ᠰᠧ ᠳ᠋ᠤᠤ ᠸᠠᠨ ᠽᠢ ᠪᠠᠯᠭᠠᠰᠤ ᠨᠤᠲᠤᠭ ᠤᠨ ᠮᠡᠷᠭᠡᠳ ᠢ ᠬᠥᠲᠥᠯᠥᠨ ᠵᠢᠯᠤᠭᠤᠳᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/12/25
      ᠤᠢᠢᠷ᠎ᠠ ᠶᠢᠨ ᠵᠢᠯ ᠠᠴᠠ᠂ ᠰᠧ ᠳ᠋ᠤᠤ ᠸᠠᠨ ᠽᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠤᠲᠤᠭ ᠤᠨ ᠮᠡᠷᠭᠡᠳ ᠤᠨ ᠰᠣᠶᠣᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠶᠢᠨ ᠲᠣᠭᠤᠷᠢᠨ ᠳᠤ᠂ ᠲᠤᠰ ᠭᠠᠵᠠᠷ ᠤᠨ ᠡᠯᠪᠡᠭ ᠪᠠᠶᠠᠯᠢᠭ ᠨᠤᠲᠤᠭ ᠤᠨ ᠮᠡᠷᠭᠡᠳ ᠤᠨ ᠰᠣᠶᠣᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ︽ᠨᠤᠲᠤᠭ ᠤᠨ ᠮᠡᠷᠭᠡᠳ︾ ᠤᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠤᠯᠠᠮᠵᠢᠯᠠᠨ ᠪᠠᠳᠠᠷᠠᠭᠤᠯᠬᠤ ᠪᠠ ᠰᠢᠨ᠎ᠡ ᠶᠢ ᠡᠭᠦᠳᠦᠨ ᠬᠥᠭᠵᠢᠭᠦᠯᠬᠦ ᠠᠵᠢᠯ ᠢ ᠬᠦᠴᠦᠯᠡᠨ ᠰᠠᠶᠢᠲᠤᠷ ᠬᠢᠵᠦ᠂ ᠠᠳᠠᠯᠢ ᠪᠤᠰᠤ ᠬᠦᠷᠢᠶᠡᠨ ᠤ ︽ᠨᠤᠲᠤᠭ ᠤᠨ ᠮᠡᠷᠭᠡᠳ︾ ᠢ ᠤᠯᠠᠨ ᠲᠦᠮᠡᠨ ᠤ ᠳᠡᠷᠭᠡᠳᠡᠬᠢ ᠵᠠᠮᠴᠢᠯᠠᠭᠴᠢ᠂ ᠪᠣᠯᠪᠠᠰᠤᠨ ᠨᠤᠲᠤᠭ ᠤᠨ ᠮᠡᠷᠭᠡᠳ᠂ ᠬᠥᠳᠡᠭᠡ ᠲᠣᠰᠬᠤᠨ ᠤ ᠵᠠᠰᠠᠯᠲᠠ ᠶᠢᠨ ᠡᠶᠡᠳᠡᠭᠦᠯᠦᠭᠴᠢ᠂ ᠬᠥᠳᠡᠭᠡ ᠲᠣᠰᠬᠤᠨ ᠤ ᠵᠠᠰᠠᠯᠲᠠ ᠶᠢ ᠳᠠᠮᠵᠢᠭᠤᠯᠤᠭᠴᠢ᠂ ᠪᠠᠶᠠᠵᠢᠯ ᠢ ᠳᠠᠶᠢᠴᠢᠯᠠᠬᠤ ᠲᠠᠭᠠᠭᠤᠯᠤᠬᠴᠢ ᠪᠣᠯᠭᠠᠪᠠ᠃    ᠨᠢᠭᠡ ᠳᠤ᠂ ᠡᠷᠲᠡᠨ ᠡᠳᠦᠭᠡ ᠶᠢᠨ ᠨᠤᠲᠤᠭ ᠤᠨ ᠮᠡᠷᠭᠡᠳ ᠢ ᠠᠭᠤᠳᠠᠯᠵᠤ᠂ ᠨᠤᠲᠤᠭ ᠤᠨ ᠮᠡᠷᠭᠡᠳ  ᠤᠨ  ᠰᠤᠶᠤᠯ ᠢ ᠤᠯᠠᠮᠵᠢᠯᠠᠨ ᠵᠠᠯᠭᠠᠮᠵᠢᠯᠠᠨ᠎ᠠ᠃ ᠣᠶᠢᠷ᠎ᠠ ᠶᠢᠨ ᠬᠡᠳᠦᠨ ᠵᠢᠯ ᠳᠤ ᠨᠤᠲᠤᠭ ᠤᠨ ᠮᠡᠷᠭᠡᠳ ᠤᠨ ᠲᠥᠯᠥᠭᠡᠯᠡᠭᠴᠢ ᠶᠢ ᠶᠡᠬᠡᠪᠡᠷ ᠠᠭᠤᠳᠠᠯᠵᠤ᠂ ᠣᠯᠠᠨ ᠲᠦᠮᠡᠨ ᠤ ᠢᠲᠡᠭᠡᠵᠦ ᠪᠣᠯᠬᠤᠶᠢᠴᠠ ᠳᠡᠷᠭᠡᠳᠡᠬᠢ ᠳᠠᠭᠤᠷᠢᠶᠠᠯ ᠪᠣᠯᠵᠤ᠂ ᠨᠤᠲᠤᠭ ᠤᠨ ᠮᠡᠷᠭᠡᠳ ᠤᠨ ᠰᠣᠶᠣᠯ ᠤᠨ ᠤᠬᠠᠭᠤᠯᠭ᠎ᠠ ᠶᠢᠨ ᠠᠭᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃    ᠬᠤᠶᠠᠷ ᠲᠤ᠂ ᠶᠣᠰᠣ ᠰᠤᠷᠲᠠᠬᠤᠨ ᠢ ᠳᠡᠭᠡᠳᠦᠯᠡᠵᠦ᠂ ᠪᠣᠯᠪᠠᠰᠤᠨ ᠨᠤᠲᠤᠭ ᠤᠨ ᠰᠤᠷᠲᠠᠯ ᠢ ᠬᠦᠳᠦᠯᠦᠨ ᠳᠠᠭᠠᠭᠤᠯᠤᠨ᠎ᠠ᠃ ᠲᠣᠮᠣ ᠬᠡᠯᠪᠡᠷᠢ ᠶᠢᠨ ᠠᠵᠢᠯᠯᠠᠭ᠎ᠠ ᠪᠠ ᠴᠢᠬᠤᠯᠠ ᠶᠡᠭᠡ ᠪᠠᠶᠠᠷ ᠤᠨ ᠡᠳᠦᠷ ᠤᠨ ᠦᠶ᠎ᠡ ᠳᠤ ᠶᠣᠰᠣ ᠰᠤᠷᠲᠠᠬᠤᠨ ᠤ ᠵᠢᠱᠢᠶᠡᠴᠢ ᠪᠠ ᠳᠡᠷᠭᠡᠳᠡᠬᠢ ᠰᠠᠶᠢᠨ ᠬᠥᠮᠦᠨ᠂ ᠨᠤᠲᠤᠭ ᠤᠨ ᠮᠡᠷᠭᠡᠳ ᠤᠨ ᠲᠥᠯᠥᠭᠡᠯᠡᠭᠴᠢ ᠶᠢ ᠤᠷᠢᠵᠤ ᠣᠷᠣᠯᠴᠠᠭᠤᠯᠵᠤ᠂ ᠶᠣᠰᠣ ᠰᠤᠷᠲᠠᠬᠤᠨ ᠢ ᠡᠷᠬᠢᠮᠯᠡᠨ ᠰᠠᠶᠢᠨ ᠰᠠᠶᠢᠬᠠᠨ ᠢ ᠲᠡᠳᠬᠦᠬᠦ ᠵᠢᠱᠢᠶᠡᠴᠢ ᠠᠵᠢᠯᠯᠠᠭ᠎ᠠ ᠶᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠵᠦ᠂ ᠨᠡᠶᠢᠭᠡᠮ ᠳᠠᠶᠠᠭᠠᠷ ᠲᠤ ᠶᠣᠰᠣ ᠰᠤᠷᠲᠠᠬᠤᠨ ᠢ ᠡᠷᠬᠢᠮᠯᠡᠨ ᠰᠠᠶᠢᠨ ᠰᠠᠶᠢᠬᠠᠨ ᠢ ᠬᠥᠭᠡᠭᠡᠴᠡᠯᠳᠦᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠬᠥᠳᠡᠭᠡ ᠲᠣᠰᠬᠤᠨ ᠤ ᠬᠡᠪ ᠰᠤᠷᠲᠠᠯ ᠢ ᠪᠣᠯᠪᠠᠰᠤᠨ ᠢᠶᠠᠷ ᠥᠭᠡᠷᠡᠴᠢᠯᠡᠬᠦ ᠶᠢ ᠠᠬᠢᠭᠤᠯᠬᠤ ᠠᠵᠢᠯᠯᠠᠭ᠎ᠠ ᠳᠤᠮᠳᠠ᠂ ᠬᠥᠳᠡᠭᠡ ᠲᠣᠰᠬᠤᠨ ᠤ ᠶᠣᠰᠣ ᠰᠤᠷᠲᠠᠬᠤᠨ ᠢᠶᠠᠷ ᠵᠠᠰᠠᠬᠤ ᠶᠢ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠦᠵᠡᠯᠲᠡ ᠶᠢ ᠨᠢ ᠬᠤᠪᠢᠷᠠᠭᠤᠯᠵᠤ᠂ ᠮᠠᠭᠤ ᠦᠵᠡᠯ ᠰᠠᠨᠠᠭ᠎ᠠ ᠪᠠ ᠬᠠᠭᠤᠴᠢᠨ ᠶᠣᠰᠣ ᠪᠦᠳᠦᠭᠦᠯᠢᠭ ᠵᠠᠩᠰᠢᠯ ᠢ ᠵᠠᠯᠠᠷᠠᠭᠤᠯᠵᠤ᠂ ᠪᠣᠯᠪᠠᠰᠤᠨ ᠤ ᠦᠢᠯᠡᠳᠦᠯᠭᠡ ᠨᠢ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠢ ᠬᠥᠲᠥᠯᠥᠨ ᠳᠠᠭᠠᠭᠤᠯᠬᠤ ᠠᠭᠤᠷ ᠠᠮᠢᠰᠬᠤᠯ ᠤᠯᠠᠮ ᠠᠴᠠ ᠤᠯᠠᠮ ᠥᠳᠬᠡᠷᠡᠵᠦ᠂ ︽ᠨᠤᠲᠤᠭ ᠤᠨ ᠮᠡᠷᠭᠡᠳ︾ ᠨᠢ ᠪᠣᠯᠪᠠᠰᠤᠨ ᠨᠤᠲᠤᠭ ᠤᠨ ᠰᠤᠷᠲᠠᠯ ᠤᠨ ᠳᠠᠮᠵᠢᠭᠤᠯᠤᠭᠴᠢ ᠪᠣᠯᠤᠭᠰᠠᠨ ᠪᠠᠶᠢᠨ᠎ᠠ᠃    ᠭᠤᠷᠪᠠ ᠳᠤ᠂ ᠢᠳᠡᠪᠬᠢᠲᠡᠢ ᠪᠠᠷ ᠲᠠᠪᠴᠠᠩ ᠪᠠᠶᠢᠭᠤᠯᠵᠤ᠂ ᠬᠥᠳᠡᠭᠡ ᠲᠣᠰᠬᠤᠨ ᠤ ᠵᠠᠰᠠᠯᠲᠠ ᠳᠤ ᠬᠦᠴᠦᠨ ᠨᠡᠮᠡᠷᠢᠯᠡᠪᠡ᠃ ︽ᠨᠤᠲᠤᠭ ᠤᠨ ᠮᠡᠷᠭᠡᠳ︾ ᠳᠤ ᠲᠠᠪᠴᠠᠩ ᠪᠠᠶᠢᠭᠤᠯᠤᠨ ᠥᠭᠴᠦ᠂ ᠲᠡᠳᠡᠨ ᠢ ᠤᠯᠠᠨ ᠲᠦᠮᠡᠨ ᠤ ᠰᠤᠷᠪᠤᠯᠵᠢᠯᠠᠬᠤ ᠪᠠᠷ ᠢᠷᠡᠭᠰᠡᠨ᠂ ᠵᠥᠷᠢᠴᠡᠯ ᠢ ᠡᠶᠡᠳᠡᠭᠦᠯᠬᠦ ᠳᠤ ᠣᠷᠣᠯᠴᠠᠭᠤᠯᠵᠤ᠂ ᠨᠡᠶᠢᠭᠡᠮ ᠤᠨ ᠲᠣᠭᠲᠠᠭᠤᠨ ᠳᠤ ᠬᠦᠴᠦᠨ ᠴᠢᠳᠠᠯ  ᠢ ᠨᠢ ᠡᠷᠭᠦᠭᠦᠯᠦᠨ᠎ᠡ᠃    ᠲᠦᠷᠪᠡ ᠳᠤ᠂ ᠠᠵᠤ ᠦᠢᠯᠡᠰ ᠤᠨ ᠲᠦᠷᠦᠯ ᠵᠦᠢᠯ ᠢ ᠬᠦᠳᠦᠯᠦᠨ ᠳᠠᠭᠠᠭᠤᠯᠵᠤ᠂ ᠤᠯᠠᠨ ᠲᠦᠮᠡᠨ ᠢ ᠲᠠᠶᠢᠴᠢᠯᠠᠨ ᠪᠠᠶᠠᠵᠢᠭᠤᠯᠪᠠ᠃ ᠨᠤᠲᠤᠭ ᠤᠨ ᠮᠡᠷᠭᠡᠳ ᠤᠨ ᠪᠡᠯᠡ ᠮᠥᠩᠭᠦ ᠶᠢᠨ ᠪᠤᠴᠠᠬᠤ᠂ ᠠᠵᠤ ᠠᠬᠤᠶᠢᠯᠠᠯ ᠢᠶᠠᠷ ᠳᠠᠶᠢᠴᠢᠯᠠᠬᠤ᠂ ᠴᠢᠳᠠᠪᠤᠷᠢᠲᠠᠨ ᠴᠤᠭᠯᠠᠭᠤᠯᠬᠤ ᠵᠡᠷᠭᠡ ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠦᠢᠯᠡᠰ ᠢ ᠬᠥᠭᠵᠢᠭᠦᠯᠵᠦ᠂ ᠠᠵᠢᠯ ᠣᠯᠭᠤᠯᠲᠠ ᠳᠤ ᠣᠷᠣᠯᠴᠠᠵᠤ᠂ ᠤᠯᠠᠨ ᠲᠦᠮᠡᠨ ᠢ ᠲᠠᠶᠢᠴᠢᠯᠠᠨ  ᠪᠠᠶᠠᠵᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号