ᠠᠣᠬᠠᠨ ᠬᠤᠰᠢᠭᠤᠨ ᠤ 6 ᠠᠵᠤ ᠠᠬᠤᠶᠢᠯᠠᠯ ᠨᠢ ᠬᠤᠳᠠ ᠶᠢᠨ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠢᠶᠠᠷ ᠲᠤᠭᠳᠠᠭᠠᠪᠠ
ᠨᠡᠶᠢᠲᠡᠯᠡᠭᠰᠡᠨ ᠴᠠᠭ᠄
2023/12/19
    ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠡᠵᠡᠩᠨᠡᠯᠲᠡ ᠪᠠ ᠬᠥᠲᠥᠴᠢ ᠠᠵᠤ ᠠᠬᠤᠶᠢᠯᠠᠯ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠠᠵᠤ ᠠᠬᠤᠶᠢᠯᠠᠯ ᠢᠶᠠᠷ ᠭᠤᠶᠤᠴᠢᠯᠠᠨ ᠮᠡᠳᠡᠭᠦᠯᠬᠦ᠂ ᠠᠣᠬᠠᠨ ᠬᠤᠰᠢᠭᠤᠨ ᠤ ᠵᠠᠰᠠᠭ ᠤᠨ ᠣᠷᠳᠣᠨ ᠠᠴᠠ ᠲᠠᠨᠢᠯᠴᠠᠭᠤᠯᠬᠤ᠂ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠰᠬᠠᠶ ᠮᠡᠷᠭᠡᠵᠢᠯᠲᠡᠨ ᠤ ᠬᠢᠨᠠᠨ ᠰᠢᠯᠭᠠᠷᠠᠭᠤᠯᠤᠯᠲᠠ᠂ ᠰᠦᠯᠵᠢᠶᠡᠨ ᠳᠡᠭᠡᠷ᠎ᠡ ᠵᠠᠷᠯᠠᠨ ᠨᠡᠶᠢᠲᠡᠯᠡᠬᠦ ᠵᠡᠷᠭᠡ ᠭᠤᠭᠴᠤᠭ᠎ᠠ ᠪᠠᠷ ᠳᠡᠮᠵᠢᠨ᠂ ᠠᠣᠬᠠᠨ ᠬᠤᠰᠢᠭᠤᠨ ᠤ 6 ᠠᠵᠤ ᠠᠬᠤᠶᠢᠯᠠᠯ᠄ ᠱᠢ ᠶᠤᠸᠠᠢ ᠳ᠋ᠤᠤ ᠲᠢᠶᠠᠨ ︵ᠠᠤᠬᠠᠨ ᠬᠤᠰᠢᠭᠤ︶ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠠᠤᠬᠠᠨ ᠤ ᠬᠤᠩ ᠶᠤᠸᠠᠨ ᠠᠮᠤ ᠪᠤᠳᠠᠭᠠᠨ ᠤ ᠦᠢᠯᠡᠰ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠬᠤᠲᠠ ᠶᠢᠨ ᠶᠢᠨ ᠴᠢᠦ ᠰᠢᠶᠠᠩ ᠠᠮᠤ ᠪᠤᠳᠠᠭᠠᠨ ᠤ ᠦᠢᠯᠡᠰ ᠤᠨ ᠬᠢᠵᠠᠭᠠᠷᠲᠤ ᠺᠣᠮᠫᠠᠨᠢ᠂ ᠠᠤᠬᠠᠨ ᠬᠤᠰᠢᠭᠤᠨ ᠤ ᠳ᠋ᠠ ᠾᠧ ᠲᠠᠷᠢᠶᠠᠯᠠᠩ ᠤᠨ ᠦᠢᠯᠡᠰ ᠤᠨ ᠰᠤᠳᠤᠯᠤᠨ ᠨᠡᠭᠡᠭᠡᠬᠦ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠪᠠ ᠴᠢᠶᠠᠨ ᠰᠦ᠋ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠠᠤᠬᠠᠨ ᠬᠤᠰᠢᠭᠤᠨ ᠤ ᠯᠦᠩ ᠰᠢᠩ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ︵ᠪᠦᠯᠦᠭᠯᠡᠯ︶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢᠶᠠᠷ  ᠲᠣᠭᠲᠠᠭᠠᠪᠠ᠃    ᠣᠶᠢᠷ᠎ᠠ ᠶᠢᠨ ᠵᠢᠯ ᠠᠴᠠ ᠨᠠᠰᠢ᠂ ᠠᠣᠬᠠᠨ ᠬᠤᠰᠢᠭᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠵᠢᠯᠣᠭᠤᠳᠣᠯᠭ᠎ᠠ ᠦᠢᠯᠡᠴᠢᠯᠡᠭᠡ ᠪᠠᠨ ᠴᠢᠩᠭᠠᠳᠬᠠᠨ᠂ ᠠᠵᠤ ᠠᠬᠤᠶᠢᠯᠠᠯ ᠤᠨ ᠬᠥᠭᠵᠢᠯᠲᠡ ᠳᠤ ᠰᠢᠯᠢᠳᠡᠭ ᠰᠠᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠬᠥᠲᠥᠴᠢ ᠠᠵᠤ ᠠᠬᠤᠶᠢᠯᠠᠯ ᠤᠨ ᠡᠩᠨᠡᠭᠡ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠣᠲᠣ ᠪᠣᠯᠲᠠᠯ᠎ᠠ᠂ ᠠᠣᠬᠠᠨ ᠬᠤᠰᠢᠭᠤᠨ ᠳᠤ ᠬᠤᠲᠠ ᠶᠢᠨ ᠱᠠᠲᠤᠨ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ 32 ᠪᠠᠶᠢᠵᠤ᠂ ᠡᠭᠦᠨ ᠳᠤ ᠤᠯᠤᠰ ᠤᠨ ᠲᠠᠰ ᠤᠨ ᠬᠥᠲᠥᠴᠢ ᠠᠵᠤ ᠠᠬᠤᠶᠢᠯᠠᠯ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠲᠥᠴᠢ ᠠᠵᠤ ᠠᠬᠤᠶᠢᠯᠠᠯ 12᠂ ᠬᠤᠲᠠ ᠶᠢᠨ ᠲᠠᠰ ᠤᠨ ᠬᠥᠲᠥᠴᠢ ᠠᠵᠤ ᠠᠬᠤᠶᠢᠯᠠᠯ 19 ᠪᠣᠶ᠃    ᠲᠠᠷᠠᠭᠠᠴᠢ ᠶᠢᠨ ᠠᠯᠬᠤᠮ ᠳᠤ᠂ ᠠᠣᠬᠠᠨ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠠᠵᠤ  ᠦᠢᠯᠡᠰᠵᠢᠭᠰᠡᠨ ᠬᠥᠲᠥᠴᠢ ᠠᠵᠤ ᠠᠬᠤᠶᠢᠯᠠᠯ ᠤᠨ ᠡᠩᠨᠡᠭᠡ ᠶᠢ ᠦᠷᠭᠦᠯᠵᠢᠯᠡᠨ ᠢᠳᠡᠪᠬᠢᠲᠡᠶ ᠪᠤᠶᠢᠵᠢᠭᠤᠯᠤᠨ ᠪᠤᠵᠠᠭᠠᠶᠢᠷᠠᠭᠤᠯᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠤᠨ ᠠᠵᠤ ᠦᠢᠯᠡᠰ ᠤᠨ ᠬᠥᠭᠵᠢᠯᠲᠡ ᠳᠠᠬᠢ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠣᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号