ᠠᠣᠬᠠᠨ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ︽ᠭᠤᠷᠪᠠᠨ  ᠦᠢᠯᠡᠴᠢᠯᠡᠭᠡ︾ ᠨᠢ ᠴᠢᠬᠤᠯᠠ ᠶᠡᠭᠡ ᠲᠥᠷᠥᠯ ᠵᠦᠢᠯ ᠤᠨ ᠤᠷᠤᠭᠰᠢᠲᠠᠶ ᠳᠠᠭᠠᠭᠠᠴᠢᠯᠠᠯᠲᠠ ᠵᠠᠷᠯᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ
ᠨᠡᠶᠢᠲᠡᠯᠡᠭᠰᠡᠨ ᠴᠠᠭ᠄
2023/12/26
    ᠴᠢᠬᠤᠯᠠ ᠶᠡᠭᠡ ᠲᠥᠷᠥᠯ ᠵᠦᠢᠯ ᠤᠨ ᠤᠷᠤᠭᠰᠢᠲᠠᠶ ᠳᠠᠭᠠᠭᠠᠴᠢᠯᠠᠯᠲᠠ ᠵᠠᠷᠯᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠠᠣᠬᠠᠨ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠦᠢᠯᠡᠴᠢᠯᠡᠭᠡᠨ ᠤ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠢᠯᠡᠴᠢᠯᠡᠭᠡᠨ ᠤ ᠪᠠᠷᠢᠮᠵᠢᠶ᠎ᠠ ᠶᠢ ᠴᠢᠩᠭᠠᠷᠠᠭᠤᠯᠤᠨ᠂ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠢᠯᠡ ᠲᠣᠳᠣ᠂ ᠵᠢᠷᠤᠮᠵᠢᠯ ᠲᠠᠢ᠂ ᠲᠥᠪ ᠭᠤᠤᠯᠴᠢ᠂ ᠥᠨᠳᠥᠷ ᠪᠦᠲᠦᠮᠵᠢᠲᠡᠶ ᠲᠡᠷᠢᠭᠦᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠣᠷᠴᠢᠨ ᠲᠣᠭᠤᠷᠢᠨ ᠢ ᠢᠳᠡᠪᠬᠢᠲᠡᠶ ᠪᠣᠶ ᠪᠣᠯᠭᠠᠵᠤ᠂ ︽ᠭᠤᠷᠪᠠᠨ ᠦᠢᠯᠡᠴᠢᠯᠡᠭᠡ︾ ᠶᠢᠨ ᠪᠠᠲᠤᠯᠠᠭ᠎ᠠ ᠶᠢᠨ ᠲᠣᠭᠲᠠᠴᠠ ᠶᠢ ᠬᠡᠷᠡᠭᠵᠢᠭᠦᠯᠦᠨ᠂ ᠲᠥᠷᠥᠯ ᠵᠦᠢᠯ ᠤᠨ ᠢᠯᠡ ᠪᠥᠭᠡᠳ ᠵᠢᠷᠤᠮᠵᠢᠭᠰᠠᠨ ᠠᠷᠠᠯᠵᠢᠶ᠎ᠠ ᠶᠢ ᠭᠦᠢᠴᠡᠳ ᠪᠠᠲᠤᠯᠠᠵᠤ᠂ ᠳᠠᠭᠠᠭᠠᠴᠢᠯᠠᠯᠲᠠ ᠦᠨᠡᠯᠡᠬᠦ ᠶᠠᠰᠤ ᠴᠢᠨᠠᠷ ᠵᠢᠴᠢ ᠦᠷ᠎ᠡ ᠪᠦᠲᠦᠮᠵᠢ ᠶᠢ ᠳᠡᠭᠡᠭᠰᠢᠯᠡᠭᠦᠯᠪᠡ᠃    ᠨᠢᠭᠡ ᠳᠤ᠂ ︽ᠬᠡᠷᠡᠭᠴᠡᠭᠡ ᠱᠠᠭᠠᠷᠳᠠᠯᠭ᠎ᠠ ᠶᠢ  ᠠᠰᠠᠭᠤᠵᠤ︾ ᠰᠠᠨᠠᠭᠠᠴᠢᠯᠠᠭ᠎ᠠ ᠠᠴᠠ ᠪᠠᠨ  ᠦᠢᠯᠡᠴᠢᠯᠡᠨ᠎ᠡ᠃ ᠳᠠᠭᠠᠭᠠᠴᠢᠯᠠᠯᠲᠠ ᠵᠠᠷᠯᠠᠭᠴᠢ ᠵᠢᠴᠢ ᠣᠷᠣᠯᠠᠬᠤ ᠪᠠᠶᠢᠭᠤᠯᠤᠮᠵᠢ᠂ ᠬᠢᠨᠠᠯᠲᠠ ᠲᠠᠯᠪᠢᠬᠤ ᠪᠠᠶᠢᠭᠤᠯᠤᠮᠵᠢ ᠲᠠᠢ ᠭᠠᠳᠠᠭᠰᠢ ᠢᠳᠡᠪᠬᠢᠲᠡᠶ ᠵᠣᠯᠭᠠᠭᠤᠯᠵᠤ᠂ ᠲᠥᠷᠥᠯ ᠵᠦᠢᠯ ᠤᠨ ᠦᠨᠳᠦᠰᠦᠨ ᠪᠠᠶᠢᠳᠠᠯ ᠪᠠ ᠲᠤᠬᠠᠶ ᠶᠢᠨ ᠲᠠᠯᠠᠪᠤᠷ ᠤᠨ ᠣᠨᠴᠠᠭᠠᠶ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠤᠶᠢᠯᠠᠭᠠᠨ᠎ᠠ︔ ᠳᠣᠲᠣᠭᠠᠳᠤ ᠳᠠᠭᠠᠨ ᠳᠠᠭᠠᠭᠠᠴᠢᠯᠠᠯᠲᠠ ᠬᠢᠬᠦ ᠳᠤ ᠭᠠᠷᠴᠤ ᠮᠡᠳᠡᠬᠦ ᠠᠶᠤᠯ ᠲᠦᠭᠰᠢᠭᠦᠷᠢ ᠶᠢᠨ ᠴᠡᠭ ᠢ ᠨᠠᠷᠢᠨ ᠨᠢᠮᠪᠠᠶ ᠵᠠᠳᠠᠯᠤᠨ ᠰᠤᠳᠤᠯᠵᠤ ᠮᠠᠭᠠᠳᠯᠠᠭᠠᠳ᠂ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ  ᠰᠢᠢᠳᠪᠦᠷᠢᠯᠡᠬᠦ ᠵᠢᠴᠢ ᠲᠠᠯᠠᠪᠤᠷ ᠭᠠᠵᠠᠷ ᠤᠨ  ᠦᠢᠯᠡᠴᠢᠯᠡᠭᠡᠨ ᠤ ᠪᠡᠯᠡᠳᠬᠡᠯ ᠠᠵᠢᠯ ᠢ ᠰᠠᠶᠢᠲᠤᠷ ᠬᠢᠨ᠎ᠠ᠃    ᠬᠤᠶᠠᠷ ᠲᠤ᠂ ︽ᠨᠢᠭᠡ ᠨᠢᠭᠡ ᠪᠠᠷ ᠳᠠᠭᠠᠭᠠᠨ  