ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠵᠢᠷᠭᠤᠳᠤᠭᠠᠷ ᠤᠳᠠᠭᠠᠨ ᠤ ᠬᠤᠷᠠᠯ ᠬᠢᠪᠠ
ᠨᠡᠶᠢᠲᠡᠯᠡᠭᠰᠡᠨ ᠴᠠᠭ᠄
2023/12/19
 C:\Users\Administrator\Desktop\1.jpg    12 ᠰᠠᠷ᠎ᠠ ᠶᠢᠨ 18 ᠤ ᠡᠳᠦᠷ᠂ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ
ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠧ ᠰᠢᠤ ᠯᠢ᠂ ᠳᠡᠳ᠋ ᠡᠷᠬᠢᠯᠡᠭᠴᠢ ᠯᠢ ᠮᠢᠩ ᠢᠦᠶ᠂ ᠷᠧᠨ ᠸᠧᠶ᠂ ᠹᠧᠩ ᠶᠦᠨ ᠾᠦᠢ᠂ ᠵᠣᠣ ᠴᠠᠩ ᠱᠠᠨ ᠵᠢᠴᠢ ᠭᠡᠰᠢᠭᠦᠨ ᠨᠡᠶᠢᠲᠡ 22 ᠬᠥᠮᠦᠨ ᠬᠤᠷᠠᠯ ᠳᠤ ᠣᠷᠣᠯᠴᠠᠵᠠᠶ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠮᠢᠩ ᠢᠦᠶ ᠬᠤᠷᠠᠯ ᠡᠷᠭᠢᠯᠡᠪᠡ᠃    ᠬᠤᠷᠠᠯ ᠠᠴᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ᠂ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ᠂ ᠪᠥᠬᠦ ᠬᠤᠰᠢᠭᠤᠨ ᠤ ᠤᠯᠤᠰ ᠤᠨ ᠦᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ᠂ ᠪᠥᠬᠦ ᠬᠤᠰᠢᠭᠤᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ ︵ᠲᠥᠰᠦᠯ︶ ᠶᠢ ᠰᠣᠨᠣᠰᠴᠤ ᠬᠢᠨᠠᠨ ᠵᠥᠪᠯᠡᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2023 ᠣᠨ ᠤ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠢ ᠵᠥᠪᠰᠢᠶᠡᠷᠡᠬᠦ ᠲᠤᠬᠠᠶ ᠲᠣᠭᠲᠠᠭᠠᠯ ᠢ ᠪᠠᠲᠤᠯᠠᠪᠠ᠃ ᠬᠤᠷᠠᠯ ᠠᠴᠠ ᠣᠨᠴᠠ ᠵᠠᠷᠢᠮ ᠭᠡᠰᠢᠭᠦᠨ᠂ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠤᠴᠢᠷ ᠶᠠᠪᠤᠳᠠᠯ ᠢ ᠬᠢᠨᠠᠨ ᠵᠥᠪᠯᠡᠵᠦ ᠪᠠᠲᠤᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠪᠠᠶᠢᠩᠭᠤ ᠶᠢᠨ ᠬᠤᠷᠢᠶᠠᠨ ᠤ ᠲᠣᠮᠢᠯᠠᠭᠰᠠᠨ ᠬᠥᠮᠦᠰ ᠪᠣᠯᠤᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 2023 ᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠰᠢᠯᠭᠠᠨ ᠦᠨᠡᠯᠡᠪᠡ᠃ ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠲᠥᠰᠦᠯ ᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠵᠠᠢ᠃    ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠧ ᠰᠢᠤ ᠯᠢ ᠪᠠᠶᠢᠩᠭᠤ ᠶᠢᠨ ᠬᠤᠷᠢᠶᠠᠨ ᠤ ᠪᠥᠬᠦ ᠵᠢᠯ ᠤᠨ ᠠᠵᠢᠯ ᠳᠤ ᠳ᠋ᠦᠩᠨᠡᠯᠲᠡ ᠶᠢᠨ ᠶᠠᠷᠢᠶ᠎ᠠ ᠲᠠᠯᠪᠢᠬᠤ ᠶᠢᠨ ᠬᠠᠮᠲᠤ ᠂ 2024 ᠣᠨ ᠤ ᠬᠤᠯᠪᠣᠭᠳᠠᠯ ᠪᠥᠬᠦᠶ ᠠᠵᠢᠯ ᠳᠤ ᠪᠠᠶᠢᠷᠢᠯᠠᠭᠤᠯᠤᠯᠲᠠ ᠬᠢᠪᠠ᠃ ᠲᠡᠷᠡ᠂ ᠨᠢᠭᠡ ᠵᠢᠯ ᠤᠨ ᠲᠤᠷᠰᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ ᠪᠠᠲᠤᠯᠠᠪᠠ᠃ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠴᠢᠩᠭ᠎ᠠ ᠡᠵᠡᠮᠳᠡᠵᠦ᠂ ᠵᠥᠪ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠪᠠᠷᠢᠮᠳᠠᠯᠠᠪᠠ᠃ ᠲᠥᠯᠥᠭᠡᠯᠡᠭᠴᠢᠳ ᠤᠨ ᠴᠢᠳᠠᠪᠤᠷᠢ ᠶᠢ ᠳᠡᠭᠡᠭᠰᠢᠯᠡᠭᠦᠯᠬᠦ ᠪᠠ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ ᠶᠢ ᠢᠮᠠᠭᠲᠠ ᠴᠢᠬᠤᠯᠠᠴᠢᠯᠠᠵᠤ᠂ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠡᠮᠵᠢᠨ ᠪᠠᠲᠤᠯᠠᠵᠤ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠤᠨ ᠡᠮᠬᠢ ᠵᠢᠷᠤᠮ ᠲᠠᠢ ᠠᠵᠢᠯᠯᠠᠭᠠᠨ ᠢ ᠵᠢᠷᠤᠮᠵᠢᠭᠤᠯᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠪᠠᠳᠠᠨ ᠰᠢᠢᠳᠪᠦᠷᠢᠯᠡᠭᠦᠯᠬᠦ ᠡᠷᠴᠢᠮ ᠢ ᠴᠢᠩᠭᠠᠷᠠᠭᠤᠯᠪᠠ᠃ ︽ᠳᠥᠷᠪᠡᠨ ᠪᠠᠶᠢᠭᠤᠯᠭ᠎ᠠ︾ ᠶᠢᠨ ᠪᠠᠶᠢᠷᠢ ᠲᠣᠭᠲᠠᠭᠠᠯᠲᠠ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ᠂ ᠰᠤᠷᠲᠠᠯ ᠰᠠᠬᠢᠯᠭ᠎ᠠ ᠪᠠᠲᠤ ᠶᠢᠨ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠲᠦᠷᠢᠮ ᠤᠨ ᠪᠠᠶᠢᠭᠤᠯᠤᠯᠲᠠ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠪᠠᠷᠢᠮᠳᠠᠯᠠᠪᠠ ᠭᠡᠪᠡ᠃ ᠶᠧ ᠰᠢᠤ ᠯᠢ  ᠠᠴᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠪᠣᠯᠤᠨ ᠰᠢᠶᠠᠩ ᠪᠠᠯᠭᠠᠰᠤ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠤ᠂ ᠭᠡᠰᠢᠭᠦᠳ ᠡᠭᠦᠷᠭᠡ ᠲᠤᠰᠢᠶᠠᠯ ᠢᠶᠠᠨ ᠭᠦᠢᠴᠡᠳᠭᠡᠬᠦ ᠤᠬᠠᠮᠰᠠᠷ ᠢᠶᠠᠨ ᠴᠢᠩᠭᠠᠳᠬᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠱᠠᠭᠠᠷᠳᠠᠯᠭ᠎ᠠ ᠶᠣᠰᠣᠭᠠᠷ ᠡᠯ᠎ᠡ ᠲᠥᠷᠥᠯ ᠤᠨ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠵᠤ᠂ ᠨᠠᠷᠢᠨ ᠬᠢᠨᠠᠮᠠᠭᠠᠶ ᠬᠢᠨᠠᠨ ᠵᠥᠪᠯᠡᠬᠦ ᠶᠠᠷᠢᠶ᠎ᠠ ᠲᠠᠯᠪᠢᠵᠤ᠂ ᠰᠢᠨᠵᠢᠯᠡᠬᠦ ᠤᠬᠠᠭᠠᠨᠴᠢ ᠪᠥᠭᠡᠳ ᠣᠨᠣᠪᠴᠢᠲᠠᠶ ᠬᠢᠨᠠᠨ ᠵᠥᠪᠯᠡᠬᠦ ᠰᠠᠨᠠᠯ ᠳᠤᠷᠠᠳᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠬᠤᠷᠢᠶᠠᠨ ᠤ ᠭᠤᠤᠯ ᠠᠵᠢᠯ ᠤᠨ ᠲᠣᠭᠤᠷᠢᠨ ᠳᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠢᠳᠡᠪᠬᠢᠵᠢᠯ ᠢ ᠳᠠᠶᠢᠴᠢᠯᠠᠵᠤ᠂ ᠲᠥᠯᠥᠭᠡᠯᠡᠭᠴᠢᠳ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠡᠯ᠎ᠡ ᠲᠥᠷᠥᠯ ᠤᠨ ᠠᠵᠢᠯᠯᠠᠭ᠎ᠠ ᠶᠢ ᠥᠷᠨᠢᠭᠦᠯᠵᠦ᠂ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠪᠡ᠃ ᠬᠠᠮᠤᠭ ᠰᠡᠭᠦᠯ ᠳᠤ᠂ ᠶᠧ ᠰᠢᠤ ᠯᠢ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠢ ᠰᠠᠶᠢᠲᠤᠷ ᠪᠡᠯᠡᠳᠬᠡᠬᠦ ᠲᠤᠬᠠᠢ ᠪᠠᠶᠢᠷᠢᠯᠠᠭᠤᠯᠤᠯᠲᠠ ᠬᠢᠵᠡᠢ᠃    ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠢ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠦᠩ ᠹᠦ᠋᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠯᠢ ᠰᠢᠤ ᠬᠤᠸᠠ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠯᠢᠦ ᠳ᠋ᠡ ᠶᠦᠩ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠬᠤᠰᠢᠭᠤᠨ ᠤ ᠪᠠᠶᠢᠴᠠᠭᠠᠬᠤ ᠬᠤᠷᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠠᠤᠬᠠᠨ ᠬᠤᠰᠢᠭᠤᠨ ᠤ ᠬᠤᠪᠢᠶᠠᠷᠢ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠪᠢᠰᠢ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号