ᠣᠷᠤᠢ ᠶᠢᠨ ᠰᠦᠮ᠎ᠡ ᠰᠣᠮᠤ᠄ ᠡᠷᠲᠡ ᠲᠦᠯᠦᠪᠯᠡᠵᠦ ᠠᠷᠠᠳ ᠤᠨ ᠠᠮᠢᠳᠤᠷᠠᠯ ᠢ  ᠪᠠᠲᠤᠯᠠᠨ᠎ᠠ
ᠨᠡᠶᠢᠲᠡᠯᠡᠭᠰᠡᠨ ᠴᠠᠭ᠄
2023/12/25
    ᠣᠶᠢᠷ᠎ᠠ ᠳᠤ᠂ ᠤᠷᠤᠢ ᠶᠢᠨ ᠰᠦᠮ᠎ᠡ ᠰᠤᠮᠤ 2024 ᠣᠨ ᠤ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠢᠳᠡᠪᠬᠢᠲᠡᠢ ᠲᠥᠯᠥᠪᠵᠢᠭᠦᠯᠵᠦ᠂ ᠳᠡᠭᠡᠳᠦ ᠱᠠᠲᠤᠨ ᠤ ᠴᠥᠭᠦᠷᠥᠮ ᠤᠨ ᠣᠷᠣᠨ ᠤ ᠠᠷᠠᠳ ᠢ ᠨᠡᠭᠦᠯᠭᠡᠬᠦ ᠪᠡᠯᠡ ᠮᠥᠩᠭᠦ ᠶᠢ 70 ᠲᠦᠮᠡᠨ ᠲᠥᠭᠦᠷᠢᠭ ᠴᠢᠷᠮᠠᠶᠢᠨ ᠣᠯᠵᠤ᠂  ᠬᠤᠶᠠᠷ ᠤᠰᠤ ᠭᠠᠴᠠᠭ᠎ᠠ ᠶᠢᠨ ᠲᠠᠷᠢᠶᠠᠨ ᠭᠠᠵᠠᠷ ᠤᠨ ᠱᠤᠭᠤᠮ ᠢ ᠥᠭᠡᠷᠡᠴᠢᠯᠡᠨ ᠲᠠᠰ ᠳᠡᠪᠰᠢᠭᠦᠯᠬᠦ ᠳᠤ ᠬᠡᠷᠡᠭᠯᠡᠵᠦ᠂ ᠬᠠᠷᠢᠶᠠᠲᠤ ᠣᠷᠣᠨ ᠤ ᠣᠯᠠᠨ ᠲᠦᠮᠡᠨ ᠤ ᠦᠨᠳᠦᠰᠦᠨ ᠠᠷᠠᠳ ᠤᠨ ᠠᠮᠢᠳᠤᠷᠠᠯ ᠢ  ᠪᠠᠲᠤᠯᠠᠨ᠎ᠠ᠃    ᠬᠤᠶᠠᠷ ᠤᠰᠤ ᠭᠠᠴᠠᠭᠠᠨ ᠤ ᠣᠳᠣ ᠪᠠᠶᠢᠭ᠎ᠠ ᠲᠠᠷᠢᠶᠠᠨ ᠭᠠᠵᠠᠷ ᠤᠨ ᠱᠤᠭᠤᠮ ᠨᠢᠭᠡᠨᠲᠡ 30 ᠭᠠᠷᠤᠶ ᠵᠢᠯ ᠪᠣᠯᠵᠤ᠂ ᠵᠠᠮ ᠱᠤᠭᠤᠮ ᠬᠠᠭᠤᠴᠢᠷᠠᠭᠰᠠᠨ ᠪᠥᠭᠡᠳ ᠴᠠᠬᠢᠯᠭᠠᠨ ᠳᠠᠮᠵᠢᠭᠤᠯᠬᠤ ᠬᠦᠴᠦᠳᠡᠯ ᠳᠣᠤᠷ᠎ᠠ᠂ ᠣᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠢ ᠬᠦᠨᠳᠦ ᠨᠣᠴᠢᠲᠠᠶ ᠨᠥᠯᠥᠭᠡᠯᠡᠪᠡ᠃ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠱᠠᠨᠳᠦ᠋ᠩ ᠤᠨ ᠰᠢᠨ ᠳ᠋ᠠ ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠬᠢᠵᠠᠭᠠᠷᠲᠤ ᠺᠣᠮᠫᠠᠨᠢ ᠶᠢᠨ ᠮᠡᠷᠭᠡᠵᠢᠯᠲᠡᠨ ᠢ ᠢᠳᠡᠪᠬᠢᠲᠡᠶ ᠵᠣᠬᠢᠴᠠᠭᠤᠯᠵᠤ ᠬᠤᠶᠠᠷ ᠤᠰᠤ ᠭᠠᠴᠠᠭ᠎ᠠ ᠳᠤ ᠬᠦᠷᠴᠦ ᠲᠤᠬᠠᠶ ᠶᠢᠨ ᠭᠠᠵᠠᠷ ᠲᠤᠨᠢ ᠵᠠᠮ ᠱᠤᠭᠤᠮ ᠤᠨ ᠬᠡᠮᠵᠢᠯᠲᠡ ᠬᠢᠵᠦ᠂ 2024 ᠣᠨ ᠳᠤ ᠲᠠᠷᠢᠶᠠᠨ ᠭᠠᠵᠠᠷ ᠤᠨ ᠵᠠᠮ ᠱᠤᠭᠤᠮ ᠢ ᠥᠭᠡᠷᠡᠴᠢᠯᠡᠬᠦ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠃ ᠲᠥᠷᠥᠯ ᠵᠦᠢᠯ ᠳᠤ ᠰᠢᠨ᠎ᠡ ᠪᠠᠷ 6 ᠰᠠᠭᠤᠷᠢ ᠥᠨᠳᠥᠷ ᠬᠦᠴᠦᠳᠡᠯᠲᠦ ᠬᠦᠴᠦᠳᠡᠯ ᠥᠭᠡᠷᠡᠴᠢᠯᠡᠭᠴᠢ ᠶᠢ ᠤᠭᠰᠠᠷᠠᠬᠤ ᠪᠠᠷ ᠲᠥᠯᠥᠪᠯᠡᠵᠦ᠂ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠱᠤᠭᠤᠮ ᠢ 2000 ᠮᠧᠲᠷ᠂ ᠳᠣᠤᠷ᠎ᠠ ᠬᠦᠴᠦᠳᠡᠯᠲᠦ ᠴᠠᠬᠢᠯᠭᠠᠨ ᠬᠦᠷᠭᠡᠬᠦ ᠬᠡᠯᠬᠢᠶ᠎ᠡ ᠶᠢ 5 000 ᠮᠧᠲᠷ ᠰᠢᠨ᠎ᠡ ᠪᠠᠷ ᠪᠠᠶᠢᠷᠢᠯᠠᠭᠤᠯᠵᠤ᠂ 11 ᠮᠠᠰᠢᠨ ᠬᠤᠳᠳᠤᠭ ᠤᠨ ᠲᠠᠷᠢᠶᠠᠨ ᠭᠠᠵᠠᠷ ᠤᠨ ᠤᠰᠤᠯᠠᠯᠲᠠ ᠳᠤ ᠬᠡᠷᠡᠭᠯᠡᠬᠦ ᠴᠠᠬᠢᠯᠭᠠᠨ ᠢ ᠰᠢᠨ᠎ᠡ ᠪᠠᠷ ᠲᠣᠬᠢᠷᠠᠭᠤᠯᠤᠨ᠎ᠠ᠃    ᠲᠥᠷᠥᠯ ᠵᠦᠢᠯ ᠳᠠᠭᠤᠰᠤᠭᠰᠠᠨ ᠤ ᠳᠠᠷᠠᠭ᠎ᠠ᠂ 2000 ᠭᠠᠷᠤᠶ ᠮᠥ ᠲᠠᠷᠢᠶᠠᠨ ᠭᠠᠵᠠᠷ ᠲᠤ ᠤᠰᠤ ᠬᠡᠷᠡᠭᠯᠡᠬᠦ ᠪᠠᠲᠤᠯᠠᠭ᠎ᠠ ᠭᠥᠷᠳᠡᠵᠦ᠂ ᠬᠠᠷᠢᠶ᠎ᠠ ᠣᠷᠣᠨ ᠤ ᠳᠥᠷᠪᠡᠨ ᠲᠣᠰᠬᠤᠨ ᠤ ᠠᠷᠠᠳ ᠤᠨ ᠳᠤᠭᠤᠶᠢᠯᠠᠩ ᠤᠨ ᠣᠯᠠᠨ ᠲᠦᠮᠡᠨ ᠡᠭᠦᠨ ᠠᠴᠠ ᠪᠣᠯᠵᠤ ᠠᠰᠢᠭ ᠭᠥᠷᠳᠡᠵᠦ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠬᠦ ᠪᠣᠯᠤᠨ᠎ᠠ᠃ ᠣᠷᠤᠢ ᠶᠢᠨ ᠰᠦᠮ᠎ᠡ ᠰᠣᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠣᠯᠠᠨ ᠲᠦᠮᠡᠨ ᠤ ᠪᠣᠳᠠᠲᠤ ᠬᠡᠷᠡᠭᠴᠡᠭᠡ ᠳᠤ ᠰᠠᠭᠤᠷᠢᠯᠠᠨ᠂ ᠪᠡᠯᠡ ᠮᠥᠩᠭᠦ ᠲᠥᠷᠥᠯ ᠵᠦᠢᠯ ᠢ ᠵᠣᠬᠢᠴᠠᠭᠤᠯᠵᠤ᠂ ᠣᠯᠠᠨ ᠲᠦᠮᠡᠨ ᠤ ᠠᠰᠢᠭ ᠲᠤᠰᠠ ᠶᠢ ᠪᠠᠲᠤᠯᠠᠬᠤ ᠪᠠᠷ ᠭᠠᠷᠤᠭ᠎ᠠ ᠪᠣᠯᠭᠠᠵᠤ᠂ ᠬᠠᠷᠢᠶᠠᠲᠤ ᠣᠷᠣᠨ ᠤ ᠮᠠᠯᠴᠢᠨ ᠲᠠᠷᠢᠶᠠᠴᠢᠨ ᠤ ᠬᠦᠰᠡᠵᠦ ᠰᠠᠨᠠᠭᠰᠠᠨ ᠵᠦᠢᠯ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ  ᠳᠡᠭᠡᠭᠰᠢᠯᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号