ᠰᠧ ᠳ᠋ᠤᠤ ᠸᠠᠨ ᠽᠢ ᠪᠠᠯᠭᠠᠰᠤ᠄ ᠬᠦᠴᠢᠷᠳᠡᠯ ᠲᠠᠢ ᠴᠡᠷᠢᠭ ᠠᠴᠠ ᠬᠠᠯᠠᠭᠳᠠᠭᠰᠠᠳ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ
ᠨᠡᠶᠢᠲᠡᠯᠡᠭᠰᠡᠨ ᠴᠠᠭ᠄
2023/12/18
    ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢ ᠦᠨᠡᠨ ᠬᠦ ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ ᠵᠢᠴᠢ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠬᠦ ᠶᠢᠨ ᠲᠥᠯᠥᠭᠡ᠂ ᠰᠧ ᠳ᠋ᠤᠤ ᠸᠠᠨ ᠽᠢ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠦᠷᠳᠡᠭᠡ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠦᠴᠢᠷᠳᠡᠯ ᠲᠠᠢ ᠴᠡᠷᠢᠭ ᠠᠴᠠ ᠬᠠᠯᠠᠭᠳᠠᠭᠰᠠᠳ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠠᠵᠢᠯ ᠢ ᠥᠷᠨᠢᠭᠦᠯᠪᠡ᠃    ᠪᠣᠯᠪᠠᠰᠤᠷᠠᠯ ᠤᠬᠠᠭᠤᠯᠭ᠎ᠠ ᠶᠢ ᠴᠢᠩᠭᠠᠳᠬᠠᠨ᠎ᠠ᠃ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠰᠦᠯᠵᠢᠶᠡᠨ ᠭᠠᠳᠠᠨᠠᠬᠢ ᠵᠢᠯᠣᠭᠤᠳᠣᠯᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠣᠰᠬᠤᠨ ᠤ ᠱᠠᠲᠤᠨ ᠤ ᠦᠢᠯᠡᠴᠢᠯᠡᠭᠡᠨ ᠤ ᠥᠷᠲᠡᠭᠡ ᠶᠢᠨ ᠠᠵᠢᠯᠲᠠᠨ ᠳᠤ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠶᠢ ᠭᠤᠶᠤᠴᠢᠯᠠᠬᠤ ᠨᠥᠬᠦᠴᠡᠯ᠂ ᠭᠤᠶᠤᠴᠢᠯᠠᠬᠤ ᠴᠤᠪᠤᠷᠠᠯ ᠵᠡᠷᠭᠡ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠣᠳᠣᠷᠬᠠᠶ ᠣᠶᠢᠯᠠᠭᠠᠭᠤᠯᠬᠤ ᠶᠢᠨ ᠬᠠᠮᠲᠤ ᠴᠡᠷᠢᠭ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ 800 ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃    ᠰᠠᠭᠤᠷᠢ ᠲᠤᠭ᠎ᠠ ᠶᠢ ᠪᠦᠬᠦ ᠲᠠᠯ᠎ᠠ ᠪᠠᠷ ᠣᠶᠢᠯᠠᠭᠠᠨ᠎ᠠ᠃ ᠪᠠᠯᠭᠠᠰᠤ᠂ ᠲᠣᠰᠬᠤᠨ ᠬᠤᠶᠠᠷ ᠱᠠᠲᠤᠨ ᠤ  