︽ᠠᠤᠬᠠᠨ ᠬᠤᠰᠢᠭᠤᠨ ᠤ ᠠᠷᠠᠯᠵᠢᠶᠠᠴᠢᠨ ᠤᠷᠢᠵᠤ ᠪᠠᠯᠠ  ᠲᠠᠲᠠᠬᠤ ᠶᠢ ᠱᠠᠩᠨᠠᠬᠤ ᠲᠦᠷ ᠬᠡᠷᠡᠭᠵᠢᠭᠦᠯᠬᠦ ᠠᠷᠭ᠎ᠠ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/22
     ᠠᠣᠬᠠᠨ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠲᠠᠲᠠᠬᠤ  ᠡᠷᠴᠢᠮ ᠢ ᠴᠢᠩᠭᠠᠷᠠᠭᠤᠯᠵᠤ᠂ ᠠᠷᠠᠯᠵᠢᠶᠠᠴᠢᠨ ᠤᠷᠢᠵᠤ ᠪᠠᠯᠠ  ᠲᠠᠲᠠᠬᠤ  ᠠᠷᠭ᠎ᠠ ᠵᠠᠮ ᠢ ᠥᠷᠭᠡᠳᠬᠡᠨ᠂ ᠨᠡᠶᠢᠭᠡᠮ ᠤᠨ ᠡᠯ᠎ᠡ ᠡᠲᠡᠭᠡᠳ ᠤᠨ ᠠᠷᠠᠯᠵᠢᠶᠠᠴᠢᠨ ᠤᠷᠢᠵᠤ ᠪᠠᠯᠠ  ᠲᠠᠲᠠᠬᠤ  ᠠᠵᠢᠯ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠬᠤ ᠶᠢᠨ ᠲᠥᠯᠥᠭᠡ᠂ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ︽ᠠᠤᠬᠠᠨ ᠬᠤᠰᠢᠭᠤᠨ ᠤ ᠠᠷᠠᠯᠵᠢᠶᠠᠴᠢᠨ ᠤᠷᠢᠵᠤ ᠪᠠᠯᠠ  ᠲᠠᠲᠠᠬᠤ  ᠶᠢ ᠱᠠᠩᠨᠠᠬᠤ ᠲᠦᠷ ᠬᠡᠷᠡᠭᠵᠢᠭᠦᠯᠬᠦ ᠠᠷᠭ᠎ᠠ︾ ᠶᠢ ᠨᠡᠶᠢᠲᠡᠯᠡᠪᠡ᠃ ᠡᠳᠦᠭᠡ ᠠᠷᠭ᠎ᠠ ᠳᠤᠤᠷᠠᠬᠢ ᠮᠡᠲᠦ ᠲᠠᠶᠢᠯᠤᠮᠵᠢ ᠬᠢᠶ᠎ᠠ᠄    ᠨᠢᠭᠡ᠂ ᠱᠠᠩᠨᠠᠬᠤ ᠵᠦᠢᠯᠡᠰ ᠤᠨ ᠬᠦᠷᠢᠶ᠎ᠡ ᠬᠡᠪᠴᠢᠶ᠎ᠡ ᠨᠢ ᠶᠠᠭᠤ ᠪᠣᠢ︖    2022 ᠣᠨ ᠤ 1 ᠰᠠᠷ᠎ᠠ ᠶᠢᠨ 1 ᠤ ᠡᠳᠦᠷ ᠠᠴᠠ ᠂ ᠪᠥᠬᠦ ᠬᠤᠰᠢᠭᠤᠨ ᠤ ᠬᠠᠷᠢᠶ᠎ᠠ ᠣᠷᠣᠨ ᠳᠤ ᠪᠦᠲᠦᠮᠵᠢᠲᠡᠶ ᠪᠠᠯᠠ ᠣᠷᠣᠭᠤᠯᠤᠯᠲᠠ ᠶᠢᠨ ᠲᠠᠩ ᠴᠣᠭᠴᠠ ᠶᠢᠨ ᠬᠤᠶᠠᠷ᠂ ᠭᠤᠷᠪᠠᠳᠤᠭᠠᠷ ᠠᠵᠤ ᠦᠢᠯᠡᠰ ᠤᠨ ᠲᠥᠷᠥᠯ ᠵᠦᠢᠯ ᠢ ᠪᠣᠶ ᠪᠣᠯᠭᠠᠬᠤ ᠪᠤᠶᠤ ᠪᠥᠬᠦ ᠬᠤᠰᠢᠭᠤᠨ ᠤ ᠣᠲᠣ ᠶᠢᠨ ᠪᠠᠶᠢᠭ᠎ᠠ ᠠᠵᠤ ᠠᠬᠤᠶᠢᠯᠠᠯ ᠢ ᠳᠠᠬᠢᠨ ᠵᠣᠬᠢᠶᠠᠨ ᠪᠠᠶᠢᠭᠤᠯᠬᠤ ᠶᠢᠨ ᠬᠠᠮᠲᠤ ᠥᠷᠭᠡᠳᠬᠡᠨ ᠳᠠᠬᠢᠨ ᠦᠢᠯᠡᠳᠪᠦᠷᠢᠯᠡᠬᠦ ᠲᠥᠷᠥᠯ ᠵᠦᠢᠯ ︵ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠤᠨ ᠲᠥᠷᠥᠯ ᠵᠦᠢᠯ᠂ ᠤᠯᠠᠮᠵᠢᠯᠠᠯᠲᠤ ᠬᠤᠳᠠᠯᠳᠤᠭᠠᠨ ᠤ ᠲᠠᠯᠠᠪᠤᠷ ᠤᠨ ᠲᠥᠷᠥᠯ ᠤᠨ ᠲᠥᠷᠥᠯ ᠵᠦᠢᠯ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠥᠷᠥᠯ ᠤᠨ ᠲᠥᠷᠥᠯ ᠵᠦᠢᠯ᠂ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠥᠷᠥᠯ ᠤᠨ ᠲᠥᠷᠥᠯ ᠵᠦᠢᠯ ᠪᠠᠭᠲᠠᠬᠤ ᠥᠬᠡᠶ︶ ᠢ ᠪᠣᠶ ᠪᠣᠯᠭᠠᠨ᠎ᠠ᠃    ᠬᠤᠶᠠᠷ᠂ ᠪᠡᠯᠡ  ᠲᠠᠲᠠᠭᠴᠢ ᠶᠢ ᠱᠠᠩᠨᠠᠬᠤ ᠬᠡᠪᠴᠢᠶ᠎ᠡ ᠨᠢ ᠶᠠᠭᠤ ᠪᠣᠢ︖    ᠲᠣᠰ ᠠᠷᠭ᠎ᠠ ᠳᠤ ᠬᠡᠯᠡᠵᠦ ᠪᠠᠶᠢᠭ᠎ᠠ ᠪᠠᠯᠠ ᠲᠠᠲᠠᠨ ᠠᠪᠴᠢᠷᠠᠬᠤ ᠭᠡᠳᠡᠭ ᠨᠢ ᠭᠠᠳᠠᠷ ᠣᠷᠣᠨ ᠤ ᠪᠠᠯᠠ ᠣᠷᠣᠭᠤᠯᠤᠭᠴᠢ ᠶᠢᠨ ᠠᠤᠬᠠᠨ ᠬᠤᠰᠢᠭᠤᠨ ᠳᠤ ᠪᠠᠯᠠ ᠣᠷᠣᠭᠤᠯᠤᠨ ᠪᠥᠲᠥᠭᠡᠨ ᠪᠠᠶᠢᠭᠤᠯᠬᠤ ᠲᠥᠷᠥᠯ ᠵᠦᠢᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠪᠠᠶᠢᠭᠠᠯᠢ ᠬᠥᠮᠦᠨ ᠢ ᠲᠠᠨᠢᠯᠴᠠᠭᠤᠯᠬᠤ ᠶᠢ ᠵᠢᠭᠠᠵᠤ ᠪᠣᠶ᠂ ᠠᠯᠪᠠᠨ ᠠᠵᠢᠯᠲᠠᠨ ᠢ ᠪᠠᠭᠲᠠᠭᠠᠬᠤ ᠥᠬᠡᠶ᠃    ᠭᠤᠷᠪᠠ᠂ ᠱᠠᠩᠨᠠᠬᠤ ᠪᠠᠷᠢᠮᠵᠢᠶ᠎ᠠ ᠨᠢ ᠶᠠᠭᠤ ᠪᠤᠢ︖    ᠨᠢᠭᠡ ᠯᠡ ᠤᠳᠠᠭ᠎ᠠ  ᠶᠢᠨ ᠴᠢᠨᠠᠷᠲᠠᠢ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠨᠢ 1000 ᠲᠦᠮᠡᠨ ᠲᠥᠭᠦᠷᠢᠭ ᠠᠴᠠ 3000 ᠲᠦᠮᠡᠨ ᠲᠦᠭᠦᠷᠢᠭ ︵3000 ᠲᠦᠮᠡᠨ ᠲᠥᠭᠦᠷᠢᠭ ᠢ ᠪᠠᠭᠲᠠᠭᠠᠨ᠎ᠠ︶  ᠪᠠᠶᠢᠪᠠᠯ᠂ ᠠᠷᠠᠳ ᠤᠨ ᠵᠣᠭᠤᠰ ᠢᠶᠠᠷ 10 ᠲᠦᠮᠡᠨ ᠲᠥᠭᠦᠷᠢᠭ ︵ᠭᠠᠶᠢᠯᠢ ᠶᠢ  ᠪᠠᠭᠲᠠᠭᠠᠨ᠎ᠠ︶  ᠢᠶᠠᠷ ᠱᠠᠩᠨᠠᠵᠤ︔ ᠨᠢᠭᠡ ᠯᠠ ᠤᠳᠠᠭ᠎ᠠ ᠶᠢᠨ ᠴᠢᠨᠠᠷᠲᠠᠶ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 3000 ᠲᠦᠮᠡᠨ ᠲᠥᠭᠦᠷᠢᠭ ᠠᠴᠠ ᠳᠡᠭᠡᠭᠰᠢ — 5000 ᠲᠦᠮᠡᠨ ᠲᠥᠭᠦᠷᠢᠭ ︵5000 ᠲᠦᠮᠡᠨ ᠲᠥᠭᠦᠷᠢᠭ ᠪᠠᠭᠲᠠᠨ᠎ᠠ︶ ᠪᠠᠶᠢᠪᠠᠯ᠂ ᠠᠷᠠᠳ ᠤᠨ ᠵᠣᠭᠤᠰ ᠢᠶᠠᠷ 20 ᠲᠦᠮᠡᠨ ᠲᠥᠭᠦᠷᠢᠭ ︵ᠭᠠᠶᠢᠯᠢ ᠶᠢ ᠪᠠᠭᠲᠠᠭᠠᠨ᠎ᠠ︶ ᠢᠶᠠᠷ ᠱᠠᠩᠨᠠᠵᠤ︔ ᠨᠢᠭᠡ ᠯᠡ ᠤᠳᠠᠭ᠎ᠠ ᠶᠢᠨ ᠴᠢᠨᠠᠷᠲᠠᠶ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢ — 1 ᠳ᠋ᠦᠩᠰᠢᠭᠤᠷ ᠲᠥᠭᠦᠷᠢᠭ ︵1 ᠳ᠋ᠦᠩᠰᠢᠭᠤᠷ ᠲᠥᠭᠦᠷᠢᠭ ᠪᠠᠭᠲᠠᠨ᠎ᠠ︶ ᠪᠠᠶᠢᠪᠠᠯ᠂ ᠠᠷᠠᠳ ᠤᠨ ᠵᠣᠭᠤᠰ ᠢᠶᠠᠷ 50 ᠲᠦᠮᠡᠨ ᠲᠥᠭᠦᠷᠢᠭ ︵ᠭᠠᠶᠢᠯᠢ ᠪᠠᠭᠲᠠᠨ᠎ᠠ︶ ᠱᠠᠩᠨᠠᠵᠤ︔ ᠨᠢᠭᠡ ᠯᠡ ᠤᠳᠠᠭ᠎ᠠ ᠶᠢᠨ ᠴᠢᠨᠠᠷᠲᠠᠶ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ ᠠᠴᠠ ᠳᠡᠭᠡᠭᠰᠢ — 5 ᠳ᠋ᠦᠩᠰᠢᠭᠤᠷ ᠲᠥᠭᠦᠷᠢᠭ ︵5 ᠳ᠋ᠦᠩᠰᠢᠭᠤᠷ ᠲᠥᠭᠦᠷᠢᠭ ᠪᠠᠭᠲᠠᠨ᠎ᠠ︶ ᠪᠠᠶᠢᠪᠠᠯ᠂ ᠠᠷᠠᠳ ᠤᠨ ᠵᠣᠭᠤᠰ ᠢᠶᠠᠷ 100 ᠲᠦᠮᠡᠨ ᠲᠥᠭᠦᠷᠢᠭ ︵ᠭᠠᠶᠢᠯᠢ ᠪᠠᠭᠲᠠᠨ᠎ᠠ︶  ᠢᠶᠠᠷ ᠱᠠᠩᠨᠠᠵᠤ︔ ᠨᠢᠭᠡ ᠯᠡ ᠤᠳᠠᠭ᠎ᠠ ᠶᠢᠨ ᠴᠢᠨᠠᠷᠲᠠᠶ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 5 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠪᠠᠯ᠂ ᠠᠷᠠᠳ ᠤᠨ ᠵᠣᠭᠤᠰ ᠢᠶᠠᠷ 200 ᠲᠦᠮᠡᠨ ᠲᠥᠭᠦᠷᠢᠭ ︵ᠭᠠᠶᠢᠯᠢ ᠶᠢ ᠪᠠᠭᠲᠠᠭᠠᠨ᠎ᠠ︶ ᠢᠶᠠᠷ ᠱᠠᠩᠨᠠᠨ᠎ᠠ᠃ ᠠᠤᠬᠠᠨ ᠬᠤᠰᠢᠭᠤᠨ ᠤ ᠣᠲᠣ ᠶᠢᠨ ᠪᠠᠶᠢᠭ᠎ᠠ ᠠᠵᠤ ᠠᠬᠤᠶᠢᠯᠠᠯ ᠢ ᠳᠠᠬᠢᠨ ᠵᠣᠬᠢᠶᠠᠨ ᠪᠠᠶᠢᠭᠤᠯᠬᠤ ᠶᠢᠨ ᠬᠠᠮᠲᠤ ᠥᠷᠭᠡᠳᠬᠡᠨ ᠨᠥᠬᠦᠨ ᠦᠢᠯᠡᠳᠪᠦᠷᠢᠯᠡᠬᠦ ᠲᠥᠷᠥᠯ ᠵᠦᠢᠯ᠂ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠳᠤ ᠣᠷᠣᠵᠤ ᠰᠠᠭᠤᠬᠤ ᠲᠥᠷᠥᠯ  ᠵᠦᠢᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠭᠡᠳᠡᠭ ᠨᠢ ᠳᠠᠬᠢᠨ ᠵᠣᠬᠢᠶᠠᠨ ᠪᠠᠶᠢᠭᠤᠯᠤᠭᠰᠠᠨ ᠪᠤᠶᠤ ᠣᠷᠣᠵᠤ ᠰᠠᠭᠤᠭᠰᠠᠨ ᠤ ᠳᠠᠷᠠᠭ᠎ᠠ ᠰᠢᠨ᠎ᠡ ᠪᠠᠷ ᠪᠣᠶ ᠪᠣᠯᠤᠭᠰᠠᠨ ᠲᠣᠭᠲᠠᠮᠠᠯ ᠬᠥᠷᠥᠩᠭᠡ ᠶᠢ ᠵᠢᠭᠠᠵᠤ ᠪᠣᠶ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ ᠶᠢ ᠲᠤᠭ᠎ᠠ ᠪᠦᠷᠢᠳᠬᠡᠯ ᠤᠨ  ᠲᠣᠪᠴᠢᠶᠠᠨ ᠳᠤ ᠣᠷᠤᠭᠤᠯᠤᠭᠰᠠᠨ ᠲᠤᠭ᠎ᠠ ᠪᠠᠷᠢᠮᠳᠠ ᠪᠠᠷ ᠪᠠᠷᠢᠮᠵᠢᠶ᠎ᠠ ᠪᠣᠯᠭᠠᠨ᠎ᠠ ᠃    ᠳᠥᠷᠪᠡ᠂ ᠱᠠᠩᠨᠠᠬᠤ ᠪᠠᠷ ᠮᠡᠳᠡᠭᠦᠯᠬᠦ ᠶᠠᠪᠤᠴᠠ ᠨᠢ ᠶᠠᠮᠠᠷ ᠪᠣᠶ︖  ᠲᠥᠷᠥᠯ ᠵᠦᠢᠯ ᠤᠨ ᠬᠠᠷᠢᠶ᠎ᠠ ᠣᠷᠣᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠰᠢᠭᠤᠨ ᠤ ᠮᠥᠩᠭᠦᠨ ᠭᠦᠢᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠳᠤ ᠪᠢᠴᠢᠭ ᠢᠶᠠᠷ ᠭᠤᠶᠤᠴᠢᠯᠠᠬᠤ ᠶᠢ ᠬᠠᠷᠢᠭᠤᠴᠠᠵᠤ᠂ ᠬᠤᠰᠢᠭᠤᠨ ᠤ ᠮᠥᠩᠭᠦᠨ ᠭᠦᠢᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠠᠴᠠ ᠠᠩᠬ᠎ᠠ ᠬᠢᠨᠠᠵᠤ᠂ ᠱᠠᠩᠨᠠᠯ ᠤᠨ ᠪᠠᠷᠢᠮᠵᠢᠶ᠎ᠠ ᠳᠤ ᠨᠡᠶᠢᠴᠡᠭᠰᠡᠨ ᠢ ᠨᠢ ᠬᠤᠰᠢᠭᠤᠨ ᠤ ᠵᠠᠰᠠᠭ ᠤᠨ ᠣᠷᠳᠣᠨ ᠳᠤ ᠨᠢᠭᠡᠳᠦᠯᠲᠡᠶ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠱᠠᠩᠨᠠᠨ᠎ᠠ᠃ ᠲᠥᠷᠥᠯ  ᠵᠦᠢᠯ ᠨᠢᠭᠡᠪᠦᠷᠢ ᠶᠢᠨ ᠱᠠᠩᠨᠠᠬᠤ ᠡᠲᠡᠭᠡᠳ ᠢ ᠠᠩᠬ᠎ᠠ ᠤᠳᠠᠭ᠎ᠠ ᠲᠣᠭᠲᠠᠭᠠᠭᠰᠠᠨ ᠪᠠᠯᠠ ᠣᠷᠣᠭᠤᠯᠤᠭᠴᠢ ᠪᠠᠷ ᠪᠠᠷᠢᠮᠵᠢᠶ᠎ᠠ ᠪᠣᠯᠭᠠᠨ᠎ᠠ᠃ ᠠᠳᠠᠯᠢ ᠨᠢᠭᠡᠨ ᠵᠦᠢᠯᠡᠰ ᠲᠤ ᠵᠥᠪᠬᠡᠨ ᠨᠢᠭᠡ ᠯᠡ ᠪᠡᠯᠡ ᠣᠷᠣᠭᠤᠯᠤᠭᠴᠢ ᠶᠢ ᠮᠠᠭᠠᠳᠯᠠᠨ ᠲᠣᠭᠲᠠᠭᠠᠨ᠎ᠠ᠃  