ᠠᠤᠬᠠᠨ ᠤ ᠨᠠᠷᠢᠮᠤ 2023 ᠣᠨ ᠤ ᠭᠤᠷᠪᠠᠳᠤᠭᠠᠷ ᠪᠦᠯᠦᠭ ᠤᠨ ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2023/12/19
    ᠣᠶᠢᠷ᠎ᠠ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠠᠴᠠ 2023 ᠣᠨ ᠤ ᠭᠤᠷᠪᠠᠳᠤᠭᠠᠷ ᠪᠦᠯᠦᠭ ᠤᠨ ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ ᠤ ᠨᠡᠷᠡᠰ ᠤᠨ ᠵᠢᠭᠰᠠᠭᠠᠯᠲᠠ ᠶᠢ ᠵᠠᠷᠯᠠᠨ ᠨᠡᠶᠢᠲᠡᠯᠡᠵᠦ᠂  ᠠᠣᠬᠠᠨ ᠬᠤᠰᠢᠭᠤᠨ ᠤ ︽ᠠᠤᠬᠠᠨ ᠤ ᠨᠠᠷᠢᠮᠤ︾ ᠠᠮᠵᠢᠯᠲᠠ ᠲᠠᠢ ᠪᠠᠷ ᠰᠣᠩᠭᠤᠭᠳᠠᠪᠠ᠃    ᠪᠦᠬᠦ ᠤᠯᠤᠰ ᠤᠨ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠭᠡᠳᠡᠭ ᠨᠢ  ᠣᠨᠴᠠᠭᠠᠢ ᠲᠣᠭᠲᠠᠭᠰᠠᠨ ᠣᠷᠣᠨ ᠪᠦᠰᠡ ︵ᠵᠠᠷᠴᠢᠮ ᠤᠨ ᠲᠠᠯ᠎ᠠ ᠪᠠᠷ ᠰᠢᠶᠠᠨ ᠤ ᠬᠡᠪᠴᠢᠶ᠎ᠡ ᠪᠠᠷ ᠨᠢᠭᠡᠴᠢ ᠪᠣᠯᠭᠠᠵᠤ︶ ᠳᠣᠲᠣᠷᠠᠬᠢ ᠦᠢᠯᠡᠳᠪᠦᠷᠢᠯᠡᠯ᠂ ᠵᠣᠬᠢᠬᠤ ᠦᠢᠯᠡᠳᠪᠦᠷᠢᠯᠡᠯ ᠤᠨ ᠬᠡᠪᠴᠢᠶ᠎ᠡ ᠪᠠ ᠲᠠᠸᠠᠷ ᠤᠨ ᠬᠡᠮᠵᠢᠶ᠎ᠡ ᠶᠢ ᠪᠦᠷᠢᠯᠳᠦᠭᠦᠯᠦᠭᠰᠡᠨ᠂ ᠢᠯᠡᠷᠬᠡᠶ ᠣᠷᠣᠨ ᠪᠦᠰᠡ ᠶᠢᠨ ᠣᠨᠴᠠᠯᠢᠭ ᠪᠠ ᠥᠪᠡᠷᠮᠢᠴᠡ ᠰᠢᠮ᠎ᠡ ᠲᠡᠵᠢᠭᠡᠯ ᠤᠨ ᠶᠠᠰᠤ ᠴᠢᠨᠠᠷ ᠤᠨ ᠣᠨᠴᠠᠯᠢᠭ ᠲᠠᠢ᠂ ᠲᠣᠭᠲᠠᠭᠤᠨ ᠬᠠᠩᠭᠠᠯᠭ᠎ᠠ ᠶᠢᠨ ᠬᠡᠮᠵᠢᠶ᠎ᠡ ᠪᠠ ᠬᠡᠷᠡᠭᠯᠡᠭᠡᠨ ᠤ ᠵᠠᠬ᠎ᠠ ᠳᠡᠯᠭᠡᠭᠦᠷ᠂ ᠣᠯᠠᠨ ᠨᠡᠶᠢᠲᠡ ᠶᠢᠨ ᠮᠡᠳᠡᠷᠡᠮᠵᠢ ᠶᠢᠨ ᠬᠡᠮᠵᠢᠶ᠎ᠡ ᠪᠠ ᠠᠯᠳᠠᠷᠰᠢᠯ ᠤᠨ ᠬᠡᠮᠵᠢᠶ᠎ᠡ ᠨᠢ ᠥᠨᠳᠥᠷ ᠪᠠᠶᠢᠬᠤ ᠶᠢᠨ ᠬᠠᠮᠲᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠢᠶᠠᠷ ᠳᠠᠮᠵᠢᠭᠠᠳ ᠠᠯᠪᠠᠨ ᠵᠠᠷ ᠨᠡᠶᠢᠲᠡᠯᠡᠭᠰᠡᠨ ᠪᠠ ᠦᠨᠡᠮᠯᠡᠯ ᠬᠢᠨᠠᠨ ᠣᠯᠭᠤᠭᠰᠠᠨ ᠲᠠᠷᠢᠶᠠᠯᠠᠩ ᠤᠨ ᠪᠦᠲᠦᠭᠡᠭᠳᠡᠬᠦᠨ ᠢ ᠵᠢᠭᠠᠵᠤ ᠪᠤᠶ᠃ ᠰᠣᠩᠭᠤᠭᠳᠠᠭᠰᠠᠨ ᠦᠢᠯᠡᠳᠬᠦᠨ ᠨᠢ ᠪᠣᠭᠤᠳᠠᠯ ᠪᠠᠭᠯᠠᠭ᠎ᠠ ᠳᠡᠭᠡᠷ᠎ᠡ ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ ᠭᠡᠬᠦ ᠦᠰᠦᠭ ᠢ ᠲᠣᠳᠣᠷᠬᠠᠶᠢᠯᠠᠵᠤ᠂ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠪᠣᠯᠤᠨ᠎ᠠ᠃    ᠣᠶᠢᠷ᠎ᠠ ᠶᠢᠨ ᠵᠢᠯ ᠠᠴᠠ ᠨᠠᠰᠢ᠂ ᠠᠤᠬᠠᠨ ᠬᠤᠰᠢᠭᠤ ᠨᠠᠷᠢᠮᠤ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ︽ᠡᠭᠦᠯᠳᠡᠷ ᠢ ᠰᠢᠯᠢᠳᠡᠭᠵᠢᠭᠦᠯᠬᠦ᠂ ᠰᠠᠭᠤᠷᠢᠨ ᠭᠠᠵᠠᠷ ᠢ ᠥᠷᠭᠡᠳᠬᠡᠬᠦ ᠂ ᠬᠡᠯᠬᠢᠶ᠎ᠡ ᠶᠢ ᠤᠷᠲᠤᠳᠬᠠᠬᠤ᠂ ᠨᠠᠷᠠᠲᠤ ᠲᠥᠷᠥᠯ ᠲᠡᠮᠳᠡᠭᠲᠦ ᠶᠢ ᠬᠦᠴᠦᠷᠬᠡᠭᠵᠢᠭᠦᠯᠬᠦ︾ ᠬᠥᠭᠵᠢᠯᠲᠡ ᠶᠢᠨ ᠰᠡᠳᠬᠢᠮᠵᠢ ᠶᠢ ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ ᠬᠤᠪᠢᠷᠠᠭᠤᠯᠬᠤ︾᠂ ᠲᠤᠬᠠᠶᠢᠯᠠᠪᠠᠯ ᠲᠠᠷᠢᠮᠠᠯ ᠢ ᠬᠡᠪᠴᠢᠶᠡᠵᠢᠭᠦᠯᠬᠦ᠂ ᠦᠢᠯᠡᠳᠪᠦᠷᠢᠯᠡᠯ ᠢ ᠪᠠᠷᠢᠮᠵᠢᠶᠠᠵᠢᠭᠤᠯᠬᠤ᠂ ᠡᠵᠡᠩᠨᠡᠨ ᠪᠣᠷᠣᠯᠠᠭᠤᠯᠬᠤ ᠶᠢ ᠣᠯᠠᠨ ᠡᠰᠢᠵᠢᠭᠦᠯᠬᠦ᠂ ᠤᠬᠠᠭᠤᠯᠭ᠎ᠠ ᠶᠢ ᠪᠣᠰᠤᠭ᠎ᠠ ᠴᠣᠭᠴᠠᠵᠢᠭᠤᠯᠬᠤ᠂ ᠨᠠᠷᠠᠲᠤ ᠲᠥᠷᠥᠯ ᠲᠡᠮᠳᠡᠭᠲᠦ ᠶᠢ ᠵᠢᠷᠤᠮᠵᠢᠭᠤᠯᠬᠤ᠂ ᠬᠢᠨᠠᠯᠲᠠ ᠬᠠᠮᠢᠶᠠᠷᠤᠯᠲᠠ ᠶᠢ ᠪᠠᠶᠢᠩᠭᠤᠵᠢᠭᠤᠯᠬᠤ ᠪᠠᠷ ᠬᠦᠴᠦᠯᠡᠬᠦ ᠴᠡᠭ ᠪᠣᠯᠭᠠᠬᠤ ᠶᠢ ᠪᠠᠷᠢᠮᠲᠠᠯᠠᠵᠤ᠂ ︽ᠳᠡᠯᠡᠬᠡᠶ ᠶᠢᠨ ᠨᠠᠷᠢᠮᠤ ᠶᠢᠨ ᠨᠤᠲᠤᠭ︾ ᠢ ᠦᠷᠭᠦᠯᠵᠢᠯᠡᠨ ᠪᠥᠲᠥᠭᠡᠨ ᠪᠠᠶᠢᠭᠤᠯᠵᠤ ᠬᠥᠭᠵᠢᠭᠦᠯᠪᠡ᠃    ᠲᠣᠰ ᠤᠳᠠᠭᠠᠨ ᠤ ︽ᠠᠤᠬᠠᠨ ᠤ ᠨᠠᠷᠢᠮᠤ︾ ᠶᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠭᠤᠯᠵᠤ᠂  ᠠᠣᠬᠠᠨ ᠬᠤᠰᠢᠭᠤᠨ ᠤ ᠨᠠᠷᠢᠮᠤ ᠶᠢᠨ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ᠂ ᠪᠥᠬᠦ ᠬᠤᠰᠢᠭᠤᠨ ᠤ ᠨᠠᠷᠢᠮᠤ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号