2023 ᠣᠨ ᠳᠤ ᠠᠤᠬᠠᠨ ᠬᠤᠰᠢᠭᠤᠨ ᠤ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠵᠤ ᠭᠤᠶᠤᠴᠢᠯᠠᠨ ᠮᠡᠳᠡᠭᠦᠯᠬᠦ ᠬᠥᠮᠥᠰ ᠤᠨ ᠨᠡᠷᠡᠰ ᠤᠨ ᠪᠦᠷᠢᠳᠬᠡᠯ ᠢ ᠵᠠᠷᠯᠠᠨ ᠨᠡᠶᠢᠲᠡᠯᠡᠬᠦ
ᠨᠡᠶᠢᠲᠡᠯᠡᠭᠰᠡᠨ ᠴᠠᠭ᠄
2023/12/27
        ᠤᠯᠠᠭᠠᠨᠬᠠᠳᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ︽2023 ᠣᠨ ᠤ ᠪᠥᠬᠦ ᠬᠤᠲᠠ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠤᠯᠠᠭᠠᠨᠬᠠᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇2020﹈ 73 ᠳ᠋ᠤᠭᠠᠷ ᠲᠣᠭᠠᠲᠤ︶ ᠪᠠ ︽ᠡᠷᠡᠭᠦᠯ ᠬᠠᠮᠠᠭᠠᠯᠠᠯ ᠤᠨ ᠰᠢᠷᠢᠰ ᠲᠤᠰᠬᠠᠶ ᠮᠡᠷᠭᠡᠵᠢᠯ ᠤᠨ ᠠᠵᠢᠯᠲᠠᠨ ᠤ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠵᠤ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠮᠡᠳᠡᠭᠳᠡᠯ︾ ︵ᠥᠪᠥᠷ ᠬᠠᠮᠠᠭᠠᠯᠠᠯ ᠬᠥᠮᠦᠨ ᠥᠰᠥᠭ ﹇2020﹈ 447 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠠᠤᠬᠠᠨ ᠬᠤᠰᠢᠭᠤᠨ ᠤ 2023 ᠣᠨ ᠤ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠰᠢᠷᠢᠰ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠵᠤ ᠭᠤᠶᠤᠴᠢᠯᠠᠨ ᠮᠡᠳᠡᠭᠦᠯᠬᠦ ᠠᠵᠢᠯ ᠨᠢᠭᠡᠨᠲᠡ ᠳᠠᠭᠤᠰᠪᠠ᠃    ᠡᠷᠬᠡ ᠲᠡᠭᠰᠢ᠂ ᠲᠥᠪ ᠭᠤᠤᠯᠴᠢ᠂ ᠢᠯᠡ ᠪᠣᠯᠭᠠᠬᠤ ᠵᠠᠷᠴᠢᠮ ᠢ ᠢᠯᠡᠷᠡᠭᠦᠯᠬᠦ ᠶᠢᠨ ᠲᠥᠯᠥᠭᠡ᠂ ᠣᠲᠣ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 2023 ᠣᠨ ᠤ 12 ᠰᠠᠷ᠎ᠠ ᠶᠢᠨ 28 ᠤ ᠡᠳᠦᠷ ᠠᠴᠠ 2024 ᠣᠨ ᠤ 01 ᠰᠠᠷ᠎ᠠ ᠶᠢᠨ 04 ᠡᠳᠦᠷ ᠪᠣᠯᠲᠠᠯ᠎ᠠ ᠶᠠᠪᠤᠭᠳᠠᠨ᠎ᠠ᠃    ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠭᠤᠶᠤᠴᠢᠯᠠᠨ ᠮᠡᠳᠡᠭᠦᠯᠦᠭᠰᠡᠨ ᠬᠢᠨᠠᠨ ᠲᠣᠭᠲᠠᠭᠠᠬᠤ ᠠᠵᠢᠯᠲᠠᠨ ᠳᠤ ᠮᠠᠳᠠᠭ ᠲᠠᠢ ᠪᠠᠶᠢᠪᠠᠯ᠂ ᠵᠠᠬᠢᠳᠠᠯ ᠢᠷᠡᠭᠦᠯᠬᠦ᠂ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠠᠰᠠᠭᠤᠳᠠᠯ ᠢ ᠲᠤᠰᠬᠠᠵᠤ᠂ ᠭᠥᠯᠢᠶᠡᠨ ᠠᠪᠴᠤ ᠰᠢᠢᠳᠪᠦᠷᠢᠯᠡᠬᠦ ᠴᠠᠭ ᠢᠶᠠᠷ ᠠᠵᠢᠯᠯᠠᠬᠤ ᠡᠳᠦᠷ ᠤᠨ ᠦᠳᠡ ᠶᠢᠨ ᠡᠮᠦᠨ᠎ᠡ 8᠄ 30 - 12᠄ 00᠂ ᠦᠳᠡ ᠶᠢᠨ ᠬᠤᠶᠢᠨᠠᠬᠢ 2᠄ 30 - 5᠄ 30 ᠳᠠᠭᠠᠯᠳᠤᠭᠤᠯᠤᠭᠰᠠᠨ ᠮᠠᠲ᠋ᠧᠷᠢᠶᠠᠯ ᠢ ᠲᠤᠰᠬᠠᠵᠤ᠂ ᠦᠨᠡᠨ ᠪᠣᠳᠠᠲᠠᠶ ᠣᠪᠣᠭ ᠨᠡᠷ᠎ᠡ᠂ ᠬᠠᠷᠢᠯᠴᠠᠬᠤ ᠤᠲᠠᠰᠤ᠂ ᠲᠠᠷᠠᠭᠠᠴᠢ ᠶᠢᠨ ᠠᠯᠬᠤᠮ ᠳᠤ ᠬᠢᠨᠠᠨ ᠬᠠᠷᠭᠤᠭᠤᠯᠬᠤ ᠪᠠ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠳᠥᠭᠦᠮ ᠦᠵᠡᠭᠦᠯᠦᠨ᠎ᠡ᠃ ᠢᠯᠡ ᠨᠡᠶᠢᠲᠡᠯᠡᠭᠰᠡᠨ ᠮᠡᠳᠡᠭᠡ ᠵᠠᠩᠭᠢ ᠨᠢ ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠤᠰᠬᠠᠶ ᠮᠡᠷᠭᠡᠵᠢᠯ ᠤᠨ ᠰᠲ᠋ᠣᠺ ᠲᠠᠢ ᠬᠠᠷᠢᠯᠴᠠᠵᠤ ᠵᠠᠰᠠᠪᠤᠷᠢ ᠣᠷᠣᠭᠤᠯᠵᠠᠶ᠃    ᠬᠠᠷᠢᠯᠴᠠᠬᠤ ᠤᠲᠠᠰᠤ᠄ 4321173          4321690    ᠳᠠᠭᠠᠯᠳᠤᠭᠤᠯᠤᠯ᠄ 2023 ᠣᠨ  ᠤ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠰᠢᠷᠢᠰ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ ᠠᠵᠢᠯᠲᠠᠨ ᠤ ᠨᠡᠷᠡᠰ ᠤᠨ ᠳᠡᠪᠲᠡᠷ    ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ    2023 ᠣᠨ ᠤ 12 ᠰᠠᠷ᠎ᠠ ᠶᠢᠨ 27 ᠤ ᠡᠳᠦᠷ    ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ  ᠤᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ ︕
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号