ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
ᠨᠡᠶᠢᠲᠡᠯᠡᠭᠰᠡᠨ ᠴᠠᠭ᠄
2023/12/19
                 ᠨᠢᠭᠡ᠂ ᠭᠤᠣᠯ ᠡᠭᠦᠷᠭᠡ ᠲᠤᠰᠢᠶᠠᠯ    ︵ᠨᠢᠭᠡ︶ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ    ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠪᠣᠯ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠤᠤᠯᠯᠠᠨ ᠬᠠᠮᠢᠶᠠᠷᠴᠤ ᠪᠠᠶᠢᠭ᠎ᠠ ᠦᠢᠯᠡᠴᠢᠯᠡᠭᠡᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠦᠢᠯᠡᠴᠢᠯᠡᠭᠡᠨ ᠤ ᠬᠥᠭᠵᠢᠯᠲᠡ᠂ ᠦᠢᠯᠡᠴᠢᠯᠡᠭᠡᠨ ᠤ ᠨᠠᠶᠢᠳᠠᠪᠤᠷᠢᠵᠢᠭᠤᠯᠤᠯᠲᠠ ᠶᠢ ᠶᠡᠷᠦᠩᠬᠡᠶᠢᠯᠡᠨ ᠵᠣᠬᠢᠴᠠᠭᠤᠯᠬᠤ ᠰᠠᠯᠠᠭ᠎ᠠ ᠮᠥᠴᠢᠷ ᠪᠣᠯᠤᠨ᠎ᠠ᠃    ︵ᠬᠤᠶᠠᠷ︶ ᠰᠠᠯᠠᠭ᠎ᠠ ᠮᠥᠴᠢᠷ  ᠤᠨ ᠭᠤᠣᠯ ᠡᠭᠦᠷᠭᠡ ᠬᠠᠷᠢᠭᠤᠴᠠᠯᠭ᠎ᠠ    ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠬᠠᠮᠵᠢᠨ ᠬᠤᠰᠢᠭᠤᠨ ᠤ ᠵᠠᠰᠠᠭ ᠤᠨ ᠣᠷᠳᠣᠨ ᠪᠠ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠨᠡᠷ᠎ᠡ ᠪᠠᠷ ᠲᠠᠷᠬᠠᠭᠠᠭᠰᠠᠨ ᠪᠢᠴᠢᠭ ᠮᠠᠲ᠋ᠧᠷᠢᠶᠠᠯ ᠪᠠ ᠬᠠᠮᠢᠶ᠎ᠠ ᠪᠥᠬᠦᠶ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠬᠤ᠂ ᠬᠢᠨᠠᠨ ᠬᠠᠷᠭᠤᠭᠤᠯᠬᠤ ᠠᠵᠢᠯ ᠢ ᠵᠣᠬᠢᠶᠠᠨ ᠪᠠᠶᠢᠭᠤᠯᠤᠨ᠎ᠠ︔ ᠡᠯ᠎ᠡ ᠲᠥᠷᠥᠯ ᠤᠨ ᠠᠯᠪᠠᠨ ᠪᠢᠴᠢᠭ ᠢ ᠭᠦᠢᠴᠡᠳᠬᠡᠬᠦ ᠪᠠ ᠬᠤᠰᠢᠭᠤᠨ ᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠲᠠᠩᠰᠠ ᠡᠪᠬᠡᠮᠡᠯ᠂ ᠨᠢᠭᠤᠴᠠ ᠶᠢ ᠬᠠᠮᠠᠭᠠᠯᠠᠬᠤ᠂ ᠪᠢᠴᠢᠭ ᠲᠠᠮᠠᠭ᠎ᠠ᠂ ᠴᠢᠮᠡᠭᠡ ᠨᠡᠪᠲᠡᠷᠡᠯᠭᠡ ᠵᠡᠷᠭᠡ ᠠᠵᠢᠯ ᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠬᠤᠷᠠᠯ ᠤᠨ ᠶᠠᠪᠤᠳᠠᠯ ᠢ ᠵᠣᠬᠢᠶᠠᠨ ᠪᠠᠶᠢᠭᠤᠯᠬᠤ ᠠᠵᠢᠯ ᠢ ᠬᠠᠷᠢᠭᠤᠴᠠᠨ᠎ᠠ᠃ ᠶᠠᠷᠢᠶᠠᠨ ᠤ ᠡᠬᠡ ᠨᠤᠤᠷᠠᠭ ᠵᠢᠴᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠲᠤᠭᠤᠷᠪᠢᠬᠤ᠂ ᠬᠢᠨᠠᠨ ᠵᠠᠰᠠᠬᠤ ᠪᠠ ᠬᠤᠷᠠᠯ ᠤᠨ ᠲᠣᠪᠴᠢ ᠶᠢ ᠡᠮᠬᠢᠳᠬᠡᠨ ᠨᠠᠶᠢᠷᠠᠭᠤᠯᠬᠤ ᠠᠵᠢᠯ ᠢ ᠬᠠᠷᠢᠭᠤᠴᠠᠨ ᠤᠳᠤᠷᠢᠳᠤᠨ᠎ᠠ︔ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠲᠥᠷᠥᠯ ᠤᠨ ᠪᠢᠴᠢᠭ ᠮᠠᠲ᠋ᠧᠷᠢᠶᠠᠯ᠂ ᠬᠤᠷᠠᠯ ᠤᠨ ᠮᠠᠲ᠋ᠧᠷᠢᠶᠠᠯ ᠤᠨ ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠨ ᠡᠯ᠎ᠡ ᠰᠢᠶᠠᠩ ᠪᠠᠯᠭᠠᠰᠤ ᠰᠤᠮᠤ ᠶᠢᠨ ᠠᠷᠠᠳ ᠤᠨ ᠵᠠᠰᠠᠭ ᠤᠨ ᠣᠷᠳᠣᠨ᠂ ᠬᠡᠷᠡᠭ ᠡᠷᠬᠢᠯᠡᠬᠦ ᠭᠠᠵᠠᠷ ᠤᠨ ᠬᠤᠰᠢᠭᠤᠨ ᠤ ᠵᠠᠰᠠᠭ ᠤᠨ ᠣᠷᠳᠣᠨ ᠠᠴᠠ ᠵᠢᠭᠠᠪᠤᠷᠢ ᠠᠪᠤᠭᠰᠠᠨ ᠪᠤᠶᠤ ᠲᠤᠰᠬᠠᠭᠰᠠᠨ ᠠᠰᠠᠭᠤᠳᠠᠯ ᠢ ᠰᠤᠳᠤᠯᠵᠤ᠂ ᠬᠢᠨᠠᠨ ᠬᠠᠷᠭᠤᠭᠤᠯᠵᠤ ᠰᠢᠢᠳᠪᠦᠷᠢᠯᠡᠬᠦ ᠰᠠᠨᠠᠯ ᠢᠶᠠᠨ ᠳᠤᠷᠠᠳᠴᠤ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ︔ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠠᠷᠭᠤᠭᠠᠨ ᠲᠠᠢ ᠵᠦᠢᠯ ᠳᠤ ᠰᠢᠢᠳᠪᠦᠷᠢᠯᠡᠬᠦ ᠰᠠᠨᠠᠯ ᠳᠤᠷᠠᠳᠴᠤ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠮᠡᠳᠡᠭᠦᠯᠦᠨ ᠰᠤᠳᠤᠯᠤᠨ ᠲᠣᠭᠲᠠᠭᠠᠯᠭᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠶᠡᠷᠦᠩᠬᠡᠶ ᠵᠢᠵᠢᠭᠦᠷ ᠤᠨ ᠲᠠᠰᠤᠭ ᠪᠠ ᠬᠤᠰᠢᠭᠤᠨ ᠳᠠᠷᠤᠭ᠎ᠠ ᠶᠢᠨ ᠢᠯᠡ ᠳ᠋ᠢᠶᠠᠩᠬᠤᠸᠠ ᠶᠢᠨ ᠠᠯᠪᠠᠨ ᠬᠡᠷ ᠤᠨ ᠠᠵᠢᠯ ᠢ ᠬᠠᠷᠢᠭᠤᠴᠠᠵᠤ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠶᠢ ᠬᠠᠮᠵᠢᠨ ᠬᠤᠰᠢᠭᠤᠨ ᠤ ᠵᠠᠰᠠᠭ ᠤᠨ ᠣᠷᠳᠣᠨ ᠤ ᠰᠢᠭᠤᠳ  ᠰᠢᠢᠳᠪᠦᠷᠢᠯᠡᠬᠦ ᠴᠢᠬᠤᠯᠠᠲᠠᠶ ᠭᠡᠨᠡᠳᠲᠡ ᠶᠢᠨ ᠬᠡᠷᠡᠭ ᠪᠠ ᠴᠢᠬᠤᠯᠠ ᠶᠡᠭᠡ  ᠵᠦᠢᠯᠡᠰ ᠢ ᠵᠣᠬᠢᠶᠠᠨ ᠪᠠᠶᠢᠭᠤᠯᠤᠨ  ᠰᠢᠢᠳᠪᠦᠷᠢᠯᠡᠨ᠎ᠡ᠃ ᠡᠯ᠎ᠡ ᠰᠢᠶᠠᠩ ᠪᠠᠯᠭᠠᠰᠤ ᠰᠤᠮᠤ ︵ᠬᠡᠷᠡᠭ ᠡᠷᠬᠢᠯᠡᠬᠦ ᠭᠠᠵᠠᠷ︶ ᠪᠣᠯᠤᠨ ᠬᠤᠰᠢᠭᠤᠨ ᠤ ᠵᠠᠰᠠᠭ ᠤᠨ ᠣᠷᠳᠣᠨ ᠤ ᠬᠠᠷᠢᠶ᠎ᠠ ᠡᠯ᠎ᠡ ᠰᠠᠯᠠᠭ᠎ᠠ ᠮᠥᠴᠢᠷ ᠤᠨ ᠠᠯᠪᠠᠨ ᠠᠵᠢᠯ ᠤᠨ ᠠᠦ᠋ᠲ᠋ᠣᠴᠢᠯᠠᠯᠲᠠ ᠶᠢᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠣᠯᠤᠨ ᠡᠯ᠎ᠡ ᠰᠢᠶᠠᠩ ᠪᠠᠯᠭᠠᠰᠤ ᠰᠤᠮᠤ ᠶᠢᠨ ᠠᠷᠠᠳ ᠤᠨ ᠵᠠᠰᠠᠭ ᠤᠨ ᠣᠷᠳᠣᠨ᠂ ᠬᠡᠷᠡᠭ ᠡᠷᠬᠢᠯᠡᠬᠦ ᠭᠠᠵᠠᠷ ᠤᠨ ᠬᠤᠰᠢᠭᠤᠨ ᠤ ᠵᠠᠰᠠᠭ ᠤᠨ ᠣᠷᠳᠣᠨ ᠤ ᠡᠯ᠎ᠡ  ᠵᠦᠢᠯ ᠤᠨ ᠰᠢᠢᠳᠪᠦᠷᠢ᠂ ᠲᠣᠭᠲᠠᠭᠠᠯ᠂ ᠴᠢᠬᠤᠯᠠ ᠠᠵᠢᠯ ᠤᠨ ᠪᠠᠶᠢᠷᠢᠯᠠᠭᠤᠯᠤᠯᠲᠠ ᠪᠣᠯᠤᠨ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠢᠬᠤᠯᠠ ᠴᠣᠬᠤᠯᠠᠪᠤᠷᠢ ᠶᠢ  ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢᠨ ᠬᠠᠮᠲᠤ᠂ ᠴᠠᠭ ᠲᠤᠬᠠᠶ ᠳᠤᠨᠢ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠪᠠᠶᠢᠳᠠᠯ ᠢᠶᠠᠨ ᠮᠡᠳᠡᠭᠦᠯᠵᠦ᠂ ᠰᠠᠨᠠᠭᠤᠯᠭ᠎ᠠ ᠳᠤᠷᠠᠳᠤᠨ᠎ᠠ︔ ᠵᠠᠰᠠᠭ ᠤᠨ ᠣᠷᠳᠣᠨ ᠤ ᠰᠢᠰᠲ᠋ᠧᠮ ᠤᠨ ᠡᠭᠦᠷᠭᠡᠯᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠠᠵᠢᠯ ᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠮᠢᠶᠠᠷᠬᠤ᠂ ᠰᠢᠮᠳᠠᠭᠤᠯᠬᠤ ᠪᠠ ᠪᠠᠶᠢᠴᠠᠭᠠᠬᠤ ᠶᠢ ᠬᠠᠷᠢᠭᠤᠴᠠᠨ᠎ᠠ᠃ ᠲᠡᠷᠭᠡ ᠬᠥᠰᠬᠡ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠠᠵᠢᠯ ᠢ ᠬᠤᠰᠢᠭᠤᠨ ᠤ ᠵᠠᠰᠠᠭ ᠤᠨ ᠣᠷᠳᠣᠨ ᠪᠣᠯᠤᠨ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠶᠠᠪᠤᠳᠠᠯ ᠤᠳ ᠢ ᠪᠡᠶᠡᠯᠡᠭᠦᠯᠦᠨ᠎ᠡ᠃       ᠪᠠᠶᠢᠭᠤᠯᠤᠮᠵᠢ ᠶᠢᠨ ᠪᠠᠶᠢᠷᠢᠯᠠᠭᠤᠯᠤᠯᠲᠠ    ᠲᠥᠰᠦᠪ ᠤᠨ ᠨᠢᠭᠡᠴᠢ ᠶᠢᠨ ᠪᠦᠷᠢᠯᠳᠦᠯ ᠠᠴᠠ ᠦᠵᠡᠪᠡᠯ᠂ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠰᠠᠯᠠᠭ᠎ᠠ ᠮᠥᠴᠢᠷ ᠤᠨ ᠲᠥᠰᠦᠪ ᠲᠤ᠄ ᠲᠣᠰ ᠱᠠᠲᠤᠨ ᠤ ᠲᠥᠰᠦᠪ ᠪᠠ ᠰᠢᠭᠤᠳ ᠬᠠᠷᠢᠶ᠎ᠠ ᠠᠵᠢᠯ  ᠦᠢᠯᠡᠰ ᠤᠨ  ᠨᠢᠭᠡᠴᠢ ᠶᠢᠨ ᠲᠥᠰᠦᠪ ᠪᠠᠭᠲᠠᠨ᠎ᠠ᠃    ︵ᠨᠢᠭᠡ︶ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠲᠤ ᠳᠣᠤᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠪᠠᠶᠢᠭᠤᠯᠤᠨ᠎ᠠ᠄    1. ᠵᠠᠰᠠᠭ ᠤᠨ ᠶᠠᠪᠤᠳᠠᠯ ᠤᠨ ᠨᠢᠭᠡᠳᠦᠭᠡᠷ ᠲᠠᠰᠤᠭ᠃ ᠳᠡᠭᠡᠳᠦ ᠱᠠᠲᠤ ᠵᠢᠴᠢ ᠬᠤᠰᠢᠭᠤᠨ ᠤ ᠲᠣᠰ ᠱᠠᠲᠤᠨ ᠤ ᠬᠤᠯᠪᠣᠭᠳᠠᠯ ᠪᠥᠬᠦᠶ ᠬᠤᠷᠠᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠠᠵᠢᠯ ᠢ ᠬᠠᠷᠢᠭᠤᠴᠠᠨ᠎ᠠ᠃     2. ᠵᠠᠰᠠᠭ ᠤᠨ ᠶᠠᠪᠤᠳᠠᠯ ᠤᠨ ᠬᠤᠶᠠᠳᠤᠭᠠᠷ ᠲᠠᠰᠤᠭ᠃ ᠬᠤᠰᠢᠭᠤᠨ ᠤ ᠵᠠᠰᠠᠭ ᠤᠨ ᠣᠷᠳᠣᠨ ᠵᠢᠴᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢ ᠬᠤᠷᠢᠶᠠᠨ ᠳᠠᠮᠵᠢᠭᠤᠯᠬᠤ ᠠᠵᠢᠯᠯᠠᠭᠠᠨ᠂ ᠨᠣᠤᠷᠠᠭᠯᠠᠵᠤ ᠬᠢᠨᠠᠨ ᠬᠠᠷᠭᠤᠭᠤᠯᠬᠤ ᠵᠢᠴᠢ ᠪᠢᠴᠢᠭ ᠲᠠᠩᠰᠠ ᠡᠪᠬᠡᠮᠡᠯ ᠤᠨ ᠬᠠᠮᠢᠶᠠᠷᠤᠯᠲᠠ᠂ ᠨᠢᠭᠤᠴᠠ ᠴᠢᠬᠤᠯᠠ ᠮᠡᠳᠡᠭᠡ ᠬᠤᠯᠪᠣᠭ᠎ᠠ᠂ ᠨᠢᠭᠤᠴᠠ ᠶᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠵᠢᠴᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠬᠡᠪᠯᠡᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠳᠠᠭᠠᠭᠠᠨ ᠡᠷᠭᠢᠯᠡᠬᠦ᠂ ᠪᠢᠴᠢᠭ ᠮᠠᠲ᠋ᠧᠷᠢᠶᠠᠯ ᠢ  ᠰᠢᠢᠳᠪᠦᠷᠢᠯᠡᠬᠦ ᠵᠢᠴᠢ ᠪᠤᠰᠤᠳ ᠡᠳᠦᠷ ᠲᠤᠲᠤᠮ ᠤᠨ ᠴᠢᠨᠠᠷᠲᠠᠶ ᠠᠵᠢᠯ ᠢ ᠵᠣᠬᠢᠴᠠᠭᠤᠯᠬᠤ᠂ ᠲᠣᠬᠢᠷᠠᠭᠤᠯᠬᠤ᠂ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃    3. ᠵᠠᠰᠠᠭ ᠤᠨ ᠶᠠᠪᠤᠳᠠᠯ ᠤᠨ  ᠭᠤᠷᠪᠠᠳᠤᠭᠠᠷ ᠲᠠᠰᠤᠭ᠃ ᠲᠠᠷᠢᠶᠠᠯᠠᠩ ᠮᠠᠯ ᠠᠵᠤ ᠠᠬᠤᠶ ᠪᠠ ᠲᠠᠷᠢᠶᠠᠯᠠᠬᠤ ᠮᠠᠯᠵᠢᠬᠤ ᠣᠷᠣᠨ᠂ ᠤᠰᠤᠨ ᠠᠰᠢᠭᠯᠠᠯᠲᠠ᠂ ᠣᠶ ᠰᠢᠭᠤᠶ ᠪᠠ ᠨᠤᠲᠤᠭ ᠪᠡᠯᠴᠢᠭᠡᠷ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ᠂ ᠠᠷᠠᠳ ᠤᠨ ᠶᠠᠪᠤᠳᠠᠯ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ᠂ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠵᠠᠮ ᠬᠠᠷᠢᠯᠴᠠᠭ᠎ᠠ ᠲᠡᠭᠡᠭᠡᠪᠦᠷᠢ᠂ ᠡᠨᠧᠷᠭᠢ ᠵᠡᠷᠭᠡ ᠲᠠᠯ᠎ᠠ ᠶᠢᠨ ᠡᠬᠡ ᠪᠢᠴᠢᠭ᠂ ᠬᠤᠷᠠᠯ ᠤᠨ ᠶᠠᠪᠤᠳᠠᠯ᠂ ᠪᠠᠶᠢᠴᠠᠭᠠᠨ ᠰᠤᠳᠤᠯᠬᠤ᠂ ᠵᠣᠬᠢᠴᠠᠭᠤᠯᠬᠤ᠂ ᠰᠢᠮᠳᠠᠭᠤᠯᠤᠨ ᠭᠦᠢᠴᠡᠳᠬᠡᠬᠦ ᠵᠡᠷᠭᠡ ᠠᠵᠢᠯ ᠢ   ᠭᠦᠢᠴᠡᠳᠬᠡᠨ᠎ᠡ᠃    4. ᠰᠢᠮᠳᠠᠭᠤᠯᠤᠨ ᠪᠠᠶᠢᠴᠠᠭᠠᠬᠤ ᠲᠠᠰᠤᠭ ︵ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠲᠠᠰᠤᠭ︶ ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠪᠢᠴᠢᠭ ᠪᠠ ᠬᠤᠷᠠᠯ ᠢᠶᠠᠷ ᠲᠣᠭᠲᠠᠭᠠᠭᠰᠠᠨ ᠵᠦᠢᠯᠡᠰ ᠵᠢᠴᠢ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠬᠠᠮᠢᠶ᠎ᠠ ᠪᠥᠬᠦᠶ ᠵᠢᠭᠠᠪᠤᠷᠢ᠂ ᠴᠣᠬᠤᠯᠠᠪᠤᠷᠢ ᠶᠢ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠵᠤ᠂ ᠴᠠᠭ ᠲᠤᠬᠠᠶ ᠳᠤᠨᠢ ᠬᠤᠰᠢᠭᠤᠨ ᠤ ᠵᠠᠰᠠᠭ ᠤᠨ ᠣᠷᠳᠣᠨ ᠪᠠ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠮᠡᠳᠡᠭᠦᠯᠦᠨ᠎ᠡ᠃ ᠬᠤᠰᠢᠭᠤᠨ ᠤ ᠵᠠᠰᠠᠭ ᠤᠨ ᠣᠷᠳᠣᠨ ᠤ ᠡᠭᠦᠷᠭᠡᠯᠡᠵᠦ ᠪᠠᠶᠢᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ  ᠭᠦᠢᠴᠡᠳᠬᠡᠬᠦ ᠠᠵᠢᠯ ᠢ ᠬᠠᠷᠢᠭᠤᠴᠠᠨ᠎ᠠ ᠃    5. ᠶᠡᠷᠦᠩᠬᠡᠶ ᠵᠢᠵᠢᠭᠦᠷ ᠤᠨ ᠲᠠᠰᠤᠭ ︵ᠬᠤᠰᠢᠭᠤᠨ ᠳᠠᠷᠤᠭ᠎ᠠ ᠶᠢᠨ ᠢᠯᠡ ᠳ᠋ᠢᠶᠠᠩᠬᠤᠸᠠ ᠶᠢᠨ ᠠᠯᠪᠠᠨ ᠬᠡᠷ︶᠃ ᠬᠤᠰᠢᠭᠤᠨ ᠤ ᠵᠠᠰᠠᠭ ᠤᠨ ᠣᠷᠳᠣᠨ ᠤ ᠶᠡᠷᠦᠩᠬᠡᠶ ᠵᠢᠵᠢᠭᠦᠷ ᠤᠨ ᠠᠵᠢᠯ ᠢ ᠡᠭᠦᠷᠭᠡᠯᠡᠵᠦ᠂ ᠬᠤᠰᠢᠭᠤᠨ ᠳᠣᠲᠣᠷᠠᠬᠢ ᠬᠠᠮᠢᠶ᠎ᠠ ᠪᠥᠬᠦᠶ ᠴᠢᠬᠤᠯᠠ ᠶᠡᠭᠡ ᠪᠠᠶᠢᠳᠠᠯ ᠪᠠ ᠬᠥᠳᠡᠯᠦᠯ ᠪᠠᠶᠢᠳᠠᠯ ᠢ ᠴᠠᠭ ᠲᠤᠬᠠᠶ ᠳᠤᠨᠢ ᠡᠵᠡᠮᠰᠢᠨ ᠮᠡᠳᠡᠭᠦᠯᠵᠦ᠂ ᠬᠤᠰᠢᠭᠤᠨ ᠤ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠭᠰᠡᠨ ᠪᠠᠴᠢᠮ ᠴᠢᠬᠤᠯᠠ  ᠵᠦᠢᠯᠡᠰ ᠢ  ᠭᠦᠢᠴᠡᠳᠬᠡᠵᠦ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠢᠭᠠᠪᠤᠷᠢ ᠶᠢ ᠳᠠᠮᠵᠢᠭᠤᠯᠬᠤ ᠪᠠ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃    6. ᠮᠡᠳᠡᠭᠡ ᠵᠠᠩᠭᠢ ᠶᠢᠨ ᠪᠠᠶᠢᠴᠠᠭᠠᠨ ᠰᠤᠳᠤᠯᠤᠯᠲᠠ ᠶᠢᠨ ᠲᠠᠰᠤᠭ ︵ᠣᠷᠴᠢᠭᠤᠯᠤᠭᠴᠢ᠂ ᠰᠣᠨᠢᠨ ᠮᠡᠳᠡᠭᠡᠨ ᠤ ᠤᠬᠠᠭᠤᠯᠭ᠎ᠠ ᠪᠠ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠬᠡᠷ︶᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠤ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠪᠠᠶᠢᠴᠠᠭᠠᠨ ᠰᠤᠳᠤᠯᠬᠤ᠂ ᠰᠣᠯᠢᠯᠴᠠᠬᠤ᠂ ᠪᠣᠯᠪᠠᠰᠤᠷᠠᠭᠤᠯᠬᠤ ᠪᠠ ᠰᠢᠯᠭᠠᠨ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠬᠤᠰᠢᠭᠤᠨ ᠤ ᠵᠠᠰᠠᠭ ᠤᠨ ᠣᠷᠳᠣᠨ ᠤ ᠴᠢᠬᠤᠯᠠ ᠶᠡᠭᠡ ᠰᠡᠳᠦᠪ ᠤᠨ ᠪᠠᠶᠢᠴᠠᠭᠠᠨ ᠰᠤᠳᠤᠯᠤᠯᠲᠠ ᠶᠢ ᠬᠠᠷᠢᠭᠤᠴᠠᠵᠤ᠂ ᠪᠠᠶᠢᠴᠠᠭᠠᠨ ᠰᠤᠳᠤᠯᠤᠯᠲᠠ ᠶᠢᠨ ᠮᠠᠲ᠋ᠧᠷᠢᠶᠠᠯ ᠢ ᠨᠠᠶᠢᠷᠠᠭᠤᠯᠤᠨ᠎ᠠ᠃    7. ᠭᠠᠳᠠᠭᠠᠳᠤ ᠶᠠᠪᠤᠳᠠᠯ ᠤᠨ ᠲᠠᠰᠤᠭ᠃ ᠬᠤᠰᠢᠭᠤᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠠᠯᠪᠠᠨ ᠬᠡᠷ ᠤᠨ ᠪᠣᠳᠠᠲᠠᠶ ᠠᠵᠢᠯ ᠢ ᠡᠭᠦᠷᠭᠡᠯᠡᠨ᠎ᠡ᠃ ᠪᠥᠬᠦ ᠬᠤᠰᠢᠭᠤᠨ ᠤ ᠭᠠᠳᠠᠭᠠᠳᠤ ᠶᠠᠪᠤᠳᠠᠯ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠵᠤ᠂ ᠭᠠᠳᠠᠭᠠᠳᠤ ᠶᠠᠪᠤᠳᠠᠯ ᠤᠨ ᠠᠵᠢᠯ ᠤᠨ ᠰᠠᠨᠠᠭᠤᠯᠭ᠎ᠠ᠂ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠨ᠎ᠠ᠃    8. ᠠᠵᠢᠯᠳᠠᠨ ᠢ ᠬᠠᠮᠢᠶᠠᠷᠬᠤ ᠵᠠᠰᠠᠭ ᠵᠠᠬᠢᠷᠭᠠᠨ ᠤ ᠲᠠᠰᠤᠭ᠃ ᠪᠠᠶᠢᠭᠤᠯᠭ᠎ᠠ ᠵᠢᠴᠢ ᠲᠡᠭᠦᠨ ᠤ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠪᠠ ᠬᠥᠮᠦᠵᠢᠯ ᠪᠣᠯᠪᠠᠰᠤᠷᠠᠯ ᠤᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ᠂ ᠡᠳ᠋ ᠬᠥᠷᠥᠩᠭᠡ ᠶᠢᠨ ᠬᠠᠮᠢᠶᠠᠷᠤᠯᠲᠠ ᠪᠠ ᠭᠥᠯᠢᠶᠡᠨ ᠠᠪᠴᠤ ᠬᠠᠷᠢᠯᠴᠠᠬᠤ ᠵᠡᠷᠭᠡ ᠠᠵᠢᠯ ᠶᠠᠪᠤᠳᠠᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ ᠃    ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ᠃ ᠪᠠᠶᠢᠭᠤᠯᠭ᠎ᠠ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠤᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ᠃    ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ    ︵ᠨᠢᠭᠡ︶ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠰᠠᠯᠠᠭ᠎ᠠ ᠮᠥᠴᠢᠷ ᠤᠨ ᠪᠠᠶᠢᠭᠤᠯᠤᠮᠵᠢ ᠵᠢᠴᠢ ᠠᠵᠢᠯᠲᠠᠨ ᠤ ᠦᠨᠳᠦᠰᠦᠨ ᠪᠠᠶᠢᠳᠠᠯ    ᠲᠣᠰ ᠱᠠᠲᠤ ᠵᠢᠴᠢ ᠳᠣᠤᠷ᠎ᠠ ᠨᠢ ᠲᠤᠰᠠᠭᠠᠷ ᠲᠥᠰᠦᠪ ᠤᠨ ᠨᠢᠭᠡᠴᠢ ᠨᠡᠶᠢᠲᠡ 1 ᠪᠣᠶ᠂ ᠡᠭᠦᠨ ᠳᠤ᠄ ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ ᠵᠠᠰᠠᠭ ᠵᠠᠬᠢᠷᠭᠠᠨ ᠤ  ᠨᠢᠭᠡᠴᠢ 1 ᠪᠣᠶ᠂ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠬᠤ ᠠᠵᠢᠯ  ᠦᠢᠯᠡᠰ ᠤᠨ  ᠨᠢᠭᠡᠴᠢ 0᠂ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ  ᠦᠢᠯᠡᠰ ᠤᠨ  ᠨᠢᠭᠡᠴᠢ 1᠂ ᠨᠡᠶᠢᠲᠡ ᠶᠢᠨ ᠠᠰᠠᠷᠠᠮᠵᠢ ᠶᠢᠨ ᠬᠤᠶᠠᠳᠤᠭᠠᠷ ᠲᠥᠷᠥᠯ ᠤᠨ ᠠᠵᠢᠯ  ᠦᠢᠯᠡᠰ ᠤᠨ  ᠨᠢᠭᠡᠴᠢ 0 ᠪᠣᠶ᠃    ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 37 ᠬᠥᠮᠦᠨ ᠲᠠᠢ᠂ ᠠᠵᠢᠯ  ᠦᠢᠯᠡᠰ ᠤᠨ ᠣᠷᠣᠨ ᠲᠤᠭ᠎ᠠ 17 ᠬᠥᠮᠦᠨ ᠪᠣᠶ᠃    ᠣᠳᠣᠬᠠᠨ ᠳᠤ ᠵᠠᠰᠠᠭ ᠵᠠᠬᠢᠷᠭᠠᠨ ᠤ ᠲᠠᠯ᠎ᠠ ᠪᠠᠷ ᠪᠣᠳᠠᠲᠠᠶ 37 ᠬᠥᠮᠦᠨ ᠲᠠᠢ᠂ ᠠᠵᠢᠯ ᠦᠢᠯᠡᠰ ᠤᠨ  ᠣᠷᠤᠨ ᠲᠤᠭ᠎ᠠ 17 ᠬᠥᠮᠦᠨ᠂ ᠠᠵᠢᠯ ᠠᠴᠠ ᠪᠠᠨ ᠰᠠᠯᠵᠤ ᠠᠮᠠᠷᠠᠭᠰᠠᠨ 1 ᠬᠥᠮᠦᠨ᠂ ᠨᠥᠭᠴᠢᠭᠰᠡᠳ ᠤᠨ ᠬᠡᠷ ᠪᠦᠯᠢ ᠶᠢᠨ ᠬᠢᠨ 2 ᠬᠥᠮᠦᠨ ᠪᠠᠶᠢᠨ᠎ᠠ᠃    ᠠᠵᠢᠯᠯᠠᠬᠤ ᠬᠠᠶ᠋ᠢᠭ᠄ ᠠᠤᠬᠠᠨ ᠬᠤᠰᠢᠭᠤᠨ ᠤ ᠾᠧ ᠳ᠋ᠦᠩ ᠰᠢᠨ᠎ᠡ ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ 4  ᠳ᠋ᠦ᠋ᠭᠡᠷ  ᠠᠰᠠᠷ    ᠠᠵᠢᠯᠯᠠᠬᠤ ᠴᠠᠭ᠄ ᠦᠳᠡ ᠶᠢᠨ ᠡᠮᠦᠨ᠎ᠡ 8᠄ 30 — 12᠄ 00᠂ ᠦᠳᠡ ᠶᠢᠨ ᠬᠤᠶᠢᠨ᠎ᠠ 2᠄ 30 — 5᠄ 30    ᠬᠠᠷᠢᠯᠴᠠᠬᠤ ᠬᠡᠯᠪᠡᠷᠢ᠄ 0476 — 4321000    ᠬᠠᠷᠢᠭᠤᠴᠠᠯᠭᠠᠲᠠᠨ᠄  ᠠᠣᠬᠠᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠡᠷᠬᠢᠯᠡᠭᠴᠢ
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号