ᠠᠤᠬᠠᠨ ᠬᠤᠰᠢᠭᠤᠨ ᠤ ᠳᠥᠷᠪᠡᠨ ᠵᠦᠢᠯ ᠤᠨ ᠪᠠᠷᠢᠯᠭ᠎ᠠ 2023 ᠣᠨ ᠤ ᠤᠯᠠᠭᠠᠨᠬᠠᠳᠠ ᠬᠤᠲᠠ ᠶᠢᠨ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2023/12/27
    ᠣᠶᠢᠷ᠎ᠠ ᠳᠤ᠂ ᠤᠯᠠᠭᠠᠨᠬᠠᠳᠠ ᠬᠤᠲᠠ ᠶᠢᠨ ᠪᠠᠷᠢᠯᠭ᠎ᠠ ᠶᠢᠨ ᠦᠢᠯᠡᠰ ᠤᠨ ᠨᠡᠶᠢᠭᠡᠮᠯᠢᠭ ᠠᠴᠠ ︽2023 ᠣᠨ ᠤ ᠤᠯᠠᠭᠠᠨᠬᠠᠳᠠ ᠬᠤᠲᠠ ᠶᠢᠨ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠤᠨ ᠱᠠᠩᠨᠠᠯ ᠭᠥᠷᠳᠡᠭᠰᠡᠨ ᠨᠡᠷᠡᠰ ᠢ ᠨᠡᠶᠢᠲᠡᠯᠡᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠠᠤᠬᠠᠨ ᠬᠤᠰᠢᠭᠤᠨ ᠤ ᠴᠠᠩ ᠱᠧᠩ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ᠂ ᠠᠤᠬᠠᠨ ᠬᠤᠰᠢᠭᠤᠨ ᠤ ᠰᠢᠨ ᠾᠦᠢ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠠᠤᠬᠠᠨ ᠬᠤᠰᠢᠭᠤᠨ ᠤ ᠰᠢᠨ ᠾᠦᠢ ᠬᠤᠲᠠ ᠲᠣᠭᠤᠷᠢᠭ ᠤᠨ ᠨᠠᠰᠤᠲᠠᠨ ᠢ ᠠᠰᠠᠷᠠᠬᠤ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ︵EPC︶ ᠤᠨ ᠶᠡᠷᠦᠩᠬᠡᠶ ᠳᠠᠭᠠᠭᠠᠴᠢᠯᠠᠯᠲᠠ ᠶᠢᠨ ᠲᠥᠷᠥᠯ ᠵᠦᠢᠯ᠂ ᠠᠤᠬᠠᠨ ᠬᠤᠰᠢᠭᠤᠨ ᠤ ᠰᠢᠨ ᠾᠦᠢ ᠳᠤᠮᠳᠠᠳᠤ ᠰᠤᠷᠭᠠᠭᠤᠯᠢ ᠶᠢᠨ ᠬᠤᠭᠤᠯᠠᠨ ᠬᠡᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ 4 ᠵᠦᠢᠯ ᠤᠨ  ᠪᠠᠷᠢᠯᠭ᠎ᠠ ᠰᠣᠩᠭᠤᠭᠳᠠᠪᠠ᠃ ᠠᠤᠬᠠᠨ ᠬᠤᠰᠢᠭᠤᠨ ᠤ ᠪᠠᠷᠢᠯᠭ᠎ᠠ ᠶᠢᠨ ᠠᠵᠢᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠬᠦᠴᠦᠲᠡᠶ ᠠᠬᠢᠭᠤᠯᠵᠤ᠂ ᠬᠤᠰᠢᠭᠤᠨ ᠳᠣᠲᠣᠷᠠᠬᠢ ᠡᠯ᠎ᠡ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠵᠢᠴᠢ ᠪᠠᠷᠢᠯᠭ᠎ᠠ ᠶᠢᠨ ᠠᠵᠢᠯ ᠤᠨ ᠲᠥᠷᠥᠯ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号