ ᠱᠤᠭᠤᠮ ᠢᠶᠠᠷ 66 ᠺᠢᠯᠣᠸᠠᠲ ᠤᠨ ᠴᠠᠬᠢᠯᠭᠠᠨ ᠬᠤᠪᠢᠰᠬᠠᠬᠤ ᠥᠷᠲᠡᠭᠡ ᠶᠢᠨ 66 ᠺᠢᠯᠣᠸᠠᠲ ᠤᠨ ᠬᠠᠵᠠᠭᠤ ᠳᠤ 1 ᠤᠳᠠᠭ᠎ᠠ ᠵᠠᠯᠭᠠᠨ ᠣᠷᠣᠭᠤᠯᠵᠤ᠂ ᠤᠲᠠᠰᠤᠨ ᠤ ᠣᠷᠳᠣ ᠨᠢ 8 ᠺᠢᠯᠣᠮᠧᠲᠷ ᠣᠷᠴᠢᠮ ᠪᠠᠶᠢᠳᠠᠭ᠃ ᠲᠣᠰ ᠲᠥᠷᠥᠯ  ᠵᠦᠢᠯ ᠤᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠨᠢ ᠴᠥᠮ ᠰᠢᠨ᠎ᠡ ᠪᠠᠷ ᠨᠡᠮᠡᠭᠳᠡᠭᠰᠡᠨ ᠠᠴᠢᠶ᠎ᠠ ᠠᠴᠠ ᠪᠥᠬᠦ ᠲᠤᠭ᠎ᠠ ᠪᠠᠷ ᠪᠠᠭᠲᠠᠭᠳᠠᠵᠤ᠂ ᠨᠡᠶᠢᠲᠡ ᠶᠢᠨ ᠲᠣᠣᠷᠵᠢᠯ ᠳᠤ ᠭᠡᠳᠡᠷᠭᠦ ᠴᠠᠬᠢᠯᠭᠠᠨ ᠬᠦᠷᠭᠡᠬᠦ ᠥᠬᠡᠶ ᠪᠠᠶᠢᠨ᠎ᠠ᠃ ᠵᠠᠯᠭᠠᠵᠤ ᠣᠷᠣᠭᠤᠯᠬᠤ ᠰᠢᠰᠲ᠋ᠧᠮ ᠤᠨ ᠲᠥᠰᠦᠯ ᠤᠨ ᠴᠣᠬᠤᠯᠠᠪᠤᠷᠢ ᠨᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠰᠢᠭᠯᠠᠯᠲᠠ ᠳᠤ ᠣᠷᠣᠭᠤᠯᠬᠤ ᠬᠤᠷᠳᠤᠴᠠ ᠶᠢ ᠶᠡᠭᠡ ᠪᠠᠷ ᠲᠦᠷᠭᠡᠳᠬᠡᠵᠦ᠂  ᠠᠣᠬᠠᠨ ᠬᠤᠰᠢᠭᠤᠨ ᠤ ᠰᠢᠨ᠎ᠡ ᠡᠨᠧᠷᠭᠢ ᠶᠢᠨ ᠬᠥᠭᠵᠢᠯᠲᠡ ᠳᠤ ᠰᠢᠨ᠎ᠡ ᠰᠣᠷᠭᠤᠭ ᠬᠦᠴᠦᠨ ᠢ ᠨᠡᠮᠡᠷᠢᠯᠡᠬᠦ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号