ᠠᠤᠬᠠᠨ ᠬᠤᠰᠢᠭᠤ ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠵᠢᠴᠢ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/12/26
    ᠰᠢ ᠶᠢᠨ ᠫᠢᠩ ᠶᠡᠷᠦᠩᠬᠡᠶ ᠱᠦᠵᠢ ᠶᠢᠨ ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠲᠤᠬᠠᠶ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂  ᠣᠷᠤᠨ ᠬᠤᠲᠠ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ  ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ  ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠬᠢᠷᠢ ᠲᠦᠪᠰᠢᠨ ᠪᠠ ᠺᠠᠳ᠋ᠷ ᠤᠨ ᠲᠤᠰᠬᠠᠶᠢᠵᠢᠭᠰᠠᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠦᠯᠦᠭᠡ ᠂ 12 ᠰᠠᠷ᠎ᠠ ᠶᠢᠨ 21 ᠤ ᠡᠳᠦᠷ ᠠᠴᠠ 22 ᠤᠨ ᠡᠳᠦᠷ᠂ ᠮᠠᠨ ᠤ ᠬᠤᠰᠢᠭᠤ ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠵᠢᠴᠢ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ᠃ ᠪᠥᠬᠦ ᠬᠤᠰᠢᠭᠤᠨ ᠤ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠪᠠ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ᠂ 12345 ᠬᠠᠯᠠᠮᠰᠢᠯ ᠤᠲᠠᠰᠤᠨ ᠤ ᠠᠵᠢᠯ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠠᠵᠢᠯᠲᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠪᠥᠬᠦ ᠠᠵᠢᠯᠲᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠵᠡᠷᠭᠡ 150 ᠭᠠᠷᠤᠶ  ᠬᠦᠮᠦᠰ  ᠪᠣᠯᠪᠠᠰᠤᠷᠠᠯ ᠳᠤ ᠣᠷᠣᠯᠴᠠᠪᠠ᠃
C:\Users\Administrator\Desktop\10.jpg   
    ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠦᠩ ᠹᠦ᠋ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠪᠣᠯᠪᠠᠰᠤᠷᠠᠯ ᠤᠨ ᠳᠠᠶᠢᠴᠢᠯᠠᠯᠲᠠ ᠬᠢᠪᠡ᠃ ᠲᠡᠷᠡ᠂  ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠴᠢᠬᠤᠯᠠ ᠠᠷᠭ᠎ᠠ ᠬᠡᠮᠵᠢᠶ᠎ᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠶᠢᠯᠠᠰᠢ ᠦᠭᠡᠢ ᠵᠠᠮᠨᠠᠬᠤ ᠵᠠᠮ᠂ ᠺᠠᠳ᠋ᠷ ᠤᠨ ᠰᠤᠷᠲᠠᠯ ᠢ ᠳᠠᠪᠲᠠᠨ ᠪᠣᠯᠪᠠᠰᠤᠷᠠᠭᠤᠯᠬᠤ ᠬᠦᠴᠦᠲᠡᠢ ᠭᠠᠷᠳᠠᠴᠠ ᠮᠥᠨ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠨᠠᠷᠢᠯᠢᠭ ᠣᠨᠤᠪᠴᠢᠲᠠᠢ ᠠᠷᠭ᠎ᠠ ᠬᠡᠮᠵᠢᠶ᠎ᠡ ᠶᠢ ᠴᠢᠩᠭᠠᠳᠬᠠᠵᠤ᠂ ᠲᠣᠰ ᠤᠳᠠᠭᠠᠨ ᠤ  ᠪᠣᠯᠪᠠᠰᠤᠷᠠᠯ  ᠢᠶᠠᠷ ᠠᠵᠠ ᠲᠣᠬᠢᠶᠠᠯ ᠪᠣᠯᠭᠠᠵᠤ᠂ ᠠᠵᠤ ᠠᠬᠤᠶᠢᠯᠠᠯ ᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠪᠠ ᠵᠠᠰᠠᠭ ᠤᠨ ᠣᠷᠳᠣᠨ ᠤ ᠦᠢᠯᠡᠴᠢᠯᠡᠭᠡᠨ ᠤ ᠬᠢᠷᠢ ᠲᠦᠪᠰᠢᠨ ᠢ ᠴᠢᠩᠭ᠎ᠠ ᠠᠩᠬᠠᠷᠴᠤ᠂ ᠠᠵᠢᠯ ᠤᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠰᠠᠶᠢᠵᠢᠷᠠᠭᠤᠯᠤᠨ ᠳᠡᠭᠡᠭᠰᠢᠯᠡᠭᠦᠯᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠣᠷᠴᠢᠨ  ᠨᠦᠭᠦᠴᠡᠯ ᠢᠶᠠᠨ ᠰᠢᠯᠢᠳᠡᠭᠵᠢᠭᠦᠯᠵᠦ᠂ ᠬᠥᠭᠵᠢᠯᠲᠡ ᠶᠢ ᠠᠬᠢᠭᠤᠯᠬᠤ ᠬᠡᠷᠡᠭᠲᠡᠶ᠃ ᠣᠯᠠᠨ ᠢᠶᠠᠷ ᠢᠶᠠᠨ ᠡᠨᠡ ᠤᠳᠠᠭᠠᠨ ᠤ ᠣᠯᠳᠠᠬᠤᠶ᠎ᠠ ᠪᠡᠷᠬᠡ ᠰᠤᠷᠤᠯᠴᠠᠬᠤ ᠠᠵᠠ ᠲᠣᠬᠢᠶᠠᠯ ᠢ ᠰᠠᠶᠢᠲᠤᠷ ᠨᠠᠨᠳᠢᠩᠨᠠᠵᠤ᠂ ᠰᠤᠷᠤᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠤᠬᠠᠮᠰᠠᠷᠲᠤ ᠴᠢᠨᠠᠷ ᠢᠶᠠᠨ ᠦᠨᠡᠨ ᠬᠦ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠰᠤᠷᠤᠯᠴᠠᠵᠤ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠵᠤ᠂ ᠨᠡᠶᠢᠲᠡᠯᠢᠭ ᠵᠢᠱᠢᠶ᠎ᠡ ᠶᠢ ᠰᠤᠷᠤᠯᠴᠠᠬᠤ ᠶᠢᠨ ᠬᠠᠮᠲᠤ ᠰᠤᠷᠤᠯᠴᠠᠯᠭ᠎ᠠ ᠶᠢ ᠠᠤᠬᠠᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠦᠴᠦᠨ ᠴᠢᠳᠠᠯ ᠪᠠ ᠪᠣᠳᠠᠲᠠᠶ ᠠᠵᠢᠯᠯᠠᠭ᠎ᠠ ᠪᠣᠯᠭᠠᠨ ᠬᠤᠪᠢᠷᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠦᠴᠦᠯᠡᠨ ᠴᠢᠷᠮᠠᠶᠢᠵᠤ᠂ ᠬᠠᠷᠢᠭᠤᠴᠠᠯᠭ᠎ᠠ ᠡᠭᠦᠷᠭᠡᠯᠡᠨ ᠴᠢᠳᠠᠮᠠᠭᠠᠶ ᠪᠠᠷ ᠠᠵᠢᠯᠯᠠᠵᠤ᠂ ᠠᠤᠬᠠᠨ ᠤ ᠲᠡᠷᠢᠭᠦᠨ ᠤ  ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠶ᠃    ᠪᠣᠯᠪᠠᠰᠤᠷᠠᠯ ᠠᠴᠠ ᠡᠮᠦᠨ᠎ᠡ᠂ ᠪᠣᠯᠪᠠᠰᠤᠷᠠᠯ ᠳᠤ ᠣᠷᠣᠯᠴᠠᠭᠰᠠᠳ ︽ᠭᠡᠮᠰᠢᠬᠦ ᠪᠠ ᠰᠡᠷᠡᠮᠵᠢᠯᠡᠭᠦᠯᠬᠦ︾  ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃    ᠪᠤᠯᠪᠠᠰᠤᠷᠠᠯ ᠳᠤ ᠬᠤᠲᠠ ᠶᠢᠨ 12345 ᠬᠠᠯᠠᠮᠰᠢᠯ ᠤᠲᠠᠰᠤ ᠶᠢᠨ ᠠᠵᠢᠯ ᠤᠨ ᠥᠷᠲᠡᠭᠡᠨ ᠤ ᠸᠠᠩ ᠨᠠ ᠨᠥᠬᠦᠷ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠪᠠᠶᠢᠭᠤᠯᠬᠤ ᠬᠤᠷᠠᠯ ᠤᠨ ᠭᠡᠰᠢᠭᠦᠨ᠂ ᠰᠦᠩᠱᠠᠨ ᠤ ᠶᠡᠷᠦᠩᠬᠡᠶ ᠡᠭᠦᠷ ᠤᠨ ᠨᠠᠷᠢᠨ ᠪᠢᠴᠢᠭ ᠤᠨ ᠳᠠᠷᠤᠭ᠎ᠠ ᠤᠯᠠᠭᠠᠨ ᠫᠷᠤᠹᠧᠰᠰᠤᠷ ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠮᠡᠳᠡᠭᠡ ᠵᠠᠩᠭᠢ ᠴᠢᠮᠡᠭᠡ ᠬᠤᠯᠪᠣᠭᠠᠨ ᠤ ᠠᠵᠤ ᠠᠬᠤᠶ ᠶᠢᠨ ᠲᠤᠰᠬᠠᠶ ᠮᠡᠷᠭᠡᠵᠢᠯᠲᠡᠨ ᠤ ᠵᠥᠪᠯᠡᠯ ᠤᠨ ᠭᠡᠰᠢᠭᠦᠨ ᠺᠧ ᠽᠦᠨ ᠫᠢᠩ ᠫᠷᠤᠹᠧᠰᠰᠤᠷ  ᠢ ᠤᠷᠢᠵᠤ ᠲᠣᠰ ᠲᠣᠰ ︽12345 ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠭᠦᠢᠴᠡᠳᠭᠡᠬᠦ ᠶᠠᠪᠤᠴᠠ ᠵᠢᠴᠢ ᠱᠠᠭᠠᠷᠳᠠᠯᠭ᠎ᠠ︾᠂ ︽ᠰᠣᠶᠣᠯ ᠤᠨ ᠢᠲᠡᠭᠡᠯ ᠢ ᠪᠠᠷᠢᠮᠲᠠᠯᠠᠵᠤ᠂ ᠡᠶ᠎ᠡ ᠵᠣᠬᠢᠴᠠᠯ ᠲᠠᠢ ᠤᠯᠤᠰ ᠲᠥᠷᠥ ᠪᠠ ᠬᠤᠳᠠᠯᠳᠤᠭᠠᠨ ᠤ ᠬᠠᠷᠢᠴᠠᠭ᠎ᠠ ᠶᠢ ᠠᠬᠢᠭᠤᠯᠵᠤ᠂ ᠠᠤᠬᠠᠨ ᠬᠤᠰᠢᠭᠤᠨ ᠤ  ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ︾ ︽  ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ︾ ᠭᠤᠤᠯ ᠰᠡᠳᠦᠪᠲᠦ  ᠪᠣᠯᠪᠠᠰᠤᠷᠠᠯ ᠢ ᠥᠷᠨᠢᠭᠦᠯᠪᠡ᠃ ᠭᠤᠷᠪᠠᠨ ᠪᠠᠭᠰᠢ ᠭᠦᠨᠵᠡᠭᠡᠶ ᠪᠥᠭᠡᠳ ᠣᠶᠢᠯᠠᠭᠠᠮᠵᠢᠲᠠᠶ ᠬᠢᠴᠢᠶᠡᠯᠯᠡᠬᠦ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠳᠣᠬᠠᠨ ᠤ ᠳᠡᠯᠡᠬᠡᠶ ᠳᠡᠭᠡᠷᠡᠬᠢ  ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢ ᠵᠠᠳᠠᠯᠤᠭᠰᠠᠨ ᠮᠥᠷᠲᠡᠭᠡᠨ ᠪᠠᠰᠠ ᠮᠠᠨ ᠤ ᠬᠤᠰᠢᠭᠤᠨ ᠤ ᠠᠷᠠᠯᠵᠢᠶ᠎ᠠ ᠡᠵᠡᠩᠨᠡᠬᠦ ᠣᠷᠴᠢᠨ  ᠨᠦᠭᠦᠴᠡᠯ ᠢ ᠰᠢᠯᠢᠳᠡᠭᠵᠢᠭᠦᠯᠬᠦ ᠪᠠ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠳᠤ ᠪᠦᠲᠦᠮᠵᠢᠲᠡᠶ ᠰᠠᠨᠠᠭᠤᠯᠭ᠎ᠠ ᠳᠤᠷᠠᠳᠴᠤ᠂ ᠬᠠᠷᠠᠭ᠎ᠠ ᠪᠠᠨ ᠤᠯᠠᠮ ᠨᠢᠭᠡ ᠠᠯᠬᠤᠮ ᠥᠷᠭᠡᠳᠬᠡᠨ᠂ ᠰᠡᠳᠬᠢᠴᠡ ᠪᠠᠨ ᠥᠷᠭᠡᠳᠬᠡᠵᠦ᠂ ᠣᠯᠠᠨ ᠤ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠶᠢ ᠬᠥᠭᠵᠢᠭᠡᠪᠡ᠃    ᠡᠭᠦᠨ ᠠᠴᠠ ᠭᠠᠳᠠᠨ᠎ᠠ᠂ ᠲᠣᠰ ᠤᠳᠠᠭᠠᠨ ᠤ ᠪᠣᠯᠪᠠᠰᠤᠷᠠᠯ ᠳᠤ ᠪᠠᠰᠠ ︽︿ᠭᠤᠷᠪᠠᠨ ᠣᠳᠣᠬᠢᠴᠢᠯᠠᠯᠲᠠ﹀ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠪᠠᠶᠢᠷᠢᠰᠢᠯ ᠢ ᠪᠣᠶ ᠪᠣᠯᠭᠠᠬᠤ︾ ︽ᠲᠡᠷᠢᠭᠦᠨ ᠤ ᠠᠵᠢᠯ ᠤᠨ ᠰᠡᠳᠬᠢᠴᠡ ᠶᠢᠨ ᠪᠠᠶᠢᠳᠠᠯ ᠢ ᠳᠠᠪᠲᠠᠨ ᠪᠣᠯᠪᠠᠰᠤᠷᠠᠭᠤᠯᠵᠤ ᠲᠡᠷᠢᠭᠦᠨ ᠤ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ︾ ᠵᠡᠷᠭᠡ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠲᠠᠶᠢᠯᠤᠮᠵᠢ ᠬᠢᠪᠠ᠃ ᠡᠭᠦᠨ ᠤ ᠵᠣᠷᠢᠯᠭ᠎ᠠ ᠨᠢ ᠪᠣᠯᠪᠠᠰᠤᠷᠠᠯ ᠳᠤ ᠣᠷᠣᠯᠴᠠᠭᠰᠠᠳ ᠲᠤ ᠣᠨᠣᠯ ᠪᠠ ᠲᠤᠰᠬᠠᠶ ᠮᠡᠷᠭᠡᠵᠢᠯ ᠤᠨ ᠮᠡᠳᠡᠯᠭᠡ ᠶᠢ ᠤᠯᠠᠮ ᠨᠢᠭᠡ ᠠᠯᠬᠤᠮ ᠡᠵᠡᠮᠰᠢᠭᠦᠯᠵᠦ᠂ ᠠᠵᠢᠯ ᠤᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠵᠤ᠂ ᠣᠨᠣᠯ ᠤᠨ ᠪᠣᠯᠪᠠᠰᠤᠷᠠᠯ ᠢᠶᠠᠨ ᠨᠡᠮᠡᠭᠳᠡᠭᠦᠯᠦᠨ᠂ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠠ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ ᠶᠤᠮ᠃    ᠪᠣᠯᠪᠠᠰᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠣᠯᠪᠠᠰᠤᠷᠠᠯ ᠳᠤ ᠲᠡᠳᠡᠨ ᠮᠠᠰᠢ ᠶᠡᠭᠡ ᠣᠯᠤᠯᠲᠠ ᠲᠠᠢ ᠪᠠᠶᠢᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠡᠭᠦᠷᠭᠡ ᠬᠠᠷᠢᠭᠤᠴᠠᠯᠭ᠎ᠠ ᠪᠠᠨ ᠬᠥᠰᠡᠷᠳᠡᠭᠦᠯᠬᠦ ᠥᠬᠡᠶ᠂ ᠰᠢᠨ᠎ᠡ ᠣᠶᠢᠯᠠᠭᠠᠭᠳᠠᠬᠤᠨ ᠢ ᠠᠵᠢᠯ ᠤᠨ ᠪᠠᠶᠢᠷᠢ ᠳᠠᠭᠠᠨ ᠠᠪᠴᠢᠷᠠᠵᠤ᠂ ᠰᠠᠶᠢᠨ ᠲᠤᠷᠰᠢᠯᠭ᠎ᠠ ᠶᠢ ᠪᠣᠳᠠᠲᠠᠶ ᠠᠵᠢᠯ ᠤᠨ ᠦᠢᠯᠡᠳᠦᠯᠭᠡ ᠳᠤᠮᠳᠠ ᠬᠤᠪᠢᠷᠠᠭᠤᠯᠵᠤ᠂ ᠠᠤᠬᠠᠨ ᠤ  ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠎ᠡ ᠭᠡᠵᠡᠶ᠃
C:\Users\Administrator\Desktop\11.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号