ᠠᠤᠬᠠᠨ ᠬᠤᠰᠢᠭᠤᠨ ᠤ ᠡᠯ᠎ᠡ ᠰᠢᠶᠠᠩ ᠪᠠᠯᠭᠠᠰᠤᠨ ᠤ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠰᠧ ᠳ᠋ᠤᠤ ᠸᠠᠨ ᠽᠢ ᠪᠠᠯᠭᠠᠰᠤᠨ ᠳᠤ ᠬᠦᠷᠴᠦ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠠᠵᠢᠯ ᠢ ᠲᠣᠭᠤᠷᠢᠨ ᠦᠵᠡᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/12/27
     12 ᠰᠠᠷ᠎ᠠ ᠶᠢᠨ 26 ᠤ ᠡᠳᠦᠷ᠂ ᠠᠤᠬᠠᠨ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠠᠩ ᠬᠠᠶ ᠯᠦᠩ᠂ ᠤᠯᠤᠰ ᠲᠥᠷᠥ ᠶᠢᠨ ᠭᠡᠰᠢᠭᠦᠨ ᠵᠢᠶᠠᠩ ᠺᠦᠨ ᠱᠠᠨ ᠡᠯ᠎ᠡ ᠦᠨᠳᠦᠰᠦᠨ ᠱᠠᠲᠤᠨ ᠤ ᠲᠤᠰᠬᠠᠶ ᠮᠡᠷᠭᠡᠵᠢᠯ ᠤᠨ ᠵᠡᠪᠰᠡᠭᠲᠦ ᠬᠦᠴᠦᠨ ᠤ ᠺᠠᠳ᠋ᠷ 40 ᠭᠠᠷᠤᠶ  ᠬᠥᠮᠦᠰ ᠢ ᠳᠠᠭᠠᠭᠤᠯᠤᠨ ᠰᠧ ᠳ᠋ᠤᠤ ᠸᠠᠨ ᠽᠢ ᠪᠠᠯᠭᠠᠰᠤᠨ ᠳᠤ ᠬᠦᠷᠴᠦ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠵᠢᠩᠬᠢᠨᠢᠴᠢᠯᠡᠬᠦ ᠪᠠᠶᠢᠭᠤᠯᠤᠯᠲᠠ ᠶᠢᠨ ᠠᠵᠢᠯ ᠢ ᠲᠣᠭᠤᠷᠢᠨ ᠦᠵᠡᠵᠦ ᠵᠢᠭᠠᠨ ᠵᠢᠯᠣᠭᠤᠳᠴᠤ᠂ ᠰᠧ ᠳ᠋ᠤᠤ  ᠸᠠᠨ ᠽᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠷ᠎ᠠ ᠪᠣᠯᠪᠠ᠃    ᠲᠤᠬᠠᠶ ᠶᠢᠨ ᠡᠳᠦᠷ᠂ ᠪᠥᠬᠦ ᠬᠤᠰᠢᠭᠤᠨ ᠤ ᠡᠯ᠎ᠡ ᠦᠨᠳᠦᠰᠦᠨ ᠱᠠᠲᠤᠨ ᠤ ᠲᠤᠰᠬᠠᠶ ᠵᠡᠪᠰᠡᠭᠲᠦ ᠬᠦᠴᠦᠨ ᠤ ᠺᠠᠳ᠋ᠷ ᠮᠠᠨ ᠤ ᠪᠠᠯᠭᠠᠰᠤᠨ ᠤ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ︽ᠭᠤᠷᠪᠠᠨ ᠲᠠᠰᠤᠭ ᠨᠢᠭᠡ ᠬᠥᠮᠥᠷᠭᠡ︾ ᠶᠢᠨ ᠵᠢᠭᠰᠠᠭᠠᠯ ᠤᠨ ᠭᠠᠵᠠᠷ ᠤᠨ ᠪᠥᠲᠥᠭᠡᠨ ᠪᠠᠶᠢᠭᠤᠯᠤᠯᠲᠠ᠂ ᠪᠥᠲᠥᠭᠡᠨ ᠪᠠᠶᠢᠭᠤᠯᠤᠯᠲᠠ ᠶᠢᠨ ᠪᠠᠶᠢᠳᠠᠯ᠂ ᠮᠠᠲ᠋ᠧᠷᠢᠶᠠᠯ ᠤᠨ ᠲᠠᠰᠤᠭ ᠤᠨ ᠡᠬᠡ ᠲᠠᠩᠰᠠ ᠡᠪᠬᠡᠮᠡᠯ ᠳᠤ ᠣᠷᠣᠭᠤᠯᠬᠤ ᠬᠠᠮᠢᠶᠠᠷᠤᠯᠲᠠ ᠵᠢᠴᠢ ᠡᠷᠦᠬᠡ ᠶᠢᠨ ᠴᠡᠷᠢᠭ ᠤᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ᠂ 2024 ᠣᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠤᠬᠠᠭᠤᠯᠭ᠎ᠠ ᠶᠢ ᠥᠷᠨᠢᠭᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠡᠯ᠎ᠡ ᠲᠤᠰᠬᠠᠶ ᠮᠡᠷᠭᠡᠵᠢᠯ ᠤᠨ ᠺᠠᠳ᠋ᠷ ᠶᠠᠪᠤᠬᠤ ᠶᠢᠨ ᠳᠠᠭᠠᠤ ᠦᠵᠡᠵᠦ ᠂ ᠦᠵᠡᠬᠦ ᠶᠢᠨ ᠳᠠᠭᠠᠤ ᠰᠣᠨᠣᠰᠴᠤ᠂ ᠡᠯ᠎ᠡ ᠲᠥᠷᠥᠯ ᠤᠨ ᠵᠥᠭᠡᠯᠡᠨ ᠲᠣᠨᠤᠭ ᠤᠨ ᠮᠠᠲ᠋ᠧᠷᠢᠶᠠᠯ ᠢ ᠨᠠᠷᠢᠨ ᠬᠢᠨᠠᠮᠠᠭᠠᠶ ᠤᠷᠪᠠᠭᠤᠯᠤᠨ ᠦᠵᠡᠵᠦ᠂ ᠬᠠᠲᠠᠭᠤ ᠲᠣᠨᠤᠭ ᠤᠨ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠪᠠᠶᠢᠴᠠᠭᠠᠨ ᠦᠵᠡᠵᠦ᠂ ᠰᠠᠶᠢᠨ ᠠᠷᠭ᠎ᠠ ᠶᠢ ᠰᠣᠯᠢᠯᠴᠠᠨ ᠶᠠᠷᠢᠯᠴᠠᠪᠠ᠃    ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠣᠯᠤᠨ ᠡᠯ᠎ᠡ ᠦᠨᠳᠦᠰᠦᠨ ᠱᠠᠲᠤᠨ ᠤ ᠲᠤᠰᠬᠠᠶ ᠵᠡᠪᠰᠡᠭᠲᠦ ᠬᠦᠴᠦᠨ ᠤ ᠺᠠᠳ᠋ᠷ ᠮᠠᠨ ᠤ ᠪᠠᠯᠭᠠᠰᠤᠨ ᠤ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠪᠠᠶᠢᠭᠤᠯᠤᠮᠵᠢ ᠶᠢᠨ ᠵᠢᠩᠬᠢᠨᠢᠴᠢᠯᠡᠬᠦ ᠪᠠᠶᠢᠭᠤᠯᠤᠯᠲᠠ᠂ ᠲᠦᠷᠢᠮ ᠢ ᠪᠠᠶᠢᠩᠭᠤᠵᠢᠭᠤᠯᠤᠨ ᠪᠠᠶᠢᠭᠤᠯᠬᠤ ᠵᠡᠷᠭᠡ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠪᠡ᠃ ᠲᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠲᠣᠰ ᠤᠳᠠᠭᠠᠨ ᠤ ᠲᠣᠭᠤᠷᠢᠨ ᠦᠵᠡᠵᠦ ᠵᠢᠯᠣᠭᠤᠳᠬᠤ ᠪᠠᠷ ᠠᠵᠠ ᠲᠣᠬᠢᠶᠠᠯ ᠪᠣᠯᠭᠠᠵᠤ᠂ ᠰᠠᠨᠠᠯ ᠰᠣᠨᠣᠰᠴᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠠᠵᠢᠯ ᠢ ᠰᠠᠶᠢᠲᠤᠷ ᠠᠳᠬᠤᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠠᠵᠢᠯ ᠤᠨ ᠲᠤᠷᠰᠢᠯᠭ᠎ᠠ ᠶᠢ ᠨᠡᠮᠡᠭᠳᠡᠭᠦᠯᠵᠦ᠂ ᠮᠠᠨ ᠤ ᠪᠠᠯᠭᠠᠰᠤᠨ ᠤ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠵᠢᠷᠤᠮᠵᠢᠭᠰᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠲᠤᠰᠬᠠᠶ ᠴᠡᠷᠢᠭ ᠤᠨ ᠰᠢᠰᠲ᠋ᠧᠮ ᠤᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠪᠣᠶ ᠪᠣᠯᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号