ᠠᠪᠴᠤ︾ ᠨᠠᠷᠢᠯᠢᠭ  ᠣᠨᠤᠪᠴᠢᠲᠠᠢ  ᠪᠠᠷ ᠦᠢᠯᠡᠴᠢᠯᠡᠬᠦ ᠶᠢ ᠬᠡᠷᠡᠭᠵᠢᠭᠦᠯᠦᠨ᠎ᠡ᠃ ᠳᠠᠭᠠᠭᠠᠴᠢᠯᠠᠯᠲᠠ ᠬᠦᠯᠢᠶᠡᠨ ᠠᠪᠴᠤ ᠳᠠᠭᠠᠭᠠᠴᠢᠯᠠᠯᠲᠠ ᠨᠡᠶᠢᠲᠡᠯᠡᠬᠦ ᠬᠤᠭᠤᠴᠠᠭᠠᠨ ᠳᠤ᠂ ᠠᠵᠢᠯᠲᠠᠳ ᠳᠠᠭᠠᠭᠠᠴᠢᠯᠠᠯᠲᠠ ᠵᠠᠷᠯᠠᠬᠤ ᠡᠮᠬᠢ ᠳᠢᠭᠯᠢᠮ ᠢ ᠬᠠᠪᠰᠤᠷᠤᠨ ᠬᠠᠮᠠᠭᠠᠯᠠᠨ᠎ᠠ︔ ᠳᠠᠭᠠᠭᠠᠴᠢᠯᠠᠯᠲᠠ ᠦᠨᠡᠯᠡᠬᠦ ᠬᠤᠭᠤᠴᠠᠭᠠᠨ ᠳᠤ᠂ ᠲᠤᠰᠬᠠᠶ ᠬᠥᠮᠦᠨ ᠲᠣᠬᠢᠷᠠᠭᠤᠯᠵᠤ ᠲᠥᠷᠥᠯ ᠵᠦᠢᠯ ᠤᠨ ᠣᠷᠣᠯᠠᠬᠤ ᠪᠠᠶᠢᠭᠤᠯᠤᠮᠵᠢ᠂ ᠬᠢᠨᠠᠯᠲᠠ ᠲᠠᠯᠪᠢᠬᠤ ᠠᠵᠢᠯᠲᠠᠨ ᠲᠠᠢ ᠵᠣᠯᠭᠠᠭᠤᠯᠬᠤ ᠪᠥᠬᠦ ᠶᠠᠪᠤᠴᠠ ᠳᠤ ᠮᠥᠷᠳᠡᠨ ᠦᠢᠯᠡᠴᠢᠯᠡᠭᠦᠯᠬᠦ ᠬᠡᠷᠡᠭᠲᠡᠶ︔ ᠪᠦᠯᠬᠦᠮ ᠢ ᠵᠣᠬᠢᠶᠠᠨ ᠪᠠᠶᠢᠭᠤᠯᠤᠨ ᠪᠠᠲᠤᠯᠠᠭ᠎ᠠ ᠶᠢᠨ ᠪᠦᠯᠬᠦᠮ ᠨᠢ ᠲᠠᠰᠤᠯᠳᠠᠭᠤᠯᠬᠤ ᠦᠭᠡᠢ ᠪᠠᠷ ᠵᠢᠵᠢᠭᠦᠷᠯᠡᠵᠦ᠂ ᠤᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠬᠦ ᠳᠤ ᠲᠦᠷᠦᠯ ᠵᠦᠢᠯ ᠳᠤ ᠤᠷᠢᠳᠠᠪᠠᠷ ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ᠂ ᠲᠥᠷᠥᠯ ᠵᠦᠢᠯ ᠤᠨ ᠳᠠᠭᠠᠭᠠᠴᠢᠯᠠᠯᠲᠠ ᠦᠨᠡᠯᠡᠬᠦ ᠲᠠᠰᠤᠭ ᠤᠨ ᠣᠶᠢᠷ᠎ᠠ ᠬᠠᠪᠢ ᠶᠢᠨ ᠣᠷᠣᠵᠤ ᠭᠠᠷᠬᠤ ᠭᠠᠵᠠᠷ ᠤᠨ ᠬᠢᠨᠠᠨ ᠡᠵᠡᠮᠳᠡᠬᠦ ᠤᠳᠠᠭ᠎ᠠ ᠶᠢ ᠨᠡᠮᠡᠭᠳᠡᠭᠦᠯᠵᠦ᠂ ᠲᠥᠷᠥᠯ ᠵᠦᠢᠯ ᠤᠨ ᠲᠣᠭᠲᠠᠭᠤᠨ ᠢᠶᠠᠷ ᠠᠷᠠᠯᠵᠢᠶᠠᠯᠠᠬᠤ ᠶᠢ ᠪᠠᠲᠤᠯᠠᠨ᠎ᠠ᠃    ᠭᠤᠷᠪᠠ ᠳᠤ᠂ ︽ᠡᠭᠦᠳᠡ ᠪᠠᠨ ᠬᠠᠭᠠᠬᠤ ᠥᠬᠡᠶ︾ ᠪᠠᠶᠢᠬᠤ ᠶᠢ ᠪᠡᠶᠡᠯᠡᠭᠦᠯᠦᠨ᠎ᠡ᠃ ᠴᠢᠬᠤᠯᠠ ᠶᠡᠭᠡ ᠨᠠᠷᠢᠨ ᠪᠤᠳᠤᠯᠢᠶᠠᠨᠲᠠᠶ ᠲᠥᠷᠥᠯ ᠵᠦᠢᠯ ᠢ ᠪᠦᠷᠢᠨ ᠪᠢᠲᠡᠭᠦᠮᠵᠢᠯᠡᠵᠦ ᠳᠠᠭᠠᠭᠠᠴᠢᠯᠠᠯᠲᠠ ᠦᠨᠡᠯᠡᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠲᠥᠪ ᠲᠤ ᠲᠤᠰᠬᠠᠶ ᠮᠡᠷᠭᠡᠵᠢᠯᠲᠡᠨ ᠰᠥᠨᠢᠵᠢᠨ ᠳᠠᠭᠠᠭᠠᠴᠢᠯᠠᠯᠲᠠ ᠦᠨᠡᠯᠡᠬᠦ ᠲᠤᠰᠬᠠᠶ ᠠᠰᠠᠷ ᠤᠨ ᠳᠠᠪᠬᠤᠷᠭ᠎ᠠ ᠲᠣᠬᠢᠷᠠᠭᠤᠯᠵᠤ᠂ ᠢᠵᠢ ᠪᠥᠷᠢᠳᠦᠭᠦᠯᠵᠦ᠂ ᠴᠢᠳᠠᠮᠵᠢ ᠶᠢᠨ ᠬᠤᠪᠢᠶᠠᠷᠢᠯᠠᠯ ᠲᠣᠳᠣᠷᠬᠠᠶ ᠪᠠᠶᠢᠳᠠᠭ᠃ ᠳᠠᠭᠠᠭᠠᠴᠢᠯᠠᠯᠲᠠ ᠰᠢᠯᠭᠠᠷᠠᠭᠤᠯᠬᠤ ᠬᠤᠭᠤᠴᠠᠭᠠᠨ ᠳᠤ᠂ ᠳᠠᠭᠠᠭᠠᠴᠢᠯᠠᠯᠲᠠ ᠰᠢᠯᠭᠠᠷᠠᠭᠤᠯᠬᠤ ᠲᠤᠰᠬᠠᠶ ᠮᠡᠷᠭᠡᠵᠢᠯᠲᠡᠳ ᠴᠢᠩᠭ᠎ᠠ ᠪᠢᠲᠡᠭᠦᠮᠵᠢᠯᠡᠭᠰᠡᠨ ᠬᠡᠯᠪᠡᠷᠢ ᠶᠢᠨ ᠬᠠᠮᠢᠶᠠᠷᠤᠯᠲᠠ᠂ ᠭᠠᠷ ᠤᠲᠠᠰᠤ ᠵᠡᠷᠭᠡ ᠴᠢᠮᠡᠭᠡ ᠬᠤᠯᠪᠣᠭᠠᠨ ᠤ ᠪᠠᠭᠠᠵᠢ ᠶᠢ ᠨᠢᠭᠡᠳᠦᠯᠲᠡᠶ ᠪᠢᠲᠡᠭᠦᠮᠵᠢᠯᠡᠵᠦ ᠬᠠᠳᠠᠭᠠᠯᠠᠨ᠂ ᠭᠠᠳᠠᠭᠠᠳᠤ ᠣᠷᠴᠢᠨ ᠤ ᠠᠯᠢᠪᠠ ᠳ᠋ᠢᠶᠠᠩᠬᠤᠸᠠ᠂ ᠰᠦᠯᠵᠢᠶ᠎ᠡ ᠪᠠᠷ ᠬᠠᠷᠢᠯᠴᠠᠬᠤ ᠶᠢ ᠲᠠᠰᠤᠯᠪᠠ︔ ᠳᠠᠭᠤ ᠲᠡᠭᠦᠬᠦ ᠬᠢᠨᠠᠨ ᠡᠵᠡᠮᠳᠡᠬᠦ ᠦᠢᠯᠡᠳᠦᠯ ᠢ  ᠭᠦᠢᠴᠡᠳ ᠪᠠᠳᠠᠷᠠᠭᠤᠯᠵᠤ᠂ ᠳᠠᠭᠠᠭᠠᠴᠢᠯᠠᠯᠲᠠ ᠦᠨᠡᠯᠡᠬᠦ ᠣᠷᠣᠨ ᠤ ᠳᠣᠲᠣᠷᠠᠬᠢ ᠳᠠᠭᠠᠭᠠᠴᠢᠯᠠᠯᠲᠠ ᠦᠨᠡᠯᠡᠬᠦ ᠲᠤᠰᠬᠠᠶ ᠮᠡᠷᠭᠡᠵᠢᠯᠲᠡᠨ ᠵᠢᠴᠢ ᠬᠠᠮᠢᠶ᠎ᠠ ᠪᠥᠬᠦᠶ ᠠᠵᠢᠯᠲᠠᠨ ᠤ ᠪᠥᠬᠦ ᠶᠠᠪᠤᠴᠠ ᠳᠤ ᠴᠠᠭ ᠲᠤᠬᠠᠶ ᠳᠤᠨᠢ ᠬᠢᠨᠠᠯᠲᠠ ᠲᠠᠯᠪᠢᠵᠤ᠂ ᠪᠦᠬᠦ᠋ᠢᠯᠡ ᠳᠠᠭᠠᠭᠠᠴᠢᠯᠠᠯᠲᠠ ᠦᠨᠡᠯᠡᠬᠦ ᠶᠠᠪᠤᠴᠠ ᠶᠢᠨ ᠲᠥᠪ ᠴᠢᠩᠭ᠎ᠠ ᠴᠢᠨᠠᠷ ᠪᠠ ᠲᠥᠪ ᠭᠤᠤᠯᠴᠢ ᠴᠢᠨᠠᠷ ᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ 24 ᠴᠠᠭ ᠤᠨ ᠳᠣᠲᠣᠷ᠎ᠠ ᠬᠤᠤᠰ ᠬᠥᠮᠦᠨ ᠤ ᠵᠢᠵᠢᠭᠦᠷᠯᠡᠨ ᠰᠠᠬᠢᠬᠤ ᠶᠢ ᠪᠠᠷᠢᠮᠲᠠᠯᠠᠵᠤ᠂ ᠰᠢᠯᠭᠠᠷᠠᠭᠤᠯᠬᠤ ᠺᠣᠮᠢᠰ ᠤᠨ ᠳᠠᠭᠠᠭᠠᠴᠢᠯᠠᠯᠲᠠ ᠦᠨᠡᠯᠡᠬᠦ ᠶᠠᠪᠤᠴᠠ ᠳᠤ ᠲᠤᠯᠭᠠᠷᠠᠭᠰᠠᠨ ᠮᠡᠷᠭᠡᠵᠢᠯ ᠤᠨ ᠠᠰᠠᠭᠤᠳᠠᠯ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠵᠣᠬᠢᠴᠠᠭᠤᠯᠤᠨ ᠰᠢᠢᠳᠪᠦᠷᠢᠯᠡᠵᠦ᠂ ᠲᠤᠰᠬᠠᠶ ᠮᠡᠷᠭᠡᠵᠢᠯᠲᠡᠨ ᠤ ᠡᠷᠡᠭᠦᠯ ᠮᠡᠨᠳᠦ ᠶᠢᠨ ᠯᠠᠪᠯᠠᠨ ᠠᠰᠠᠭᠤᠬᠤ ᠪᠠ ᠠᠮᠠᠷᠠᠬᠤ ᠰᠠᠨᠠᠭᠤᠯᠭ᠎ᠠ ᠶᠢ ᠴᠠᠭ ᠲᠤᠨᠢ ᠳᠣᠭᠢᠷᠠᠭᠤᠯᠤᠨ ᠰᠢᠢᠳᠪᠦᠷᠢᠯᠡᠵᠦ᠂ ᠳᠠᠭᠠᠭᠠᠴᠢᠯᠠᠯᠲᠠ ᠦᠨᠡᠯᠡᠬᠦ ᠶᠠᠪᠤᠴᠠ ᠶᠢᠨ ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠪᠣᠳᠠᠲᠠᠶᠢᠵᠢᠭᠤᠯᠬᠤ ᠶᠢ ᠦᠨᠡᠨᠬᠦ  ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号