ᠦᠢᠯᠡᠴᠢᠯᠡᠭᠡᠨ ᠤ ᠥᠷᠲᠡᠭᠡ ᠡᠩ ᠤᠨ ᠦᠶ᠎ᠡ ᠳᠤ ᠴᠡᠷᠢᠭ ᠠᠴᠠ ᠬᠠᠯᠠᠭᠳᠠᠭᠰᠠᠳ ᠤᠨ ᠵᠥᠪᠯᠡᠯᠭᠡ ᠥᠭᠬᠦ᠂ ᠪᠠᠶᠢᠩᠭᠤ ᠶᠢᠨ ᠴᠢᠨᠠᠷᠲᠠᠶ ᠬᠠᠷᠢᠯᠴᠠᠬᠤ᠂ ᠴᠡᠷᠢᠭ ᠠᠴᠠ ᠬᠠᠯᠠᠭᠳᠠᠭᠰᠠᠳ ᠤᠨ ᠪᠠᠶᠢᠳᠠᠯ ᠢ ᠣᠶᠢᠯᠠᠭᠠᠬᠤ ᠵᠡᠷᠭᠡ ᠠᠷᠭ᠎ᠠ ᠮᠠᠶ᠋ᠢᠭ ᠢᠶᠠᠷ ᠮᠡᠳᠡᠭᠡ ᠵᠠᠩᠭᠢ ᠴᠤᠭᠯᠠᠭᠤᠯᠬᠤ ᠶᠢ ᠴᠢᠬᠤᠯᠠᠴᠢᠯᠠᠵᠤ᠂ ᠴᠡᠷᠢᠭ ᠠᠴᠠ ᠬᠠᠯᠠᠭᠳᠠᠭᠰᠠᠳ ᠤᠨ ᠰᠡᠳᠬᠢᠯ ᠤᠨ ᠳᠠᠭᠤᠨ ᠢ ᠰᠣᠨᠣᠰᠴᠤ᠂ ᠪᠠᠴᠢᠮ ᠪᠡᠷᠬᠡ ᠵᠣᠪᠠᠨᠢᠯ ᠤᠨ ᠠᠰᠠᠭᠤᠳᠠᠯ ᠢ ᠠᠩᠬᠠᠷᠴᠤ᠂ ᠴᠡᠷᠢᠭ ᠠᠴᠠ ᠬᠠᠯᠠᠭᠳᠠᠭᠰᠠᠳ᠂ ᠠᠰᠠᠷᠠᠨ ᠬᠠᠷᠠᠭᠠᠯᠵᠠᠬᠤ ᠡᠲᠡᠭᠡᠳ ᠨᠡᠶᠢᠲᠡ 103 ᠬᠥᠮᠦᠨ ᠢ ᠡᠵᠡᠮᠰᠢᠵᠦ᠂ ᠲᠠᠰ ᠲᠥᠷᠥᠯ ᠬᠤᠪᠢᠶᠠᠨ ᠠᠵᠢᠯᠲᠠᠨ ᠤ ᠡᠬᠡ ᠲᠠᠩᠰᠠ ᠪᠠᠶᠢᠭᠤᠯᠵᠤ᠂ ᠪᠠᠶᠢᠳᠠᠯ ᠢ ᠲᠣᠳᠣᠷᠬᠠᠶ ᠪᠣᠯᠭᠠᠪᠠ᠃    ᠬᠢᠨᠠᠯᠲᠠ ᠶᠢᠨ ᠪᠣᠭᠤᠮᠲᠠ ᠶᠢ ᠴᠢᠩᠭᠠᠳᠬᠠᠨ᠎ᠠ᠃ ︽ᠠᠶᠤᠯ ᠠᠴᠠ ᠠᠪᠤᠷᠠᠨ ᠬᠦᠴᠢᠷ ᠠᠰᠠᠭᠤᠳᠠᠯ ᠢ ᠰᠢᠢᠳᠪᠦᠷᠢᠯᠡᠬᠦ︾ ᠵᠠᠷᠴᠢᠮ ᠶᠣᠰᠣᠭᠠᠷ᠂ ᠰᠧ ᠳ᠋ᠤᠤ ᠸᠠᠨ ᠽᠢ ᠪᠠᠯᠭᠠᠰᠤ ᠢᠮᠠᠭᠲᠠ ᠴᠢᠩᠭ᠎ᠠ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠶᠢ ᠪᠠᠷᠢᠮᠲᠠᠯᠠᠪᠠ᠃ ᠬᠤᠪᠢ ᠬᠥᠮᠦᠨ ᠠᠴᠠ ᠭᠤᠶᠤᠴᠢᠯᠠᠯ ᠳᠡᠪᠰᠢᠭᠦᠯᠬᠦ ᠠᠴᠠ ᠲᠣᠰᠬᠤᠨ ᠤ ᠠᠵᠢᠯᠲᠠᠨ ᠤ ᠠᠩᠬᠠᠨ ᠤ ᠬᠢᠨᠠᠯᠲᠠ᠂ ᠪᠠᠯᠭᠠᠰᠤᠨ ᠤ ᠦᠢᠯᠡᠴᠢᠯᠡᠭᠡᠨ ᠤ ᠥᠷᠲᠡᠭᠡ ᠠᠷᠠᠳ ᠤᠨ ᠶᠠᠪᠤᠳᠠᠯ ᠤᠨ ᠭᠠᠵᠠᠷ ᠲᠠᠢ ᠬᠠᠮᠵᠢᠯᠴᠠᠨ ᠰᠢᠰᠲ᠋ᠧᠮ ᠲᠠᠢ ᠪᠠᠷ ᠬᠢᠨᠠᠨ ᠪᠠᠶᠢᠴᠠᠭᠠᠬᠤ ᠪᠠ ᠲᠤᠬᠠᠶ ᠶᠢᠨ ᠭᠠᠵᠠᠷ ᠲᠤᠨᠢ ᠰᠤᠷᠪᠤᠯᠵᠢᠯᠠᠵᠤ᠂ ᠳᠠᠬᠢᠭᠠᠳ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠠᠬᠢᠨ ᠬᠢᠨᠠᠬᠤ ᠬᠦᠷᠲᠡᠯ᠎ᠡ᠂ ᠠᠪᠤᠷᠠᠨ ᠲᠤᠰᠠᠯᠠᠬᠤ ᠪᠠᠯᠠ ᠮᠥᠩᠭᠦ ᠶᠢ ᠬᠠᠮᠤᠭ ᠤᠨ ᠬᠠᠪᠰᠤᠷᠬᠤ ᠴᠢᠬᠤᠯᠠᠲᠠᠶ ᠬᠥᠮᠦᠨ ᠳᠤ ᠬᠡᠷᠡᠭᠯᠡᠬᠦ ᠶᠢ ᠪᠠᠲᠤᠯᠠᠵᠤ᠂ ᠨᠠᠷᠢᠯᠢᠭ  ᠣᠨᠤᠪᠴᠢᠲᠠᠢ ᠪᠠᠷ ᠬᠠᠪᠰᠤᠷᠤᠨ ᠲᠡᠳᠬᠦᠬᠦ ᠶᠢ ᠪᠡᠶᠡᠯᠡᠭᠦᠯᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号