ᠲᠦᠷᠦᠯ ᠵᠦᠢᠯ ᠨᠢ ᠪᠠᠷᠢᠯᠭ᠎ᠠ ᠶᠢᠨ ᠠᠵᠢᠯ ᠳᠠᠭᠤᠰᠴᠤ ᠠᠰᠢᠭᠯᠠᠯᠲᠠ ᠳᠤ ᠤᠷᠤᠭᠰᠠᠨ ᠤ ᠲᠠᠷᠠᠭ᠎ᠠ ᠨᠢᠭᠡ ᠵᠢᠯ ᠤᠨ ᠳᠣᠲᠣᠷ᠎ᠠ ᠪᠡᠯᠡ ᠣᠷᠣᠭᠤᠯᠵᠤ ᠠᠪᠴᠢᠷᠠᠭᠰᠠᠨ ᠱᠠᠩᠨᠠᠯ ᠤᠨ ᠮᠥᠩᠭᠦ ᠮᠡᠳᠡᠭᠦᠯᠦᠭᠰᠡᠨ ᠦᠭᠡᠢ ᠪᠠᠶᠢᠪᠠᠯ᠂ ᠥᠪᠡᠷ ᠢᠶᠠᠨ  ᠲᠠᠶᠠᠭᠳᠠᠭᠰᠠᠨ ᠢᠶᠠᠷ ᠦᠵᠡᠨ᠎ᠡ ᠃      ᠲᠠᠪᠤ᠂ ᠶᠠᠮᠠᠷ ᠶᠠᠮᠠᠷ ᠠᠩᠬᠠᠷᠬᠤ ᠵᠦᠢᠯ ᠪᠠᠶᠢᠬᠤ ᠪᠤᠢ︖   ᠵᠦᠶ ᠪᠤᠰᠤ ᠠᠷᠭ᠎ᠠ ᠪᠠᠷᠢᠯ ᠢᠶᠠᠷ ᠱᠠᠩᠨᠠᠯ ᠤᠨ ᠪᠠᠯᠠ ᠮᠥᠩᠭᠦ ᠶᠢ ᠮᠡᠬᠡᠯᠡᠨ ᠠᠪᠤᠭᠰᠠᠨ ᠪᠠᠶᠢᠪᠠᠯ᠂ ᠲᠤᠬᠠᠶ ᠶᠢᠨ ᠬᠥᠮᠦᠨ ᠪᠣᠯᠤᠨ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠭᠠᠷᠭᠠᠭᠴᠢ ᠶᠢᠨ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠪᠤᠶᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠳᠬᠡᠯ ᠥᠭᠴᠦ᠂ ᠱᠠᠩᠨᠠᠯ ᠤᠨ ᠪᠠᠯᠠ ᠮᠥᠩᠭᠦ ᠶᠢ ᠨᠡᠬᠡᠮᠵᠢᠯᠡᠨ ᠠᠪᠴᠢᠷᠠᠵᠤ᠂ ᠶᠠᠯ᠎ᠠ ᠪᠣᠯᠵᠣ ᠪᠦᠷᠢᠯᠳᠦᠭᠰᠡᠨ ᠪᠠᠶᠢᠪᠠᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ  ᠰᠢᠢᠳᠪᠦᠷᠢᠯᠡᠭᠦᠯᠦᠨ᠎ᠡ᠃      ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ ︕
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号