︽ᠠᠤᠬᠠᠨ ᠬᠤᠰᠢᠭᠤᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︵2021— 2025 ᠣᠨ︶ ︵ᠬᠢᠨᠠᠨ ᠵᠥᠪᠯᠡᠬᠦ ᠨᠣᠤᠷᠠᠭ︶︾  ᠤᠨ ᠪᠢᠴᠢᠭ ᠮᠠᠲ᠋ᠧᠷᠢᠶᠠᠯ ᠢ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2023/12/25
    ᠨᠢᠭᠡ᠂ ︽ᠬᠡᠷᠡᠭᠵᠢᠭᠦᠯᠬᠦ ᠲᠥᠰᠦᠯ︾ ᠢ ᠲᠤᠭᠤᠷᠪᠢᠭᠰᠠᠨ ᠦᠨᠳᠦᠰᠦᠨ ᠪᠠᠶᠢᠳᠠᠯ ᠤᠨ ᠲᠤᠬᠠᠶ    ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠥᠬᠦ ᠲᠠᠯ᠎ᠠ ᠪᠠᠷ ᠪᠠᠶᠢᠭᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021— 2025 ᠣᠨ︶︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 — 2025 ᠣᠨ︶﹀ ᠶᠢ  ᠲᠤᠭᠤᠰᠢᠯᠠᠭᠤᠯᠬᠤ ᠬᠡᠷᠡᠭᠵᠢᠭᠦᠯᠬᠦ ᠲᠥᠰᠦᠯ︾ ᠵᠢᠴᠢ ︽ᠤᠯᠠᠭᠠᠨᠬᠠᠳᠠ ᠬᠤᠲᠠ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︵2021 — 2025 ᠣᠨ︶︾ ᠤᠨ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠳᠠᠬᠢᠨ ᠳᠠᠪᠲᠠᠨ ᠶᠠᠷᠢᠯᠴᠠᠵᠤ ᠵᠠᠰᠠᠪᠤᠷᠢ ᠣᠷᠣᠭᠤᠯᠤᠭᠰᠠᠨ ᠤ ᠳᠠᠷᠠᠭ᠎ᠠ᠂ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠬᠤᠷᠢᠶᠠᠭᠰᠠᠨ ᠤ ᠳᠠᠷᠠᠭ᠎ᠠ ︽ᠬᠡᠷᠡᠭᠵᠢᠭᠦᠯᠬᠦ ᠲᠥᠰᠦᠯ︾ ︵ᠬᠢᠨᠠᠨ ᠵᠥᠪᠯᠡᠬᠦ ᠨᠣᠤᠷᠠᠭ︶ ᠢ ᠪᠣᠶ ᠪᠣᠯᠭᠠᠪᠠ᠃    ᠬᠤᠶᠠᠷ᠂ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ    ︽ᠬᠡᠷᠡᠭᠵᠢᠭᠦᠯᠬᠦ ᠲᠥᠰᠦᠯ︾ ᠢ ᠨᠡᠶᠢᠲᠡ 10  ᠶᠡᠭᠡ ᠬᠡᠰᠡᠭ 80 ᠵᠣᠷᠪᠤᠰ ᠬᠤᠪᠢᠶᠠᠪᠠ᠃    ᠨᠢᠭᠡᠳᠦᠭᠡᠷ ᠬᠡᠰᠡᠭ ᠨᠢ ᠶᠡᠷᠦᠩᠬᠡᠶ ᠱᠠᠭᠠᠷᠳᠠᠯᠭ᠎ᠠ ᠳᠤᠷᠠᠳᠴᠤ᠂ 2025 ᠣᠨ ᠪᠣᠯᠬᠤ ᠳᠤ᠂ ᠵᠠᠰᠠᠭ ᠤᠨ ᠣᠷᠳᠣᠨ ᠤ ᠠᠵᠢᠯᠯᠠᠭ᠎ᠠ ᠶᠢ ᠬᠠᠤᠯᠢ ᠪᠠᠷ ᠵᠠᠰᠠᠬᠤ ᠵᠠᠮ ᠳᠤ ᠪᠥᠬᠦ ᠲᠠᠯ᠎ᠠ ᠪᠠᠷ ᠣᠷᠣᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠲᠣᠭᠲᠠᠴᠠ ᠶᠢ ᠦᠨᠳᠦᠰᠦᠨ ᠳᠡᠭᠡᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠂ ᠭᠡᠨᠡᠳᠲᠡ ᠶᠢᠨ ᠴᠢᠨᠠᠷᠲᠠᠶ ᠬᠡᠷᠡᠭ ᠢ ᠠᠷᠭᠠᠴᠠᠬᠤ ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ᠡᠭᠦᠷᠭᠡ ᠬᠠᠷᠢᠭᠤᠴᠠᠯᠭ᠎ᠠ ᠨᠢ ᠲᠣᠳᠣᠷᠬᠠᠶ᠂ ᠬᠠᠤᠯᠢ ᠶᠣᠰᠣᠭᠠᠷ ᠵᠠᠰᠠᠭ ᠶᠠᠪᠤᠭᠤᠯᠬᠤ ᠵᠠᠰᠠᠭ ᠤᠨ ᠣᠷᠳᠣᠨ ᠤ ᠵᠠᠰᠠᠯᠲᠠ ᠶᠢᠨ ᠲᠣᠭᠲᠠᠯᠴᠠᠭ᠎ᠠ ᠶᠢ ᠡᠳᠦᠷ ᠢᠷᠡᠬᠦᠶ᠎ᠡ ᠪᠦᠷᠢᠨᠰᠢᠭᠦᠯᠦᠨ᠎ᠡ᠃    ᠬᠤᠶᠠᠳᠤᠭᠠᠷ ᠬᠡᠰᠡᠭ ᠨᠢ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠦᠢᠯᠡᠳᠦᠯ ᠢ ᠪᠠᠳᠠᠷᠠᠭᠤᠯᠤᠨ᠎ᠠ᠃ ᠨᠡᠶᠢᠲᠡ 16 ᠵᠤᠷᠪᠤᠰ᠂ ᠭᠤᠤᠯᠳᠠᠭᠤ ᠡᠷᠬᠡ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠭᠰᠠᠨ ᠵᠠᠷᠴᠢᠮ ᠢ ᠢᠳᠡᠪᠬᠢᠲᠡᠶ ᠭᠦᠢᠴᠡᠳᠭᠡᠬᠦ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠪᠠᠷᠢᠮᠲᠠᠯᠠᠬᠤ᠂ ᠬᠠᠤᠯᠢ ᠶᠣᠰᠣᠭᠠᠷ ᠡᠷᠬᠡ ᠣᠯᠭᠤᠭᠰᠠᠨ ᠥᠬᠡᠶ ᠪᠣᠯ ᠬᠢᠵᠦ ᠪᠣᠯᠬᠤ ᠥᠬᠡᠶ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠵᠤ᠂  ᠬᠢᠪᠡᠰᠦ ᠵᠣᠬᠢᠬᠤ ᠶᠢ ᠨᠢ ᠪᠦᠬᠦᠨ ᠢ ᠬᠢᠬᠦ᠂ ᠠᠵᠢᠯ ᠤᠨ ᠬᠤᠪᠢᠶᠠᠷᠢᠯᠠᠯ ᠨᠢ ᠵᠦᠶ ᠵᠣᠬᠢᠰᠲᠠᠶ᠂ ᠡᠷᠬᠡ ᠬᠠᠷᠢᠭᠤᠴᠠᠯᠭ᠎ᠠ ᠨᠢ ᠨᠢᠭᠡᠳᠦᠯᠲᠡᠶ ᠪᠠᠶᠢᠬᠤ᠂ ᠦᠨᠡᠨᠴᠢ ᠢᠲᠡᠭᠡᠮᠵᠢᠲᠡᠶ ᠪᠠᠶᠢᠬᠤ᠂ ᠠᠵᠢᠯᠯᠠᠭᠠᠨ ᠨᠢ ᠥᠨᠳᠥᠷ ᠪᠦᠲᠦᠮᠵᠢᠲᠡᠶ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠰᠢᠰᠲ᠋ᠧᠮ ᠢ ᠪᠡᠶᠡᠯᠡᠭᠦᠯᠦᠨ᠎ᠡ᠃    ᠭᠤᠷᠪᠠᠳᠤᠭᠠᠷ ᠬᠡᠰᠡᠭ ᠨᠢ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠵᠠᠰᠠᠯᠲᠠ ᠶᠢ ᠵᠢᠷᠤᠮᠵᠢᠭᠤᠯᠬᠤ ᠲᠡᠰ ᠳᠠᠷᠠᠭᠠᠵᠢᠭᠤᠯᠤᠨ ᠬᠠᠤᠯᠢᠵᠢᠭᠤᠯᠬᠤ ᠶᠢ ᠲᠦᠷᠭᠡᠳᠬᠡᠨ ᠠᠬᠢᠭᠤᠯᠬᠤ ᠶᠠᠪᠤᠳᠠᠯ ᠪᠣᠯᠤᠨ᠎ᠠ᠃ ᠨᠡᠶᠢᠲᠡ 3 ᠵᠣᠷᠪᠤᠰ᠂  ᠭᠤᠣᠯᠳᠠᠭᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠢᠴᠢᠭ ᠮᠠᠲ᠋ᠧᠷᠢᠶᠠᠯ ᠶᠠᠪᠤᠭᠤᠯᠬᠤ ᠲᠤᠭ᠎ᠠ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ︽ᠪᠢᠴᠢᠭ ᠮᠠᠲ᠋ᠧᠷᠢᠶᠠᠯ ᠪᠠᠶᠢᠪᠠᠯ ᠵᠠᠪᠠᠯ ᠳᠠᠩᠰᠠᠯᠠᠬᠤ᠂ ᠳᠠᠩᠰᠠᠯᠠᠭᠤᠯᠬᠤ ᠳᠤ ᠵᠠᠪᠠᠯ ᠬᠢᠨᠠᠨ ᠪᠠᠶᠢᠴᠠᠭᠠᠬᠤ᠂ ᠪᠤᠷᠤᠭᠤ ᠪᠠᠶᠢᠪᠠᠯ ᠵᠠᠪᠠᠯ ᠵᠠᠯᠠᠷᠠᠭᠤᠯᠬᠤ︾ ᠶᠢ ᠪᠡᠶᠡᠯᠡᠭᠦᠯᠦᠨ᠎ᠡ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ᠂ ᠳᠠᠩᠰᠠᠯᠠᠭᠤᠯᠬᠤ᠂ ᠢᠯᠭᠠᠷᠠᠭᠤᠯᠬᠤ ᠴᠢᠭᠯᠡᠭᠦᠯᠦᠯᠲᠦ ᠴᠢᠨᠠᠷ᠂ ᠴᠠᠭ ᠲᠤᠬᠠᠶᠢᠳᠤ ᠴᠢᠨᠠᠷ᠂ ᠰᠢᠰᠲ᠋ᠧᠮᠲᠦ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢ  ᠨᠡᠮᠡᠭᠳᠡᠭᠦᠯᠦᠨ᠎ᠡ᠃    ᠳᠥᠷᠪᠡᠳᠦᠭᠡᠷ ᠬᠡᠰᠡᠭ ᠨᠢ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠨᠡᠶᠢᠲᠡ 9  ᠵᠣᠷᠪᠤᠰ᠂ ᠭᠤᠤᠯᠳᠠᠭᠤ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠤᠬᠠᠮᠰᠠᠷ ᠢᠶᠠᠨ ᠴᠢᠩᠭᠠᠳᠬᠠᠬᠤ ᠶᠢ ᠢᠯᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠬᠤ ᠶᠢ ᠬᠦᠴᠦᠯᠡᠨ ᠪᠡᠶᠡᠯᠡᠭᠦᠯᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠢᠯᠡᠳᠲᠡ  ᠳᠡᠭᠡᠭᠰᠢᠯᠡᠭᠦᠯᠦᠨ᠎ᠡ᠃    ᠲᠠᠪᠤᠳᠤᠭᠠᠷ ᠬᠡᠰᠡᠭ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠰᠢᠰᠲ᠋ᠧᠮ ᠢ ᠪᠦᠷᠢᠨᠰᠢᠭᠦᠯᠵᠦ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠶᠠᠪᠤᠳᠠᠯ ᠪᠣᠯᠤᠨ᠎ᠠ᠃ ᠨᠡᠶᠢᠲᠡ 13 ᠵᠤᠷᠪᠤᠰ ᠂ ᠭᠤᠤᠯᠳᠠᠭᠤ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠶᠢ ᠪᠣᠳᠣᠯᠬᠢᠯᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠨᠡᠶᠢᠳᠡᠮ ᠳᠡᠭᠡᠭᠰᠢᠯᠡᠭᠦᠯᠬᠦ ᠶᠢ ᠬᠦᠴᠦᠯᠡᠨ ᠪᠡᠶᠡᠯᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠭᠤᠤᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠢ ᠲᠡᠭᠦᠯᠳᠡᠷᠵᠢᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠨᠢᠭᠡᠪᠦᠷᠢ ᠠᠴᠠ ᠠᠷᠠᠳ ᠣᠯᠠᠨ ᠳᠤ ᠲᠥᠪ ᠴᠢᠬᠡᠴᠢ ᠪᠠᠶᠢᠬᠤ ᠶᠢ ᠣᠯᠵᠤ ᠬᠠᠷᠠᠭᠤᠯᠬᠤ᠂ ᠬᠠᠤᠯᠢ ᠬᠡᠷᠡᠭᠵᠢᠭᠦᠯᠬᠦ ᠲᠣᠭᠲᠠᠭᠠᠯ ᠨᠢᠭᠡᠪᠦᠷᠢ ᠠᠴᠠ ᠲᠥᠪ ᠭᠤᠤᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠬᠤ ᠶᠢ ᠪᠠᠭᠲᠠᠭᠠᠨ᠎ᠠ᠃    ᠵᠢᠷᠭᠤᠳᠤᠭᠠᠷ ᠬᠡᠰᠡᠭ ᠨᠢ ᠭᠡᠨᠡᠳᠲᠡ ᠶᠢᠨ ᠬᠡᠷᠡᠭ ᠢ ᠠᠷᠭᠠᠴᠠᠭᠠᠬᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠦᠨᠳᠦ ᠶᠡᠭᠡ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠡᠷᠭᠡᠶᠢᠯᠡᠨ ᠰᠢᠢᠳᠪᠦᠷᠢᠯᠡᠬᠦ ᠶᠠᠪᠤᠳᠠᠯ ᠪᠣᠯᠣᠨ᠎ᠠ᠃ ᠨᠡᠶᠢᠲᠡ 8 ᠵᠤᠷᠪᠤᠰ᠂ ᠭᠤᠤᠯᠳᠠᠭᠤ ᠭᠡᠨᠡᠳᠲᠡ ᠶᠢᠨ ᠬᠡᠷᠡᠭ ᠢ ᠠᠷᠭᠠᠴᠠᠬᠤ ᠲᠦᠷᠢᠮ ᠢ ᠲᠡᠭᠦᠯᠳᠡᠷᠵᠢᠭᠦᠯᠬᠦ᠂ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ᠂ ᠠᠵᠢᠯ ᠤᠨ ᠴᠢᠬᠤᠯᠠ ᠶᠠᠪᠤᠳᠠᠯ᠂ ᠤᠴᠢᠷ ᠶᠠᠪᠤᠳᠠᠯ ᠪᠠᠴᠢᠮ ᠪᠣᠯᠬᠤ ᠲᠤᠲᠤᠮ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠬᠦᠴᠦᠯᠡᠨ ᠪᠡᠶᠡᠯᠡᠭᠦᠯᠬᠦ᠂ ᠬᠦᠨᠳᠦ ᠶᠡᠭᠡ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠳᠤᠮᠳᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠶᠢ ᠪᠠᠭᠲᠠᠭᠠᠨ᠎ᠠ᠃       ᠳᠣᠯᠣᠳᠤᠭᠠᠷ ᠬᠡᠰᠡᠭ ᠨᠢ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠤ ᠵᠠᠰᠠᠭ ᠵᠠᠬᠢᠷᠭᠠᠨ ᠤ ᠤᠷᠢᠳᠴᠢᠯᠠᠨ ᠰᠡᠷᠭᠡᠶᠢᠯᠡᠵᠦ ᠡᠶᠡᠳᠡᠭᠦᠯᠦᠨ ᠰᠢᠢᠳᠪᠦᠷᠢᠯᠡᠬᠦ ᠰᠢᠰᠲ᠋ᠧᠮ ᠢ ᠪᠦᠷᠢᠨᠰᠢᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠲᠠᠰᠤᠷᠠᠯᠲᠠ ᠦᠭᠡᠢ ᠠᠬᠢᠭᠤᠯᠤᠨ᠎ᠠ᠃ ᠨᠡᠶᠢᠲᠡ 9  ᠵᠣᠷᠪᠤᠰ ᠂ ᠭᠤᠣᠯᠳᠠᠭᠤ ᠵᠠᠰᠠᠭ ᠵᠠᠬᠢᠷᠭᠠᠨ ᠤ ᠡᠶᠡᠳᠡᠭᠦᠯᠬᠦ ᠠᠵᠢᠯ ᠢ ᠴᠢᠩᠭᠠᠳᠬᠠᠵᠤ᠂ ᠵᠥᠷᠢᠴᠡᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠶᠢ ᠪᠠᠷᠢᠮᠲᠠᠯᠠᠨ᠂ ᠦᠨᠳᠦᠰᠦᠨ ᠱᠠᠲᠤᠨ ᠳᠤ ᠠᠷᠢᠯᠭᠠᠵᠤ᠂ ᠠᠷᠠᠳ ᠤᠯᠠᠨ ᠤ ᠡᠷᠬᠡ ᠠᠰᠢᠭ ᠲᠤ ᠭᠤᠣᠯᠴᠢ ᠪᠠᠷ ᠬᠠᠨᠳᠤᠬᠤ ᠶᠢ ᠬᠦᠴᠦᠯᠡᠨ ᠪᠡᠶᠡᠯᠡᠭᠦᠯᠵᠦ᠂ ᠵᠠᠬᠢᠳᠠᠯ ᠰᠤᠷᠪᠤᠯᠵᠢᠯᠠᠭ᠎ᠠ᠂ ᠡᠶᠡᠳᠡᠭᠦᠯᠬᠦ᠂ ᠬᠥᠨᠳᠡᠯᠡᠨ ᠠᠴᠠ ᠲᠠᠰᠤᠯᠬᠤ᠂ ᠵᠠᠰᠠᠭ ᠵᠠᠬᠢᠷᠭᠠᠨ ᠤ ᠲᠠᠰᠤᠯᠤᠯᠲᠠ ᠬᠢᠬᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠷᠭᠤ ᠬᠢᠬᠦ ᠵᠡᠷᠭᠡ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠤᠷᠢᠳᠴᠢᠯᠠᠨ ᠰᠡᠷᠭᠡᠶᠢᠯᠡᠵᠦ ᠠᠷᠢᠯᠭᠠᠬᠤ ᠶᠡᠷᠦᠩᠬᠡᠶᠢᠯᠡᠭᠰᠡᠨ ᠲᠣᠭᠲᠠᠴᠠ ᠶᠢ ᠠᠬᠢᠭᠤᠯᠤᠨ ᠲᠡᠭᠦᠯᠳᠡᠷᠵᠢᠭᠦᠯᠬᠦ ᠶᠢ  ᠪᠡᠶᠡᠯᠡᠭᠦᠯᠦᠨ᠎ᠡ᠃    ᠨᠠᠢᠮᠠᠳᠤᠭᠠᠷ ᠬᠡᠰᠡᠭ ᠨᠢ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠵᠤ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠡᠷᠬᠡ ᠶᠢᠨ ᠵᠢᠷᠤᠮᠵᠢᠭᠤᠨ ᠪᠥᠭᠡᠳ ᠢᠯᠡ ᠲᠣᠳᠣ ᠠᠵᠢᠯᠯᠠᠭᠠᠨ ᠢ ᠠᠬᠢᠭᠤᠯᠬᠤ ᠶᠠᠪᠤᠳᠠᠯ ᠪᠣᠯᠤᠨ᠎ᠠ᠃ ᠨᠡᠶᠢᠲᠡ 8 ᠵᠤᠷᠪᠤᠰ᠂ ᠭᠤᠤᠯᠳᠠᠭᠤ ᠡᠷᠬᠡ ᠪᠠᠶᠢᠪᠠᠯ ᠵᠠᠪᠠᠯ ᠬᠠᠷᠢᠭᠤᠴᠠᠯᠭ᠎ᠠ ᠡᠭᠦᠷᠭᠡᠯᠡᠬᠦ᠂ ᠬᠠᠷᠢᠭᠤᠴᠠᠯᠭ᠎ᠠ ᠡᠭᠦᠷᠭᠡᠯᠡᠪᠡᠯ ᠵᠠᠪᠠᠯ ᠨᠡᠬᠡᠮᠵᠢᠯᠡᠬᠦ ᠶᠢ ᠪᠠᠷᠢᠮᠲᠠᠯᠠᠬᠤ᠂ ᠵᠠᠰᠠᠭ ᠵᠠᠬᠢᠷᠭᠠᠨ ᠤ  ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ ᠵᠣᠬᠢᠶᠠᠨ ᠪᠠᠶᠢᠭᠤᠯᠬᠤ᠂ ᠬᠢᠨᠠᠯᠲᠠ ᠲᠠᠯᠪᠢᠬᠤ ᠶᠢ ᠬᠠᠷᠢᠯᠴᠠᠨ ᠬᠢᠵᠠᠭᠠᠷᠯᠠᠬᠤ ᠮᠥᠷᠲᠡᠭᠡᠨ ᠪᠠᠰᠠ ᠬᠠᠷᠢᠯᠴᠠᠨ ᠵᠣᠬᠢᠴᠠᠭᠤᠯᠬᠤ ᠶᠢ ᠬᠦᠴᠦᠯᠡᠨ ᠪᠡᠶᠡᠯᠡᠭᠦᠯᠵᠦ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠪᠦᠬᠦᠨ ᠢ ᠬᠠᠮᠤᠷᠬᠤ᠂ ᠵᠠᠪᠰᠠᠷ ᠥᠬᠡᠶ ᠪᠠᠶᠢᠬᠤ ᠶᠢ ᠦᠨᠡᠨ ᠬᠦ  ᠪᠠᠲᠤᠯᠠᠨ᠎ᠠ᠃    ᠶᠢᠰᠦᠳᠦᠭᠡᠷ ᠬᠡᠰᠡᠭ ᠨᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠲᠣᠭᠠᠴᠢᠯᠠᠭᠰᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠦᠬᠦ ᠲᠠᠯ᠎ᠠ ᠪᠠᠷ ᠪᠠᠶᠢᠭᠤᠯᠤᠨ᠎ᠠ᠃ ᠨᠡᠶᠢᠲᠡ 4 ᠵᠤᠷᠪᠣᠰ᠂ ᠭᠤᠣᠯᠳᠠᠭᠤ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠬᠠᠷᠢᠯᠴᠠᠨ ᠬᠤᠯᠪᠣᠭᠠᠯᠠᠵᠤ ᠬᠢᠨᠠᠨ ᠬᠠᠮᠢᠶᠠᠷᠬᠤ︾ ᠬᠠᠤᠯᠢ ᠬᠡᠷᠡᠭᠵᠢᠭᠦᠯᠦᠯᠲᠡ ᠶᠢ ᠭᠦᠨᠵᠡᠭᠡᠢ ᠠᠬᠢᠭᠤᠯᠵᠤ᠂ ᠵᠠᠰᠠᠭ ᠤᠨ ᠣᠷᠳᠣᠨ ᠤ ᠵᠠᠰᠠᠯᠲᠠ ᠶᠢᠨ ᠮᠡᠳᠡᠭᠡ ᠵᠠᠩᠭᠢᠴᠢᠯᠠᠯᠲᠠ ᠬᠢᠭᠡᠳ ᠬᠠᠤᠯᠢᠵᠢᠯ ᠤᠨ ᠭᠦᠨᠵᠡᠭᠡᠢ ᠠᠭᠤᠰᠤᠯᠴᠠᠯ ᠢ ᠬᠦᠴᠦᠯᠡᠨ ᠪᠡᠶᠡᠯᠡᠭᠦᠯᠵᠦ᠂ ᠵᠠᠰᠠᠭ ᠤᠨ ᠣᠷᠳᠣᠨ ᠤ ᠵᠠᠰᠠᠯᠲᠠ ᠶᠢᠨ ᠶᠠᠪᠤᠴᠠ ᠪᠠ ᠠᠷᠭ᠎ᠠ ᠬᠡᠯᠪᠡᠷᠢ ᠶᠢ ᠰᠢᠯᠢᠳᠡᠭᠵᠢᠭᠦᠯᠦᠨ ᠰᠢᠨᠡᠳᠬᠡᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠣᠭᠠᠴᠢᠯᠠᠭᠰᠠᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠦᠨ᠎ᠡ᠃    ᠠᠷᠪᠠᠳᠤᠭᠠᠷ ᠬᠡᠰᠡᠭ ᠨᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠶᠠᠪᠤᠳᠠᠯ ᠪᠣᠯᠤᠨ᠎ᠠ᠃ ᠨᠡᠶᠢᠲᠡ 9 ᠵᠤᠷᠪᠤᠰ᠂ ᠭᠤᠤᠯᠳᠠᠭᠤ ᠨᠠᠮ ᠤᠨ ᠤᠳᠤᠷᠢᠳᠤᠯᠭ᠎ᠠ ᠪᠣᠯ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠶᠢᠨ ᠦᠨᠳᠦᠰᠦᠨ ᠪᠠᠲᠤᠯᠠᠭ᠎ᠠ ᠮᠥᠨ᠂ ᠡᠷᠬᠡᠪᠰᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ ᠶᠢ ᠪᠠᠷᠢᠮᠲᠠᠯᠠᠨ᠂ ᠡᠯ᠎ᠡ ᠲᠠᠯ᠎ᠠ ᠶᠢ ᠵᠣᠬᠢᠴᠠᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠳᠥᠯᠭᠢᠨ ᠠᠬᠢᠭᠤᠯᠬᠤ ᠠᠵᠢᠯ ᠢ ᠲᠡᠭᠦᠯᠳᠡᠷᠵᠢᠭᠦᠯᠦᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ  ᠴᠢᠩᠭᠠᠳᠬᠠᠨ᠎ᠠ᠃    ︽ᠬᠡᠷᠡᠭᠵᠢᠭᠦᠯᠬᠦ ᠲᠥᠰᠦᠯ︾ ᠤᠨ ᠳᠣᠲᠣᠷᠠᠬᠢ ᠬᠠᠷᠠᠯᠲᠠ ᠨᠢ ᠪᠥᠬᠦ ᠬᠤᠰᠢᠭᠤᠨ ᠤ ᠡᠯ᠎ᠡ ᠰᠢᠶᠠᠩ ᠪᠠᠯᠭᠠᠰᠤ᠂ ᠰᠤᠮᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠬᠤᠰᠢᠭᠤᠨ ᠤ ᠵᠠᠰᠠᠭ ᠤᠨ ᠣᠷᠳᠣᠨ ᠤ ᠡᠯ᠎ᠡ ᠪᠦᠷᠢᠯᠳᠦᠬᠦᠨ ᠰᠠᠯᠠᠭ᠎ᠠ ᠮᠥᠴᠢᠷ ᠲᠤ ᠬᠤᠯᠪᠣᠭᠳᠠᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠠᠮᠲᠤᠪᠠᠷ ᠠᠬᠢᠭᠤᠯᠬᠤ ᠴᠢᠬᠤᠯᠠᠲᠠᠶ ᠶᠤᠮ᠃ ᠳᠡᠭᠡᠷᠡᠬᠢ ᠪᠣᠯ ︽ᠬᠡᠷᠡᠭᠵᠢᠭᠦᠯᠬᠦ ᠲᠥᠰᠦᠯ ︵ᠬᠢᠨᠠᠨ ᠵᠥᠪᠯᠡᠬᠦ ᠨᠣᠤᠷᠠᠭ︶︾ ᠢ ᠲᠤᠭᠤᠷᠪᠢᠭᠰᠠᠨ ᠪᠠᠶᠢᠳᠠᠯ᠂ ᠣᠲᠣ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠪᠡ᠃ ︽ᠬᠡᠷᠡᠭᠵᠢᠭᠦᠯᠬᠦ ᠲᠥᠰᠦᠯ︾ ᠢ ᠲᠣᠰ ᠤᠳᠠᠭᠠᠨ ᠤ ᠬᠤᠷᠠᠯ ᠢᠶᠠᠷ ᠬᠢᠨᠠᠨ ᠵᠥᠪᠯᠡᠭᠦᠯᠵᠦ ᠪᠠᠲᠤᠯᠠᠭᠤᠯᠤᠭᠰᠠᠨ ᠤ ᠳᠠᠷᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠬᠤᠷᠢᠶ᠎ᠠ ᠶᠢᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠬᠦ ᠪᠠᠷ ᠰᠠᠨᠠᠭᠤᠯᠪᠠ᠃    ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ ︕
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号