ᠠᠣᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠢᠯ ᠢ ᠯᠠᠪᠳᠠᠭᠤᠨ ᠪᠠᠲᠤᠲᠠᠶ  ᠠᠬᠢᠭᠤᠯᠤᠨ᠎ᠠ
ᠨᠡᠶᠢᠲᠡᠯᠡᠭᠰᠡᠨ ᠴᠠᠭ᠄
2023/12/18
     ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠤᠯᠠᠭᠠᠨᠬᠠᠳᠠ ᠬᠤᠲᠠ ᠶᠢᠨ ᠲᠠᠷᠢᠶᠠᠯᠠᠩ ᠤᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠢᠯ ᠢ ᠲᠦᠷᠭᠡᠳᠬᠡᠨ ᠠᠬᠢᠭᠤᠯᠬᠤ ᠶᠢᠨ ᠲᠥᠯᠥᠭᠡ᠂  ᠠᠣᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠢᠯ ᠢ ᠭᠦᠨᠵᠡᠭᠡᠶ ᠠᠬᠢᠭᠤᠯᠪᠠ᠃ 2023 ᠣᠨ ᠳᠤ ᠦᠯᠡᠳᠡᠭᠳᠡᠯ  ᠰᠦᠯᠢᠶᠣᠣ ᠪᠦᠷᠬᠦᠪᠴᠢ  ᠶᠢ 4426.76 ᠲᠣᠨ ᠣᠷᠴᠢᠮ ᠲᠡᠭᠦᠵᠦ᠂ ᠦᠯᠡᠳᠡᠭᠳᠡᠯ  ᠰᠦᠯᠢᠶᠣᠣ ᠪᠦᠷᠬᠦᠪᠴᠢ ᠶᠢ ᠲᠡᠭᠦᠵᠦ ᠠᠪᠤᠭᠰᠠᠨ ᠨᠣᠷᠮ᠎ᠠ ᠨᠢ 85.01% ᠠᠴᠠ ᠳᠡᠭᠡᠭᠰᠢ ᠳᠤ  ᠬᠦᠷᠭᠡᠪᠡ᠃    ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠶᠢ ᠲᠦᠯᠬᠢᠨ ᠠᠬᠢᠭᠤᠯᠬᠤ ᠬᠡᠷᠡᠭᠲᠡᠶ ᠃ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠠᠣᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︽ᠤᠯᠠᠭᠠᠨᠬᠠᠳᠠ ᠬᠤᠲᠠ ᠶᠢᠨ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠭᠦᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠶᠢ ᠢᠳᠡᠪᠬᠢᠲᠡᠶ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠦᠴᠦᠨ ᠢ ᠬᠠᠮᠠᠭᠠᠯᠠᠨ ᠲᠠᠷᠬᠠᠭᠠᠬᠤ ᠬᠢᠭᠡᠳ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠭᠦᠯ ᠢ ᠲᠠᠷᠢᠶᠠᠨ ᠭᠠᠵᠠᠷ ᠠᠴᠠ ᠰᠠᠯᠭᠠᠬᠤ ᠲᠣᠭᠲᠠᠴᠠ ᠶᠢ ᠴᠢᠩᠭ᠎ᠠ ᠬᠡᠷᠡᠭᠵᠢᠭᠦᠯᠦᠨ᠎ᠡ᠃     ᠬᠤᠶᠠᠷ᠂ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠣᠯᠠᠨ ᠲᠠᠯ᠎ᠠ ᠠᠴᠠ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠬᠡᠷᠡᠭᠲᠡᠶ ᠃ 2023 ᠣᠨ ᠳᠤ᠂  ᠠᠣᠬᠠᠨ ᠬᠤᠰᠢᠭᠤ ᠵᠤᠵᠠᠭᠠᠨ ᠰᠦᠯᠢᠶᠣᠣ ᠪᠦᠷᠬᠦᠪᠴᠢ ᠶᠢ ᠬᠡᠷᠡᠭᠯᠡᠬᠦ ᠶᠢ ᠢᠳᠡᠪᠬᠢᠲᠡᠶ ᠳᠡᠯᠭᠡᠷᠡᠭᠦᠯᠵᠦ᠂ ᠰᠦᠯᠢᠶᠣᠣ ᠪᠦᠷᠬᠦᠪᠴᠢ ᠶᠢᠨ ᠵᠤᠵᠠᠭᠠᠨ ᠤ ᠬᠡᠮᠵᠢᠶ᠎ᠡ ᠶᠢ 0.008mm ᠪᠠᠶᠢᠭᠰᠠᠨ ᠠᠴᠠ 0.01mm ᠪᠣᠯᠭᠠᠨ ᠳᠡᠭᠡᠭᠰᠢᠯᠡᠭᠦᠯᠵᠦ᠂ ᠵᠤᠵᠠᠭᠠᠨ ᠰᠦᠯᠢᠶᠣᠣ ᠪᠦᠷᠬᠦᠪᠴᠢ ᠶᠢ 0.015mm ᠪᠣᠯᠭᠠᠨ ᠳᠡᠯᠭᠡᠷᠡᠭᠦᠯᠵᠦ᠂ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠪᠣᠯᠬᠤ ᠴᠢᠨᠠᠷ  ᠢ ᠨᠢ ᠪᠠᠲᠤᠯᠠᠨ᠎ᠠ᠃     ᠭᠤᠷᠪᠠ᠂ ᠰᠢᠯᠭᠠᠨ ᠠᠪᠬᠤ ᠲᠣᠭᠲᠠᠴᠠ ᠶᠢ ᠪᠦᠷᠢᠨᠰᠢᠭᠦᠯᠵᠦ᠂ ᠡᠯ᠎ᠡ ᠰᠠᠯᠠᠭ᠎ᠠ ᠮᠥᠴᠢᠷ ᠬᠠᠮᠲᠤᠷᠠᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ ᠃ ᠨᠥᠬᠦᠴᠡᠯ ᠪᠦᠷᠢᠳᠦᠭᠦᠯᠦᠭᠰᠡᠨ ᠰᠢᠶᠠᠩ ᠪᠠᠯᠭᠠᠰᠤ ᠶᠢ ᠵᠣᠷᠢᠭᠵᠢᠭᠤᠯᠵᠤ ᠪᠠᠶᠢᠭᠠᠳ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠲᠠᠢ ᠤᠶᠠᠯᠳᠤᠭᠤᠯᠤᠨ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠣᠷ ᠦᠭᠡᠢ ᠪᠣᠯᠭᠠᠬᠤ ᠠᠷᠭ᠎ᠠ ᠵᠠᠮ ᠢ ᠢᠳᠡᠪᠬᠢᠲᠡᠢ ᠥᠷᠭᠡᠳᠬᠡᠵᠦ᠂ ᠬᠠᠪᠤᠷ ᠤᠨ ᠲᠠᠷᠢᠶᠠᠯᠠᠭ᠎ᠠ ᠠᠴᠠ ᠡᠮᠦᠨᠡᠬᠢ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠤᠭᠰᠠᠨ ᠦᠷ᠎ᠡ ᠪᠦᠲᠦᠮᠵᠢ ᠶᠢ ᠲᠠᠷᠢᠶᠠᠨ ᠭᠠᠵᠠᠷ ᠤᠨ  ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠲᠠᠢ ᠬᠠᠷᠢᠯᠴᠠᠨ ᠬᠤᠯᠪᠣᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠦᠷᠬᠦᠭᠦᠯ ᠪᠦᠷᠬᠦᠭᠰᠡᠨ ᠲᠠᠷᠢᠶᠠᠨ ᠭᠠᠵᠠᠷ ᠤᠨ ᠦᠯᠡᠳᠡᠭᠳᠡᠯ ᠪᠦᠷᠬᠦᠪᠴᠢ ᠶᠢ ᠲᠠᠷᠢᠶᠠᠨ ᠭᠠᠵᠠᠷ ᠠᠴᠠ ᠰᠠᠯᠭᠠᠬᠤ ᠪᠠ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠲᠠᠬᠢᠨ ᠠᠰᠢᠭᠯᠠᠬᠤ ᠶᠢ ᠢᠳᠡᠪᠬᠢᠲᠡᠢ ᠪᠠᠷ ᠬᠥᠲᠥᠯᠥᠨ  ᠵᠢᠯᠤᠭᠤᠳᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号